ᠦᠪᠦᠷ ᠮᠤᠡᠭᠭᠤᠯ ᠦᠢᠯᠡᠳᠪᠦᠷᠢᠯᠡᠯ ᠪᠤᠷᠤᠯᠠᠭᠤᠯᠭ᠎ᠠ ᠵᠢ ᠨᠢᠭᠡ ᠴᠤᠭᠴᠠᠵᠢᠭᠤᠯᠤᠭᠰᠠᠨ ᠲᠤᠰᠬᠠᠢ ᠬᠤᠷᠰᠢᠶ᠎ᠠ ᠵᠢ 2.8 ᠲᠦᠮᠡ ᠪᠤᠢᠵᠢᠭᠤᠯᠪᠠ
2025-10-23 10:20:44
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠡᠴᠡ ᠤᠢᠯᠠᠭᠠᠭᠰᠠᠨ ᠵᠢᠡᠷ᠂ ᠮᠠᠨ ᠤ᠋ ᠤᠷᠤᠨ ᠪᠥᠬᠥ᠌ ᠤᠯᠤᠰ ᠤ᠋ᠨ ᠮᠠᠯ ᠠᠵᠤ ᠠᠬᠤᠶ᠎ᠲᠠᠷᠢᠶᠠᠯᠠᠡᠭ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠤᠷᠢᠳ ᠵᠢᠡᠷ ᠬᠡᠷᠡᠭ᠌ᠵᠢᠭᠦᠯᠵᠦ ᠵᠢᠱ᠌ᠢᠶ᠎ᠡ ᠦᠵᠡᠭᠦᠯᠬᠦ᠌ ᠣᠷᠣᠨ ᠢ᠋ ᠪᠦᠳᠦᠬᠡᠨ ᠪᠠᠢᠭᠤᠯᠬᠤ ᠬᠠᠷᠠᠯᠲᠠ ᠵᠢ ᠲᠤᠭᠲᠠᠭᠠᠵᠤ᠂ ᠨᠡᠢᠭᠡᠮᠴᠢᠯᠡᠭ᠌ᠰᠡᠨ ᠦᠶ᠋ᠯᠡᠴᠢᠯᠡᠭᠡ ᠵᠢ ᠮᠠᠯ ᠠᠵᠤ ᠠᠬᠤᠶ ᠲᠠᠷᠢᠶᠠᠯᠠᠡᠭ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠭᠦᠯᠬᠦ᠌ ᠬᠦᠴᠦᠲᠦ ᠵᠢᠬᠦᠷ ᠪᠣᠯᠭᠠᠨ᠂ 《ᠳᠥᠭᠥᠮ ᠳᠥᠲᠡ ᠥᠨᠳᠥᠷ ᠪᠦᠲᠦᠮᠵᠢᠲᠡᠶ᠂ ᠮᠠᠯ ᠠᠵᠤ ᠠᠬᠤᠶ᠎ᠲᠠᠷᠢᠶᠠᠯᠠᠡᠭ ᠤ᠋ᠨ ᠦᠶ᠋ᠯᠡᠳᠪᠦᠷᠢᠯᠡᠯ ᠤ᠋ᠨ ᠪᠥᠬᠥ᠌ ᠭᠣᠭ᠍ᠴᠣᠭ᠎ᠠ ᠪᠥᠬᠥ᠌ ᠬᠡᠯᠬᠢᠶ᠎ᠡ ᠵᠢ ᠬᠠᠮᠤᠷᠤᠭ᠍ᠰᠠᠨ》 ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠱᠢᠰᠲ᠋ᠧᠮ ᠢ᠋ ᠲᠦᠷᠭᠡᠳᠭᠡᠨ ᠪᠦᠷᠢᠨᠱᠢᠭᠦᠯᠵᠤ ᠪᠠᠢᠨ᠎ᠠ᠃

10 ᠰᠠᠷ᠎ᠡ ᠶ᠋ᠢᠨ 13 ᠤ᠋ ᠡᠳᠦᠷ᠂ ᠲᠦᠡᠭᠯᠢᠶᠤᠤ ᠬᠤᠲᠠ ᠶ᠋ᠢᠨ ᠺᠠᠢᠯᠦ ᠰᠢᠶᠠᠨ ᠤ᠋ ᠰᠢᠶᠤᠤ ᠵᠢᠶᠸ ᠵᠢᠢ ᠪᠠᠯᠭᠠᠰᠤ ᠵᠢᠨ ᠬᠤᠢᠲᠤ ᠭᠤᠸᠠᠨ ᠶᠢᠨ ᠬᠤᠤ ᠲᠤᠰᠬᠤᠨ ᠤ᠋ ᠲᠠᠷᠢᠶᠠᠴᠢᠨ ᠸᠠᠡᠭ ᠪᠤᠤ ᠰᠢᠶᠠᠡᠭ ᠤ᠋ᠨ 3000 ᠮᠦ᠍ ᠭᠠᠷᠤᠢ ᠡᠷᠳᠡᠨᠢ ᠰᠢᠰᠢ ᠶ᠋ᠢᠨ ᠲᠠᠷᠢᠶᠠᠨ ᠳ᠋ᠦ ᠬᠠᠳᠤᠵᠤ ᠬᠤᠷᠢᠶᠠᠵᠤ ᠮᠦᠯᠢᠬᠦ ᠵᠢ ᠨᠢᠭᠡ ᠴᠤᠭᠴᠠᠵᠢᠭᠤᠯᠤᠭᠰᠠᠨ ᠲᠤᠮᠤ ᠬᠡᠯᠪᠡᠷᠢ ᠶ᠋ᠢᠨ ᠲᠠᠷᠢᠶᠠᠯᠠᠡᠭ ᠤ᠋ᠨ ᠮᠠᠰᠢᠨ ᠨᠠᠭᠠᠰᠢ ᠴᠠᠭᠠᠰᠢ ᠰᠦᠯᠵᠢᠯᠳᠦᠨ ᠨᠠᠮᠤᠷ ᠤ᠋ᠨ ᠬᠤᠷᠢᠶᠠᠯᠲᠠ ᠳ᠋ᠦ ᠶᠠᠭᠠᠷᠠᠯᠳᠤᠨ᠎ᠠ᠃ ᠡᠨᠡ ᠵᠢᠯ ᠲᠠᠷᠢᠶᠠᠴᠢᠨ ᠸᠠᠡᠭ ᠪᠤᠤ ᠰᠢᠶᠠᠡᠭ ᠪᠤᠰᠤᠳ ᠡᠴᠡ ᠳᠠᠭᠠᠭᠠᠴᠢᠯᠠᠭᠰᠠᠨ 3000 ᠮᠦ᠍ ᠭᠠᠷᠤᠢ ᠲᠠᠷᠢᠶᠠᠨ ᠭᠠᠵᠠᠷ ᠵᠢᠡᠨ ᠪᠦᠬᠦᠨ ᠢ᠋ ᠺᠠᠢ ᠶᠤᠸᠠᠨ ᠲᠠᠷᠢᠶᠠᠯᠠᠡᠭ ᠤ᠋ᠨ ᠶᠠᠪᠤᠳᠠᠯ ᠤ᠋ᠨ ᠺᠤᠮᠫᠠᠨᠢ ᠳ᠋ᠦ ᠨᠠᠢᠳᠠᠨ ᠬᠠᠮᠢᠶᠠᠷᠤᠭᠤᠯᠵᠤ᠂ ᠦᠪᠡᠷ ᠶ᠋ᠢᠡᠨ ᠲᠠᠷᠢᠵᠤ ᠠᠷᠠᠴᠢᠯᠠᠵᠤ ᠪᠠᠢᠭᠰᠠᠨ ᠡᠴᠡ ᠮᠦ᠍ ᠨᠢᠭᠡᠴᠢ ᠶ᠋ᠢᠨ ᠤᠨᠠᠯᠲᠠ ᠨᠢ ᠳᠤᠮᠳᠠᠴᠢ ᠪᠡᠷ 200 ᠺᠢᠯᠣᠭ᠌ᠷᠠᠮ ᠭᠠᠷᠤᠢ ᠨᠡᠮᠡᠭᠳᠡᠵᠦ᠂ ᠵᠠᠬ᠎ᠠ ᠳᠡᠯᠭᠡᠭᠦᠷ ᠤ᠋ᠨ ᠦᠨ᠎ᠡ ᠪᠡᠷ ᠪᠤᠳᠤᠪᠠᠯ ᠤᠷᠤᠯᠭ᠎ᠠ ᠨᠢ ᠤᠤᠯ ᠎ᠤᠨ ᠬᠢ ᠡᠴᠡ ᠪᠠᠨ ᠮᠦ᠍ ᠪᠦᠷᠢ ᠳ᠋ᠦ 300 ᠲᠦᠭᠦᠷᠢᠭ ᠨᠡᠮᠡᠭᠳᠡᠬᠦ ᠪᠤᠯᠤᠨ᠎ᠠ᠃

