ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ 3 ᠵᠢᠱ᠌ᠢᠶ᠎ᠠ ᠤᠯᠤᠰ ᠤ᠋ᠨ ᠢᠷᠠᠭᠤ ᠠᠯᠳᠠᠷ ᠢ᠋ ᠬᠦᠷᠳᠡᠪᠡ
2025-10-23 10:14:41
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠣᠷᠳᠣᠰ ᠬᠣᠲᠠ ᠶ᠋ᠢᠨ 《ᠲᠣᠭ᠎ᠠ ᠪᠠᠷᠢᠮᠲᠠ ᠶ᠋ᠢᠨ ᠠᠭᠤᠰᠤᠯᠴᠠᠯ ᠪᠠ ᠣᠶᠤᠨᠴᠢ ᠬᠡᠷᠡᠭ᠌ᠯᠡᠭᠡ ᠪᠡᠷ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠵᠢ ᠬᠥᠭ᠌ᠵᠢᠭᠡᠭ᠌ᠰᠡᠨ》 ᠵᠢᠱ᠌ᠢᠶ᠎ᠡ 2025 ᠤᠨ ᠤ᠋ ᠪᠦᠬᠦ ᠤᠯᠤᠰ ᠤ᠋ᠨ ᠵᠢᠭᠤᠯᠴᠢᠯᠠᠯ ᠤ᠋ᠨ ᠬᠡᠷᠡᠭ᠌ᠯᠡᠭᠡ ᠶ᠋ᠢᠨ ᠱᠢᠨ᠎ᠡ ᠵᠢ ᠡᠭᠦᠳᠬᠦ᠌ ᠦᠶ᠋ᠯᠡᠳᠦᠯᠭᠡ ᠶ᠋ᠢᠨ ᠨᠡᠢᠲᠡᠯᠢᠭ ᠵᠢᠱ᠌ᠢᠶ᠎ᠡ ᠪᠡᠷ ᠰᠣᠩᠭᠣᠭ᠍ᠳᠠᠵᠦ᠂ ᠷᠠᠱᠢᠶᠠᠨ ᠬᠣᠲᠠ ᠶ᠋ᠢᠨ 《ᠲᠥᠷᠥᠯ ᠵᠦᠶ᠋ᠯ ᠢ᠋ᠶ᠋ᠡᠷ ᠳᠠᠢᠴᠢᠯᠠᠬᠤ ᠪᠠ ᠠᠵᠤ ᠦᠶ᠋ᠯᠡᠰ ᠢ᠋ᠶ᠋ᠡᠷ ᠳᠠᠬᠢᠨ ᠱᠤᠭᠤᠵᠤ ᠰᠡᠯᠡᠭᠦᠴᠡᠯ ᠠᠮᠠᠷᠠᠯᠲᠠ ᠶ᠋ᠢᠨ ᠲᠦᠷᠭᠡᠨ ᠬᠥᠭ᠌ᠵᠢᠯᠲᠡ ᠵᠢ ᠠᠬᠢᠭᠤᠯᠤᠭᠰᠠᠨ》 ᠵᠢᠱ᠌ᠢᠶ᠎ᠡ 2025 ᠤᠨ ᠤ᠋ ᠪᠦᠬᠦ ᠤᠯᠤᠰ ᠤ᠋ᠨ ᠵᠢᠭᠤᠯᠴᠢᠯᠠᠯ ᠤ᠋ᠨ ᠲᠥᠷᠥᠯ ᠵᠦᠶ᠋ᠯ ᠤ᠋ᠨ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠡᠵᠡᠩᠨᠡᠯᠲᠡ ᠶ᠋ᠢᠨ ᠨᠡᠢᠲᠡᠯᠢᠭ ᠵᠢᠱ᠌ᠢᠶ᠎ᠡ ᠪᠡᠷ ᠰᠣᠩᠭᠣᠭ᠍ᠳᠠᠵᠦ᠂ ᠵᠡᠭᠦᠨᠭᠠᠷ ᠬᠣᠱᠢᠭᠤᠨ ᠤ᠋ 《ᠸᠠᠨ Night》 ᠵᠡᠭᠡᠯᠢ ᠲᠣᠭᠣᠷᠢᠭ ᠤ᠋ᠨ ᠲᠣᠭᠠᠴᠢᠯᠠᠭ᠍ᠰᠠᠨ ᠰᠣᠶᠣᠯ ᠵᠢᠭᠤᠯᠴᠢᠯᠠᠯ ᠤ᠋ᠨ ᠱᠢᠨ᠎ᠡ ᠵᠢᠱ᠌ᠢᠶ᠎ᠡ 2025 ᠤᠨ ᠤ᠋ ᠪᠦᠬᠦ ᠤᠯᠤᠰ ᠤ᠋ᠨ ᠲᠣᠭᠠᠴᠢᠯᠠᠭᠰᠠᠨ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠨᠡᠢᠲᠡᠯᠢᠭ ᠵᠢᠱ᠌ᠢᠶ᠎ᠡ ᠪᠡᠷ ᠰᠣᠩᠭᠣᠭ᠍ᠳᠠᠪᠠ᠃

ᠣᠷᠳᠣᠰ ᠬᠣᠲᠠ ᠣᠶᠤᠨᠴᠢ ᠵᠢᠭᠤᠯᠴᠢᠯᠠᠯ ᠤ᠋ᠨ ᠲᠠᠪᠴᠠᠩ ᠪᠤᠯᠤᠨ 《ᠡᠭᠦᠯᠡᠨ ᠵᠢᠭᠤᠯᠴᠢᠯᠠᠯ ᠣᠷᠳᠣᠰ》 ᠵᠢᠵᠢᠭ ᠫᠷᠤᠭ᠌ᠷᠠᠮ ᠢ᠋ᠶ᠋ᠠᠷ ᠠᠴᠢᠶᠠᠯᠠᠪᠤᠷᠢ ᠪᠣᠯᠭᠠᠨ᠂ ᠲᠣᠭ᠎ᠠ ᠪᠠᠷᠢᠮᠲᠠ ᠶ᠋ᠢᠨ ᠠᠭᠤᠰᠤᠯᠴᠠᠯ ᠪᠠ ᠣᠶᠤᠨᠴᠢ ᠬᠡᠷᠡᠭᠯᠡᠭᠡ ᠪᠡᠷ ᠳᠠᠮᠵᠢᠨ ᠪᠥᠬᠥ᠌ ᠬᠣᠲᠠ ᠶ᠋ᠢᠨ ᠣᠶᠤᠨᠴᠢ ᠵᠢᠭᠤᠯᠴᠢᠯᠠᠯ ᠢ᠋ ᠪᠠᠢᠭᠤᠯᠵᠤ᠂ ᠲᠣᠭ᠎ᠠ ᠪᠠᠷᠢᠮᠲᠠ ᠶ᠋ᠢᠨ ᠥᠷᠲᠡᠭ ᠢ᠋ ᠬᠡᠷᠡᠭ᠌ᠯᠡᠭᠡ ᠵᠢ ᠨᠡᠮᠡᠭ᠌ᠳᠡᠭᠦᠯᠬᠦ᠌ ᠦᠷ᠎ᠡ ᠠᠱᠢᠭ᠎ᠪᠤᠯᠭᠠᠨ ᠬᠤᠪᠢᠷᠠᠭᠤᠯᠪᠠ᠃ ᠣᠷᠳᠣᠰ ᠬᠣᠲᠠ ᠶ᠋ᠢᠨ ᠡᠨᠡ ᠬᠦ᠌ 《ᠲᠣᠭ᠎ᠠ ᠪᠠᠷᠢᠮᠲᠠ ᠶ᠋ᠢᠨ ᠠᠭᠤᠰᠤᠯᠴᠠᠯ ᠪᠠ ᠣᠶᠤᠨᠴᠢ ᠬᠡᠷᠡᠭ᠌ᠯᠡᠭᠡ ᠪᠡᠷ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠵᠢ ᠬᠥᠭ᠌ᠵᠢᠭᠡᠭ᠌ᠰᠡᠨ》 ᠵᠢᠱ᠌ᠢᠶ᠎ᠡ ᠨᠢ ᠲᠣᠭᠠᠴᠢᠯᠠᠭ᠍ᠰᠠᠨ ᠮᠡᠷᠭᠡᠵᠢᠯ ᠢ᠋ᠶ᠋ᠡᠷ ᠰᠣᠶᠣᠯ ᠵᠢᠭᠤᠯᠴᠢᠯᠠᠯ ᠤ᠋ᠨ ᠦᠶ᠋ᠯᠡᠳᠬᠦᠨ ᠤ᠋ ᠬᠠᠩᠭᠠᠯᠭ᠎ᠠ ᠵᠢ ᠪᠠᠶᠠᠯᠢᠭ᠍ᠵᠢᠭᠤᠯᠵᠤ᠂ ᠳ᠋ᠠᠢᠲ᠋ᠠ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠢ᠋ ᠰᠣᠶᠣᠯ ᠵᠢᠭᠤᠯᠴᠢᠯᠠᠯ ᠤ᠋ᠨ ᠬᠥᠭ᠌ᠵᠢᠯᠲᠡ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠵᠢᠭᠤᠯᠴᠢᠯᠠᠭ᠍ᠰᠠᠳ ᠤ᠋ᠨ ᠣᠯᠠᠨ ᠡᠱᠢᠲᠦ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠵᠢ ᠪᠡᠶᠡᠴᠢᠯᠡᠨ ᠣᠢᠯᠠᠭᠠᠬᠤ ᠬᠡᠷᠡᠭ᠌ᠴᠡᠭᠡ ᠱᠠᠭᠠᠷᠳᠠᠯᠭ᠎ᠠ ᠵᠢ ᠣᠨᠣᠴᠠᠲᠠᠶ ᠵᠣᠯᠭᠠᠭᠤᠯᠵᠤ᠂ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠱᠢᠨ᠎ᠡ ᠬᠡᠷᠡᠭ᠌ᠯᠡᠭᠡᠨ ᠤ᠋ ᠨᠡᠮᠡᠭ᠌ᠳᠡᠯ ᠤ᠋ᠨ ᠴᠡᠭ ᠢ᠋ ᠪᠦᠷᠢᠯᠳᠦᠭᠦᠯᠵᠦ᠍᠂ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠠᠮᠢᠵᠢᠷᠠᠯ ᠤ᠋ᠨ ᠬᠦᠴᠦᠨ ᠢ᠋ ᠬᠥᠭ᠌ᠵᠢᠭᠡᠬᠦ᠌ ᠳ᠋ᠦ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠭᠰᠡᠨ ᠪᠠᠢᠨ᠎ᠠ᠃ ᠣᠳᠣᠬᠠᠨ ᠪᠣᠯᠲᠠᠯ᠎ᠠ 《ᠡᠭᠦᠯᠡᠨ ᠵᠢᠭᠤᠯᠴᠢᠯᠠᠯ ᠣᠷᠳᠣᠰ》 ᠲᠠᠪᠴᠠᠩ ᠤ᠋ᠨ ᠬᠡᠷᠡᠭ᠌ᠯᠡᠭ᠌ᠴᠢ ᠶ᠋ᠢᠨ ᠲᠣᠭ᠎ᠠ ᠨᠢᠬᠡᠨᠳᠡ 230 ᠲᠦᠮᠡᠨ ᠬᠥᠮᠦᠨ ᠢ᠋ ᠳᠠᠪᠠᠵᠤ᠂ ᠵᠠᠰᠠᠭ ᠤ᠋ᠨ ᠣᠷᠳᠣᠨ ᠤ᠋ ᠬᠡᠷᠡᠭ᠌ᠯᠡᠭᠡᠨ ᠤ᠋ ᠠᠵᠢᠯᠯᠠᠭ᠎ᠠ ᠵᠢ 80 ᠭᠠᠷᠤᠶ ᠲᠠᠯᠠᠪᠠᠶ ᠳᠠᠭᠠᠭᠠᠨ ᠡᠷᠭᠢᠯᠡᠵᠦ᠍᠂ 109 ᠲᠦᠮᠡ ᠭᠠᠷᠤᠶ ᠬᠤᠪᠢ 《ᠵᠢᠭᠤᠯᠴᠢᠯᠠᠯ ᠤ᠋ᠨ ᠪᠦᠷᠢᠨ ᠴᠢᠳᠠᠮᠵᠢᠳᠦ ᠺᠠᠷᠲ》 ᠢ᠋ ᠲᠠᠷᠬᠠᠭᠠᠵᠤ᠂ 14.08 ᠳ᠋ᠦᠩᠱᠢᠭᠤᠷ ᠲᠥᠭᠥᠷᠢᠭ ᠤ᠋ᠨ ᠬᠡᠷᠡᠭ᠌ᠯᠡᠭᠡ ᠵᠢ ᠳᠠᠢᠴᠢᠯᠠᠪᠠ᠃

ᠷᠠᠱᠢᠶᠠᠨ ᠬᠣᠲᠠ ᠵᠠᠰᠠᠭ ᠤ᠋ᠨ ᠣᠷᠳᠣᠨ ᠤ᠋ ᠭᠤᠤᠯ ᠤᠳᠤᠷᠢᠳᠤᠮᠵᠢ ᠪᠠ ᠵᠠᠬ᠎ᠠ ᠳᠡᠯᠭᠡᠭᠦᠷ ᠤ᠋ᠨ ᠪᠠᠯᠠ ᠣᠷᠣᠭᠤᠯᠤᠯᠲᠠ ᠵᠢ ᠵᠡᠷᠭᠡ ᠪᠡᠷ ᠴᠢᠬᠤᠯᠠᠴᠢᠯᠠᠵᠤ᠂ ᠣᠯᠠᠨ ᠡᠱᠢᠵᠢᠭ᠌ᠰᠡᠨ ᠵᠢᠭᠤᠯᠴᠢᠯᠠᠯ ᠡᠵᠡᠩᠨᠡᠯᠲᠡ ᠶ᠋ᠢᠨ ᠬᠡᠯᠪᠡᠷᠢ ᠪᠠᠢᠳᠠᠯ ᠢ᠋ ᠪᠣᠢᠵᠢᠭᠤᠯᠤᠨ ᠬᠤᠸᠠ ᠷᠦᠨ ᠪᠦᠯᠦᠭ᠌ᠯᠡᠯ᠂ ᠵᠥᠩ ᠭᠤᠸᠠᠩ ᠾᠧ ᠪᠦᠯᠦᠭ᠌ᠯᠡᠯ᠂ ᠲᠠᠢ ᠺᠠᠩ ᠪᠦᠯᠦᠭ᠌ᠯᠡᠯ ᠵᠡᠷᠭᠡ ᠠᠵᠤ ᠠᠬᠤᠢᠯᠠᠯ ᠢ᠋ ᠣᠷᠣᠭᠤᠯᠵᠤ᠂ 《ᠵᠢᠭᠤᠯᠴᠢᠯᠠᠯ +》 ᠪᠠ 《ᠠᠮᠠᠷᠠᠯᠲᠠ +》 ᠰᠡᠳᠭᠢᠴᠡ ᠪᠡᠷ 62 ᠭᠤᠤᠯᠳᠠᠯᠭ᠎ᠠ ᠲᠠᠶ ᠲᠦᠷᠦᠯ ᠵᠦᠶ᠋ᠯ ᠢ᠋ ᠲᠥᠰᠦᠪᠯᠡᠨ ᠬᠡᠷᠡᠭ᠌ᠵᠢᠭᠦᠯᠵᠦ᠍᠂ 40 ᠱᠢᠬᠠᠮ ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠤᠨ᠂ ᠰᠡᠯᠡᠭᠦᠴᠡᠯ ᠠᠮᠠᠷᠠᠯᠲᠠ ᠶ᠋ᠢᠨ ᠵᠢᠭᠤᠯᠴᠢᠯᠠᠯ ᠤ᠋ᠨ ᠥᠷᠨᠢᠨ ᠬᠥᠭ᠌ᠵᠢᠬᠦ᠌ ᠵᠢ ᠠᠬᠢᠭᠤᠯᠵᠤ᠂ 《ᠲᠥᠷᠥᠯ ᠵᠦᠶ᠋ᠯ ᠢ᠋ᠶ᠋ᠡᠷ ᠳᠠᠢᠴᠢᠯᠠᠬᠤ ᠪᠠ ᠠᠵᠤ ᠦᠶ᠋ᠯᠡᠰ ᠢ᠋ᠶ᠋ᠡᠷ ᠳᠠᠬᠢᠨ ᠱᠤᠭᠤᠵᠤ ᠰᠡᠯᠡᠭᠦᠴᠡᠯ ᠠᠮᠠᠷᠠᠯᠲᠠ ᠶ᠋ᠢᠨ ᠲᠦᠷᠭᠡᠨ ᠬᠥᠭ᠌ᠵᠢᠯᠲᠡ ᠵᠢ ᠠᠬᠢᠭᠤᠯᠤᠭᠰᠠᠨ》 ᠵᠢᠱ᠌ᠢᠶ᠎ᠡ ᠵᠢ ᠠᠮᠵᠢᠯᠳᠠ ᠲᠠᠢ ᠱᠤᠭᠤᠵᠠᠢ᠃ 2024 ᠣᠨ ᠳ᠋ᠦ ᠷᠠᠱᠢᠶᠠᠨ ᠬᠤᠳᠠ 576.6 ᠲᠦᠮᠡᠨ ᠵᠢᠭᠤᠯᠴᠢᠯᠠᠭᠴᠢ ᠵᠢ ᠬᠦᠯᠢᠶᠡᠨ ᠠᠪᠴᠤ᠂ ᠵᠢᠭᠤᠯᠴᠢᠯᠠᠯ ᠤ᠋ᠨ ᠣᠷᠣᠯᠭ᠎ᠠ ᠨᠢ 73.66 ᠳ᠋ᠦᠩᠱᠢᠭᠤᠷ ᠲᠥᠭᠥᠷᠢᠭ ᠬᠦᠷᠴᠦ᠂ ᠵᠢᠭᠤᠯᠴᠢᠯᠠᠯ ᠤ᠋ᠨ ᠬᠥᠭ᠌ᠵᠢᠶᠡᠨᠲᠦ ᠤᠯᠠᠷᠢᠯ ᠨᠢ 60 ᠡᠳᠦᠷ ᠦᠷᠭᠦᠯᠵᠢᠯᠡᠵᠠᠢ᠃

ᠣᠷᠳᠣᠰ ᠬᠣᠲᠠ ᠶ᠋ᠢᠨ ᠵᠡᠭᠦᠨᠭᠠᠷ ᠬᠣᠱᠢᠭᠤᠨ ᠤ᠋ 《ᠸᠠᠨ Night》 ᠵᠡᠭᠡᠯᠢ ᠲᠣᠭᠣᠷᠢᠭ ᠱᠠᠵᠢᠨᠳᠤᠬᠤᠢ ᠪᠠᠯᠭᠠᠰᠤᠨ ᠳ᠋ᠦ ᠪᠠᠢᠷᠢᠯᠠᠵᠤ᠂ ᠡᠨᠡ ᠵᠢᠯ ᠱᠢᠨ᠎ᠡ ᠪᠡᠷ ᠲᠠᠰ ᠳᠡᠪᠱᠢᠬᠦᠯᠬᠦ ᠳ᠋ᠦ ᠵᠣᠷᠢᠭᠤᠯᠤᠨ ᠪᠠᠢᠭᠤᠯᠤᠭ᠍ᠰᠠᠨ ᠰᠥᠨᠢ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡᠨ ᠤ᠋ ᠠᠬᠤᠶ ᠲᠠᠯᠠᠪᠠᠶ ᠳ᠋ᠦ ᠲᠣᠭᠠᠴᠢᠯᠠᠭ᠍ᠰᠠᠨ ᠮᠡᠷᠭᠡᠵᠢᠯ ᠢ᠋ ᠠᠰᠢᠭᠯᠠᠨ᠂ ᠣᠷᠣᠨ ᠨᠤᠲᠤᠭ ᠤ᠋ᠨ ᠰᠣᠶᠣᠯ ᠬᠢᠭᠡᠳ ᠣᠲᠣ ᠦᠶ᠎ᠡ ᠶ᠋ᠢᠨ ᠤᠷᠠᠯᠢᠭ᠂ ᠬᠡᠷᠡᠯ ᠵᠢᠷᠤᠭ ᠤ᠋ᠨ ᠮᠡᠷᠭᠡᠵᠢᠯ᠂ ᠤᠨᠴᠠᠯᠢᠭ᠍ᠳᠤ ᠢᠳᠡᠭᠡᠨ ᠤᠮᠳᠠᠭᠠᠨ ᠵᠡᠷᠭᠡ ᠵᠢᠨ ᠲᠣᠭᠠᠴᠢᠯᠠᠭ᠍ᠰᠠᠨ ᠠᠭᠤᠰᠤᠯᠴᠠᠯ ᠢ᠋ ᠠᠬᠢᠭᠤᠯᠪᠠ᠃ ᠵᠡᠭᠡᠯᠢ ᠭᠤᠳᠤᠮᠵᠢ ᠶ᠋ᠢᠨ ᠰᠣᠶᠣᠯ ᠤ᠋ᠨ ᠲᠣᠭ᠍ᠯᠠᠯᠲᠠ ᠨᠢ ᠡᠯᠪᠡᠭ ᠪᠠᠶᠠᠯᠢᠭ ᠪᠠᠢᠵᠤ᠂ ᠵᠡᠭᠡᠯᠢ ᠲᠣᠭᠣᠷᠢᠭ ᠲᠠᠭᠠᠨ 《ᠵᠡᠭᠦᠨᠭᠠᠷ ᠤ᠋ᠨ ᠲᠤᠷᠠᠳᠬᠠᠯ》 ᠪᠣᠳᠠᠲᠤ ᠦᠵᠡᠭ᠌ᠳᠡᠯᠲᠦ ᠵᠦᠴᠦᠭᠡ᠎ᠭᠠᠷᠭᠠᠨ᠂ ᠬᠠᠲᠤᠨ ᠭᠤᠤᠯ ᠢ᠋ᠶ᠋ᠠᠷ ᠬᠥᠱᠢᠭᠡ ᠪᠣᠯᠭᠠᠨ ᠠᠭᠤᠯᠠ ᠤᠰᠤ᠎ᠪᠠᠷ ᠦᠵᠡᠮᠵᠢ ᠪᠣᠯᠭᠠᠵᠤ᠂ ᠮᠠᠩᠬᠠᠨ ᠠᠶᠠᠯᠭᠤ ᠶ᠋ᠢᠨ ᠰᠣᠶᠣᠯ ᠬᠢᠭᠡᠳ ᠣᠲᠣ ᠦᠶ᠎ᠡ ᠶ᠋ᠢᠨ ᠬᠡᠷᠡᠯ ᠰᠡᠭᠦᠳᠡᠷ ᠤ᠋ᠨ ᠮᠡᠷᠭᠡᠵᠢᠯ ᠢ᠋ ᠠᠭᠤᠰᠤᠯᠴᠠᠭᠤᠯᠤᠨ ᠵᠡᠭᠦᠨᠭᠠᠷ ᠤ᠋ᠨ ᠪᠣᠯᠪᠠᠰᠤᠨ ᠤ᠋ ᠬᠤᠪᠢᠷᠠᠯᠲᠠ ᠵᠢ ᠦᠵᠡᠬᠦᠯᠵᠤ ᠪᠤᠢ᠃

2025 ᠤᠨ ᠤ᠋ ᠪᠦᠬᠦ ᠤᠯᠤᠰ ᠤ᠋ᠨ ᠵᠢᠭᠤᠯᠴᠢᠯᠠᠯ ᠤ᠋ᠨ ᠠᠵᠤ ᠦᠶ᠋ᠯᠡᠰ ᠤ᠋ᠨ ᠨᠥᠯᠥᠭᠡᠯᠡᠬᠦ᠌ ᠬᠦᠴᠦᠨ ᠪᠦᠬᠦᠢ ᠠᠮᠵᠢᠯᠳᠠ ᠲᠠᠢ ᠵᠢᠱ᠌ᠢᠶ᠎ᠠ ᠪᠡᠷ ᠰᠣᠩᠭᠣᠭ᠍ᠳᠠᠭ᠍ᠰᠠᠨ ᠡᠨᠡ 3 ᠵᠢᠱ᠌ᠢᠶ᠎ᠡ ᠨᠢ ᠦᠪᠤᠷ ᠮᠤᠩᠭᠤᠯ ᠤ᠋ᠨ ᠰᠣᠶᠣᠯ ᠵᠢᠭᠤᠯᠴᠢᠯᠠᠯ ᠤ᠋ᠨ ᠠᠭᠤᠰᠤᠯᠴᠠᠯ ᠤ᠋ᠨ ᠱᠢᠨ᠎ᠡ ᠵᠢ ᠡᠭᠦᠳᠬᠦ᠌ ᠠᠵᠢᠯ ᠤ᠋ᠨ ᠠᠮᠵᠢᠯᠳᠠ ᠵᠢ ᠬᠠᠷᠠᠭᠤᠯᠤᠭᠰᠠᠨ ᠵᠢᠡᠷ ᠪᠠᠷᠠᠬᠤ ᠥᠬᠡᠶ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠬᠦᠷᠢᠶᠡᠨ ᠳ᠋ᠡᠬᠢ ᠬᠠᠢᠨ ᠰᠥᠪᠡᠭ᠌ᠴᠢᠯᠡᠯᠲᠡ ᠨᠢ ᠪᠥᠬᠥ᠌ ᠤᠯᠤᠰ ᠲᠦ᠍ ᠣᠯᠠᠨ ᠡᠱᠢᠲᠦ ᠬᠥᠭ᠌ᠵᠢᠯᠲᠡ ᠶ᠋ᠢᠨ ᠬᠡᠪ ᠵᠠᠭ᠍ᠪᠤᠷ ᠬᠠᠩᠭᠠᠭᠰᠠᠨ ᠢ᠋ ᠬᠠᠷᠠᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号