ᠦᠪᠦᠷ ᠮᠤᠡᠭᠭᠤᠯ ᠤ᠋ᠨ ᠪᠣᠬᠢᠷᠲᠤᠯ ᠥᠬᠡᠶ ᠨᠡᠭᠦᠷᠡᠰᠦᠨ ᠤ᠋ ᠲᠡᠭᠡᠭᠡᠪᠦᠷᠢ ᠢ᠋ᠢᠨ ᠨᠢᠭᠡ ᠲᠥᠷᠥᠯ ᠵᠦᠶ᠋ᠯ ᠪᠥᠬᠥ᠌ ᠤᠯᠤᠰ ᠤ᠋ᠨ ᠲᠤᠷᠱᠢᠯᠲᠠ ᠢ᠋ᠢᠨ ᠴᠡᠭ ᠢ᠋ᠢᠡᠷ ᠰᠣᠩᠭᠣᠭ᠍ᠳᠠᠪᠠ
2025-10-23 10:23:25
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠡᠭᠬᠢᠮ ᠡᠴᠡ ᠤᠢᠯᠠᠭᠠᠭᠰᠠᠨ ᠢ᠋ᠢᠡᠷ᠂ ᠤᠢᠷ᠎ᠠ ᠳ᠋ᠤ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠶᠠᠮᠤᠨ ᠬᠣᠶᠠᠳᠤᠭᠠᠷ ᠪᠦᠯᠦᠭ ᠤ᠋ᠨ ᠵᠠᠰᠠᠮᠠᠯ ᠵᠠᠮ ᠤᠰᠤᠨ ᠵᠠᠮ ᠤ᠋ᠨ ᠨᠡᠢᠲᠡᠯᠢᠭ ᠲᠡᠭᠡᠭᠡᠪᠦᠷᠢ ᠪᠠ ᠲᠦᠬᠦᠭᠡᠷᠦᠮᠵᠢ ᠶ᠋ᠢᠨ ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠲᠤᠷᠱᠢᠯᠲᠠ (ᠵᠠᠮ ᠬᠠᠷᠢᠯᠴᠠᠭᠠᠨ ᠤ᠋ ᠬᠦᠴᠦᠷᠬᠡᠭ ᠤᠯᠤᠰ ᠤ᠋ᠨ ᠲᠤᠰᠭᠠᠶ ᠵᠦᠶ᠋ᠯ ᠤ᠋ᠨ ᠲᠤᠷᠱᠢᠯᠲᠠ ) ᠶ᠋ᠢᠨ ᠲᠥᠷᠥᠯ ᠵᠦᠶ᠋ᠯ ᠢ᠋ ᠨᠡᠢᠲᠡᠯᠡᠵᠦ᠍᠂ ᠦᠪᠦᠷ ᠮᠤᠡᠭᠭᠤᠯ ᠤ᠋ᠨ 《ᠪᠣᠬᠢᠷᠲᠤᠯ ᠥᠬᠡᠶ ᠨᠡᠭᠦᠷᠡᠰᠤᠨ ᠤ᠋ ᠲᠡᠭᠡᠭᠡᠪᠦᠷᠢ ᠢ᠋ᠢᠨ ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠵᠠᠮ ᠤ᠋ᠨ ᠲᠤᠷᠱᠢᠯᠲᠠ ᠢ᠋ᠢᠨ ᠴᠡᠭ ᠤ᠋ᠨ ᠲᠥᠷᠥᠯ ᠵᠦᠶ᠋ᠯ 》 ᠨᠢ  《ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠵᠠᠮ ᠤ᠋ᠨ ᠲᠡᠭᠡᠭᠡᠪᠦᠷᠢ ᠢ᠋ᠢᠨ ᠱᠤᠭᠤᠮ 》 ᠤ᠋ᠨ ᠲᠤᠷᠱᠢᠯᠲᠠ ᠢ᠋ᠢᠨ ᠴᠡᠭ ᠢ᠋ᠢᠡᠷ ᠰᠣᠩᠭᠣᠭᠳᠠᠵᠤ᠂ ᠪᠥᠬᠥ᠌ ᠤᠯᠤᠰ ᠤ᠋ᠨ 8 ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠵᠠᠮ ᠤ᠋ᠨ ᠲᠤᠷᠱᠢᠯᠲᠠ ᠢ᠋ᠢᠨ ᠴᠡᠭ ᠤ᠋ᠨ ᠨᠢᠭᠡ ᠪᠣᠯᠪᠠ᠃