ᠲᠠᠷᠢᠶᠠᠯᠠᠩ ᠤ᠋ᠨ ᠡᠯᠪᠡᠭ ᠬᠤᠷᠢᠶᠠᠯᠲᠠ ᠨᠢ ᠨᠡᠢᠭᠡᠮᠴᠢᠯᠡᠭ᠌ᠰᠡᠨ ᠦᠢᠯᠡᠴᠢᠯᠡᠭᠡ ᠡᠴᠡ ᠰᠠᠯᠵᠤ ᠴᠢᠳᠠᠬᠤ ᠦᠭᠡᠢ᠃ ᠡᠨᠡ ᠵᠢᠯ ᠥᠪᠥᠷ ᠮᠣᠩᠭᠣᠯ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠦᠨ ᠬᠦᠷᠢᠶ᠎ᠠ ᠬᠡᠪᠴᠢᠶ᠎ᠡ ᠵᠢ ᠥᠷᠭᠡᠳᠭᠡᠬᠦ᠌ ᠵᠢ ᠲᠦᠷᠭᠡᠳᠭᠡᠵᠦ᠍᠂ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠪᠤᠯᠤᠨ ᠲᠠᠷᠠᠬᠠᠢ ᠪᠤᠳᠠᠷᠬᠠᠢ ᠲᠠᠷᠢᠶᠠᠯᠠᠬᠤ ᠡᠷᠦᠬᠡ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠲᠡᠷᠢᠭᠦᠨ ᠤ᠋ ᠲᠣᠨᠣᠭ ᠲᠥᠬᠥᠭᠡᠷᠦᠮᠵᠢ ᠪᠠ ᠴᠢᠨᠠᠷ ᠰᠠᠢᠲᠠᠶ ᠲᠠᠷᠢᠶᠠᠯᠠᠩ ᠤ᠋ᠨ ᠬᠡᠷᠡᠭ᠌ᠰᠡᠯ ᠢ᠋ ᠲᠥᠪᠯᠡᠷᠡᠭᠦᠯᠦᠨ ᠬᠡᠷᠡᠭ᠌ᠯᠡᠵᠦ᠍᠂ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠥᠪᠡᠷ ᠤ᠋ᠨ ᠥᠷᠲᠡᠭ ᠢ᠋ ᠠᠷᠪᠢᠯᠠᠨ ᠦᠷ᠎ᠡ ᠠᠱᠢᠭ ᠢ᠋ ᠨᠡᠮᠡᠭ᠌ᠳᠡᠭᠦᠯᠬᠦ᠌ ᠵᠢ ᠠᠬᠢᠭᠤᠯᠪᠠ᠃ ᠪᠦᠬᠦ ᠰᠢᠶᠠᠨ ᠵᠢᠡᠷ ᠠᠬᠢᠭᠤᠯᠬᠤ ᠵᠢᠱ᠌ᠢᠶ᠎ᠡ ᠦᠵᠡᠭᠦᠯᠬᠦ᠌ ᠣᠷᠣᠨ ᠪᠣᠯᠤᠭ᠍ᠰᠠᠨ ᠣᠷᠳᠣᠰ ᠬᠣᠲᠠ ᠶ᠋ᠢᠨ ᠳᠠᠯᠠᠳ ᠬᠣᠱᠢᠭᠤ ᠭᠠᠵᠠᠷ ᠱᠢᠷᠣᠶ ᠶ᠋ᠢᠨ ᠬᠣᠷᠱᠢᠯᠴᠠᠭ᠎ᠠ ᠵᠢ ᠤᠶᠠᠯᠳᠤᠭᠤᠯᠤᠭ᠍ᠰᠠᠨ ᠨᠡᠢᠭᠡᠮᠴᠢᠯᠡᠭ᠌ᠰᠡᠨ ᠦᠶ᠋ᠯᠡᠴᠢᠯᠡᠭᠡᠨ ᠤ᠋ ᠬᠤᠤᠰ ᠪᠦᠲᠦᠮᠵᠢᠲᠡᠶ ᠡᠵᠡᠩᠨᠡᠯᠲᠡ ᠶ᠋ᠢᠨ ᠱᠢᠰᠲ᠋ᠧᠮ ᠶ᠋ᠢᠡᠷ ᠳᠠᠮᠵᠢᠨ ᠲᠠᠷᠢᠮᠠᠯ ᠤ᠋ᠨ ᠮᠦ᠍ ᠨᠢᠭᠡᠴᠢ ᠶ᠋ᠢᠨ ᠳᠤᠮᠳᠠᠴᠢ ᠤᠨᠠᠯᠲᠠ ᠵᠢ 8% — 15% ᠪᠡᠷ ᠳᠡᠭᠡᠭ᠌ᠰᠢᠯᠡᠭᠦᠯᠪᠡ᠃ ᠤᠯᠠᠭᠠᠨᠬᠠᠳᠠ ᠬᠣᠲᠠ ᠶ᠋ᠢᠨ ᠣᠩᠨᠢᠭᠤᠳ ᠬᠣᠱᠢᠭᠤᠨ ᠤ᠋ ᠦᠳᠡ ᠶ᠋ᠢᠨ ᠬᠤᠸᠠ ᠪᠠᠯᠭᠠᠰᠤ ᠶ᠋ᠢᠨ ᠬᠢᠨ ᠤᠤᠯ ᠤ᠋ᠨ 《ᠠᠯᠠᠭᠠᠨ ᠲᠠᠷᠢᠶ᠎ᠠ》᠂ 《ᠡᠭᠴᠡ ᠬᠦᠲᠦᠯ ᠭᠠᠵᠠᠷ》 ᠢ᠋ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠪᠤᠯᠭᠠᠨ ᠪᠠᠢᠭᠤᠯᠵᠤ᠂ ᠲᠤᠬᠠᠢ ᠶ᠋ᠢᠨ ᠭᠠᠵᠠᠷ ᠤ᠋ᠨ ᠨᠡᠢᠭᠡᠮᠴᠢᠯᠡᠭᠰᠡᠨ ᠦᠢᠯᠡᠴᠢᠯᠡᠭᠡᠨ ᠤ᠋ ᠵᠤᠬᠢᠶᠠᠨ ᠪᠠᠢᠭᠤᠯᠤᠯᠲᠠ ᠶ᠋ᠢᠨ ᠦᠢᠯᠡᠴᠢᠯᠡᠭᠡᠨ ᠤ᠋ ᠬᠦᠷᠢᠶ᠎ᠡ ᠬᠡᠪᠴᠢᠶ᠎ᠡ ᠨᠢ ᠨᠢᠭᠡᠨᠲᠡ ᠲᠦᠮᠡᠨ ᠮᠦ᠍ ᠵᠢ ᠳᠠᠪᠠᠵᠠᠢ᠃ ᠤᠯᠠᠭᠠᠠᠬᠠᠳᠠ ᠬᠤᠲᠠ ᠲᠠᠷᠢᠶᠠᠯᠠᠡᠭ ᠤ᠋ᠨ ᠨᠡᠢᠭᠡᠮᠴᠢᠯᠡᠭᠰᠡᠨ ᠦᠢᠯᠡᠴᠢᠯᠡᠭᠡᠨ ᠤ᠋ ᠵᠤᠬᠢᠶᠠᠨ ᠪᠠᠢᠭᠤᠯᠤᠯᠲᠠ ᠶ᠋ᠢᠨ ᠮᠠᠰᠢᠨᠴᠢᠯᠠᠭᠰᠠᠨ᠂ ᠬᠡᠪᠴᠢᠶᠡᠵᠢᠭ᠌ᠰᠡᠨ᠂ ᠡᠷᠴᠢᠮᠵᠢᠭ᠌ᠰᠡᠨ ᠪᠣᠬᠢᠷᠲᠤᠯ ᠥᠬᠡᠶ ᠥᠨᠳᠥᠷ ᠪᠦᠲᠦᠮᠵᠢᠲᠡᠶ ᠣᠲᠣ ᠦᠶ᠎ᠡ ᠶ᠋ᠢᠨ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠠᠷᠭ᠎ᠠ ᠬᠡᠯᠪᠡᠷᠢ ᠵᠢ ᠲᠥᠪᠯᠡᠷᠡᠭᠦᠯᠦᠨ ᠠᠬᠢᠭᠤᠯᠵᠤ᠂ ᠲᠠᠷᠢᠮᠠᠯ ᠤ᠋ᠨ ᠮᠦ᠍ ᠨᠢᠬᠡᠴᠢ ᠵᠢᠨ ᠤᠨᠠᠯᠲᠠ ᠵᠢ ᠲᠤᠮᠳᠠᠴᠢ ᠪᠡᠷ 5% ᠭᠠᠷᠤᠢ ᠪᠡᠷ ᠨᠡᠮᠡᠭᠳᠡᠭᠦᠯᠵᠤ᠂ ᠲᠠᠷᠢᠶᠠᠴᠢᠳ ᠤ᠋ᠨ ᠤᠷᠤᠯᠭ᠎ᠠ ᠵᠢ 15% ᠭᠠᠷᠤᠢ ᠪᠡᠷ ᠨᠡᠮᠡᠭᠳᠡᠭᠦᠯᠪᠡ᠃

ᠡᠨᠡ ᠵᠣᠨ ᠤ᠋ ᠲᠠᠷᠢᠶᠠᠨ ᠭᠠᠵᠠᠷ ᠤ᠋ᠨ ᠬᠠᠮᠢᠶᠠᠷᠤᠯᠲᠠ ᠶ᠋ᠢᠨ ᠬᠤᠭᠤᠴᠠᠭ᠎ᠠ ᠪᠣᠯᠲᠠᠯ᠎ᠠ ᠦᠪᠦᠷ ᠮᠤᠡᠭᠭᠤᠯ ᠨᠢᠭᠡᠨᠲᠡ ᠠᠮᠤ ᠲᠣᠰᠣᠨ ᠤ᠋ ᠲᠠᠷᠢᠮᠠᠯ ᠤ᠋ᠨ ᠨᠡᠢᠭᠡᠮᠴᠢᠯᠡᠭ᠌ᠰᠡᠨ ᠦᠶ᠋ᠯᠡᠴᠢᠯᠡᠭᠡ ᠵᠢ 6300 ᠲᠦᠮᠡᠨ ᠮᠥ᠍ ᠤᠳᠠᠭ᠎ᠠ ᠥᠷᠨᠢᠭᠦᠯᠵᠦ᠍᠂ ᠲᠠᠷᠠᠬᠠᠢ ᠪᠤᠳᠠᠷᠬᠠᠢ ᠲᠠᠷᠢᠶᠠᠯᠠᠬᠤ ᠡᠷᠦᠬᠡ ᠳ᠋ᠤ ᠲᠠᠷᠢᠮᠠᠯ ᠤ᠋ᠨ ᠮᠦ᠍ ᠨᠢᠭᠡᠴᠢ ᠵᠢᠨ ᠤᠨᠠᠯᠲᠠ ᠵᠢ ᠳᠡᠭᠡᠭ᠌ᠰᠢᠯᠡᠭᠦᠯᠬᠦ᠌ ᠵᠡᠷᠭᠡ ᠵᠠᠩᠭᠢᠯᠠᠭ᠎ᠠ ᠶ᠋ᠢᠨ ᠮᠡᠷᠭᠡᠵᠢᠯ ᠢ᠋ 3400 ᠲᠦᠮᠡᠨ ᠮᠥ᠍ ᠤᠳᠠᠭ᠎ᠠ ᠬᠠᠩᠭᠠᠵᠤ᠂ ᠨᠡᠮᠡᠭᠳᠡᠯ ᠤ᠋ᠨ ᠬᠡᠮᠵᠢᠶ᠎ᠡ ᠨᠢ 2 ᠵᠢᠯ ᠳᠠᠷᠠᠭᠠᠯᠠᠨ 700 ᠲᠦᠮᠡᠨ ᠮᠦ᠍ ᠵᠢ ᠳᠠᠪᠠᠪᠠ᠃ ᠮᠠᠨ ᠤ᠋ ᠤᠷᠤᠨ ᠮᠠᠯ ᠠᠵᠤ ᠠᠬᠤᠢ ᠲᠠᠷᠢᠶᠠᠯᠠᠩ ᠤ᠋ᠨ ᠦᠢᠯᠡᠳᠪᠤᠷᠢᠯᠡᠯ ᠤ᠋ᠨ ᠬᠠᠳᠠᠭᠠᠬᠤ᠂ ᠰᠢᠨ᠎ᠡ ᠰᠤᠷᠭᠤᠭ ᠶ᠋ᠢᠡᠷ ᠬᠠᠳᠠᠭᠠᠯᠠᠬᠤ᠂ ᠬᠥᠮᠥᠷᠭᠡᠯᠡᠨ ᠬᠠᠳᠠᠭᠠᠯᠠᠬᠤ᠂ ᠬᠦᠢᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠵᠡᠷᠭᠡ ᠪᠠᠭᠤᠷᠠᠶ ᠭᠤᠭᠴᠤᠭ᠎ᠠ ᠳ᠋ᠦ ᠴᠢᠭ᠌ᠯᠡᠭᠦᠯᠦᠨ ᠨᠡᠢᠭᠡᠮᠴᠢᠯᠡᠭ᠌ᠰᠡᠨ ᠦᠢᠯᠡᠴᠢᠯᠡᠭᠡ ᠵᠢ ᠦᠶ᠋ᠯᠡᠳᠪᠦᠷᠢᠯᠡᠬᠦ᠌ ᠡᠴᠡ ᠡᠮᠦᠨᠡᠬᠢ ᠶᠠᠪᠤᠴᠠ᠂ ᠦᠶ᠋ᠯᠡᠳᠪᠦᠷᠢᠯᠡᠭ᠌ᠰᠡᠨ ᠤ᠋ ᠳᠠᠷᠠᠭᠠᠬᠢ ᠶᠠᠪᠤᠴᠠ ᠲᠡᠢᠰᠢ ᠤᠷᠲᠤᠳᠭᠠᠬᠤ ᠶ᠋ᠢ ᠠᠬᠢᠭᠤᠯᠵᠤ᠂ ᠤᠳᠤᠬᠠᠨ ᠪᠤᠯᠲᠠᠯ᠎ᠠ ᠦᠶ᠋ᠯᠡᠳᠪᠦᠷᠢᠯᠡᠯ ᠪᠣᠷᠣᠯᠠᠭᠤᠯᠭ᠎ᠠ ᠶ᠋ᠢ ᠨᠢᠭᠡ ᠴᠣᠭ᠍ᠴᠠᠵᠢᠭᠤᠯᠤᠭ᠍ᠰᠠᠨ ᠲᠤᠰᠬᠠᠢ ᠬᠣᠷᠱᠢᠶ᠎ᠠ ᠵᠢ 28000᠂ ᠲᠡᠭᠡᠭᠡᠪᠦᠷᠢᠯᠡᠨ ᠪᠣᠷᠣᠯᠠᠭᠤᠯᠬᠤ ᠦᠶ᠋ᠯᠡᠴᠢᠯᠡᠭᠡ ᠪᠡᠷ ᠭᠤᠤᠯ ᠪᠣᠯᠭᠠᠭ᠍ᠰᠠᠨ ᠲᠤᠰᠬᠠᠢ ᠬᠣᠷᠱᠢᠶ᠎ᠠ ᠵᠢ 3816᠂ ᠡᠳ᠋ᠱᠢᠭᠦᠯᠦᠨ ᠪᠤᠯᠪᠠᠰᠤᠷᠠᠭᠤᠯᠬᠤ ᠦᠶ᠋ᠯᠡᠴᠢᠯᠡᠭᠡ ᠪᠡᠷ ᠭᠤᠤᠯ ᠪᠣᠯᠭᠠᠭ᠍ᠰᠠᠨ ᠲᠤᠰᠬᠠᠢ ᠬᠣᠷᠱᠢᠶ᠎ᠠ ᠵᠢ 3009 ᠪᠤᠢᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号