ᠦᠪᠤᠷ ᠮᠤᠩᠭᠤᠯ ᠤ᠋ᠨ 《ᠪᠣᠬᠢᠷᠲᠤᠯ ᠥᠬᠡᠶ ᠨᠡᠭᠦᠷᠡᠰᠦᠨ ᠤ᠋ ᠲᠡᠭᠡᠭᠡᠪᠦᠷᠢ ᠢ᠋ᠢᠨ ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠵᠠᠮ ᠤ᠋ᠨ ᠲᠤᠷᠱᠢᠯᠲᠠ ᠢ᠋ᠢᠨ ᠴᠡᠭ ᠤ᠋ᠨ ᠲᠥᠷᠥᠯ ᠵᠦᠶ᠋ᠯ 》 ᠢ᠋ ᠦᠬᠠᠶ ᠬᠣᠲᠠ ᠢ᠋ᠢᠨ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠣᠪᠴᠢᠶ᠎ᠠ ᠪᠣᠯᠤᠨ ᠥᠪᠥᠷ ᠮᠣᠩᠭᠣᠯ ᠤ᠋ᠨ ᠭᠤᠸᠠᠩ ᠱᠢᠩ ᡁᠢ ᠶᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠬᠠᠮᠲᠤᠷᠠᠨ ᠬᠡᠷᠡᠭ᠌ᠵᠢᠭᠦᠯᠵᠤ᠂ ᠦᠬᠠᠶ ᠬᠣᠲᠠ ᠢ᠋ᠢᠨ ᠬᠠᠢᠨᠠᠨ ᠲᠣᠭᠣᠷᠢᠭ ᠤ᠋ᠨ ᠥᠪᠥᠷ ᠮᠣᠩᠭᠣᠯ ᠤ᠋ᠨ ᠭᠤᠸᠠᠩ ᠵᠢᠤᠢ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ  ᠡᠴᠡ ᠠᠯᠠᠱᠠ ᠠᠢᠮᠠᠭ ᠤ᠋ᠨ ᠹᠦ᠋ ᠴᠢᠤᠸᠠᠨ ᠬᠡᠸ᠋ᠷᠱᠢᠭᠦᠯᠬᠦ᠌ ᠦᠶ᠋ᠯᠡᠳᠪᠦᠷᠢ ᠪᠠ ᠭᠠᠭ᠍ᠴᠠᠮᠣᠳᠣ ᠬᠢᠯᠢ ᠵᠢᠨ ᠪᠣᠭᠣᠮᠲᠠ ᠬᠥᠷᠬᠥ᠌ 2 ᠵᠤᠷᠪᠤᠰ ᠵᠠᠰᠠᠮᠠᠯ ᠵᠠᠮ ᠢ᠋ ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠲᠡᠭᠡᠭᠡᠪᠦᠷᠢ ᠢ᠋ᠢᠨ ᠵᠠᠮ ᠱᠤᠭᠤᠮ ᠪᠤᠯᠭᠠᠬᠤ ᠪᠠᠷ ᠲᠥᠯᠥᠪᠯᠡᠵᠦ᠍ ᠪᠠᠢᠨ᠎ᠠ᠃ ᠬᠡᠷᠡᠭ᠌ᠵᠢᠭᠦᠯᠬᠦ᠌ ᠬᠤᠭᠤᠴᠠᠭᠠᠨ ᠳ᠋ᠤ 6 ᠴᠡᠨᠡᠭ᠌ᠯᠡᠨ ᠰᠣᠯᠢᠬᠤ ᠴᠠᠬᠢᠯᠭᠠᠨ ᠥᠷᠲᠡᠭᠡ ᠢ᠋ᠢ ᠪᠦᠲᠦᠭᠡᠨ ᠪᠠᠢᠭᠤᠯᠵᠤ᠂ 120 ᠭᠠᠷᠤᠶ ᠱᠢᠨ᠎ᠡ ᠡᠨᠧᠷᠭᠢ ᠢ᠋ᠢᠨ ᠬᠦᠨᠳᠦ ᠬᠡᠯᠪᠡᠷᠢ ᠢ᠋ᠢᠨ ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠠᠴᠢᠶᠠᠨ ᠤ᠋ ᠮᠠᠰᠢᠨ ᠲᠡᠷᠭᠡ ᠵᠢᠨ ᠠᠡᠭᠭᠢ ᠢ᠋ᠢ ᠵᠣᠬᠢᠶᠠᠨ ᠪᠠᠢᠭᠤᠯᠵᠤ᠂ AI ᠲᠣᠬᠢᠷᠠᠭᠤᠯᠤᠯᠳᠠ ᠵᠢᠨ ᠱᠢᠰᠲ᠋ᠧᠮ ᠢ᠋ ᠣᠷᠣᠭᠤᠯᠤᠨ ᠠᠪᠴᠢᠷᠠᠬᠤ᠂ ᠡᠳ᠋ ᠪᠠᠷᠠᠭ᠎ᠠ ᠢ᠋ᠢᠨ ᠲᠣᠬᠢᠷᠠᠭᠤᠯᠤᠯᠲᠠ ᠪᠠ ᠮᠠᠰᠢᠨ ᠲᠡᠷᠭᠡᠨ ᠤ᠋ ᠬᠠᠮᠢᠶᠠᠷᠤᠯᠲᠠ ᠶ᠋ᠢ ᠱᠢᠯᠢᠳᠡᠭ᠌ᠵᠢᠭᠦᠯᠬᠦ᠌ ᠵᠡᠷᠭᠡ ᠠᠷᠭ᠎ᠠ ᠬᠡᠮᠵᠢᠶ᠎ᠡ ᠪᠡᠷ ᠳᠠᠮᠵᠢᠨ ᠨᠡᠭᠦᠷᠡᠰᠦᠲᠥ᠋ᠷᠥᠭ᠌ᠴᠢ ᠦᠯᠤ ᠭᠠᠳᠠᠭ᠍ᠰᠢᠯᠠᠭᠤᠯᠬᠤ ᠬᠠᠷᠠᠯᠲᠠ ᠶ᠋ᠢ ᠪᠡᠶᠡᠯᠡᠭᠦᠯᠬᠦ ᠪᠤᠯᠤᠨ᠎ᠠ᠃

ᠦᠪᠦᠷ ᠮᠤᠡᠭᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠢ᠋ᠢᠨ ᠲᠢᠩᠬᠢᠮ《ᠪᠣᠬᠢᠷᠲᠤᠯ ᠥᠬᠡᠶ ᠨᠡᠭᠦᠷᠡᠰᠦᠨ ᠤ᠋ ᠲᠡᠭᠡᠭᠡᠪᠦᠷᠢ ᠢ᠋ᠢᠨ ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠵᠠᠮ ᠤ᠋ᠨ ᠲᠤᠷᠱᠢᠯᠲᠠ ᠢ᠋ᠢᠨ ᠴᠡᠭ ᠤ᠋ᠨ ᠲᠥᠷᠥᠯ ᠵᠦᠶ᠋ᠯ》ᠤ᠋ᠨ ᠪᠥᠲᠥᠭᠡᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠬᠡᠷᠡᠭ᠌ᠵᠢᠭᠦᠯᠬᠦ᠌ ᠨᠢᠭᠡᠴᠢ ᠲᠠᠢ ᠨᠡᠪᠲᠡᠷᠡᠯᠴᠡᠭᠡ ᠪᠠᠨ ᠴᠢᠩᠭᠠᠳᠭᠠᠨ᠂ ᠲᠥᠷᠥᠯ ᠵᠦᠶ᠋ᠯ ᠢ᠋ ᠠᠬᠢᠭᠤᠯᠬᠤ ᠶᠠᠪᠤᠴᠠ ᠳ᠋ᠤ ᠲᠤᠯᠭᠠᠷᠠᠭ᠍ᠰᠠᠨ ᠬᠦᠴᠢᠷᠳᠡᠯ ᠪᠠ ᠠᠰᠠᠭᠤᠳᠠᠯ ᠢ᠋ ᠴᠠᠭ ᠲᠤᠬᠠᠶ ᠳ᠋ᠤᠨᠢ ᠱᠢᠶ᠋ᠳᠪᠦᠷᠢᠯᠡᠵᠦ᠍᠂ ᠲᠥᠷᠥᠯ ᠵᠦᠶ᠋ᠯ ᠤ᠋ᠨ ᠤᠷᠤᠭ᠍ᠰᠢᠲᠠᠶ ᠬᠡᠷᠡᠭ᠌ᠵᠢᠭᠦᠯᠦᠭ᠌ᠳᠡᠬᠦ᠌ ᠳ᠋ᠤ ᠬᠦᠴᠦᠲᠡᠶ ᠪᠠᠲᠤᠯᠠᠭ᠎ᠠ ᠬᠠᠩᠭᠠᠨ᠎ᠠ; ᠲᠥᠷᠥᠯ ᠵᠦᠢᠯ ᠳ᠋ᠤ ᠬᠢᠨᠠᠯᠲᠠ ᠲᠠᠯᠪᠢᠬᠤ ᠲᠣᠭ᠍ᠲᠠᠴᠠ ᠶ᠋ᠢ ᠪᠠᠢᠭᠤᠯᠤᠨ ᠪᠦᠷᠢᠨᠱᠢᠭᠦᠯᠵᠦ᠍᠂ ᠲᠥᠷᠥᠯ ᠵᠦᠢᠯ ᠤ᠋ᠨ ᠠᠬᠢᠴᠠ᠂ ᠶᠠᠰᠤ ᠴᠢᠨᠠᠷ᠂ ᠠᠮᠤᠷ ᠲᠦᠪᠱᠢᠨ ᠵᠡᠷᠭᠡ ᠲᠠᠯ᠎ᠠ ᠳ᠋ᠤ ᠪᠦᠬᠦ᠌ ᠶᠠᠪᠤᠴᠠ ᠢ᠋ᠢᠨ ᠮᠥᠷᠳᠡᠯᠲᠡ ᠪᠠ ᠬᠢᠨᠠᠯᠲᠠ ᠲᠠᠯᠪᠢᠵᠤ᠂ ᠲᠥᠷᠥᠯ ᠵᠦᠢᠯ ᠢ᠋ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠪᠠᠷ ᠠᠬᠢᠭᠤᠯᠬᠤ ᠎ᠶ᠋ᠢ ᠦᠨᠡᠨ ᠬᠦ᠌ ᠪᠠᠲᠤᠯᠠᠵᠤ ᠪᠤᠢ᠃ ᠡᠭᠦᠨ ᠤ᠋ ᠬᠠᠮᠲᠤ ᠲᠥᠷᠥᠯ ᠵᠦᠶ᠋ᠯ ᠢ᠋ ᠬᠡᠷᠡᠭ᠌ᠵᠢᠭᠦᠯᠬᠦ᠌ ᠶᠠᠪᠤᠴᠠ ᠳ᠋ᠠᠬᠢ ᠲᠤᠷᠱᠢᠯᠭ᠎ᠠ ᠪᠠ ᠠᠷᠭ᠎ᠠ ᠬᠢᠳᠡᠯ ᠢ᠋ ᠢᠳᠡᠪᠬᠢᠲᠡᠶ ᠳ᠋ᠦᠩᠨᠡᠵᠦ᠍᠂ ᠪᠥᠬᠥ᠌ ᠤᠯᠤᠰ ᠤ᠋ᠨ ᠵᠠᠰᠠᠮᠠᠯ ᠵᠠᠮ ᠤᠰᠤᠨ ᠵᠠᠮ ᠤ᠋ᠨ ᠨᠡᠢᠲᠡᠯᠢᠭ ᠵᠢᠱ᠌ᠢᠶ᠎ᠡ ᠢ᠋ᠢᠨ ᠲᠡᠭᠡᠭᠡᠪᠦᠷᠢ ᠪᠠ ᠲᠦᠬᠦᠭᠡᠷᠦᠮᠵᠢ ᠢ᠋ᠢᠨ ᠨᠡᠭᠦᠷᠡᠰᠦᠲᠥ᠋ᠷᠥᠭ᠌ᠴᠢ ᠦᠯᠤ ᠭᠠᠳᠠᠭᠰᠢᠯᠠᠭᠤᠯᠬᠤ ᠲᠤᠷᠱᠢᠯᠲᠠ ᠢ᠋ᠢᠨ ᠠᠵᠢᠯ ᠳ᠋ᠤ ᠲᠣᠯᠢ ᠪᠣᠯᠭᠠᠵᠤ ᠪᠣᠯᠬᠤ᠂ ᠬᠠᠭᠤᠯᠪᠤᠷᠢᠯᠠᠵᠤ ᠪᠣᠯᠬᠤ ᠵᠠᠭ᠍ᠪᠤᠷ ᠪᠠ ᠲᠥᠰᠦᠯ ᠢ᠋ ᠬᠠᠩᠭᠠᠬᠤ ᠪᠡᠷ ᠴᠢᠷᠮᠠᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号