ᠦᠪᠦᠷ ᠮᠤᠨᠭᠭᠤᠯ ᠤ᠋ᠨ 22 ᠪᠦᠳᠦᠭᠡᠯ ᠠᠷᠪᠠᠨ ᠳᠥᠷᠪᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠤᠷᠠᠯᠢᠭ ᠤ᠋ᠨ ᠨᠠᠢᠷ ᠲᠦ᠍ ᠰᠤᠩᠭᠤᠭᠳᠠᠪᠠ
2025-10-23 10:50:05
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠮᠠᠨ ᠤ᠋ ᠤᠷᠤᠨ ᠤ᠋ 22 ᠪᠦᠳᠦᠬᠡᠯ ᠠᠷᠪᠠᠨ ᠳᠥᠷᠪᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠤᠷᠠᠯᠢᠭ ᠤ᠋ᠨ ᠨᠠᠢᠷ ᠲᠦ᠍ ᠰᠤᠩᠭᠤᠭᠳᠠᠵᠤ᠂ ᠡᠬᠦᠨ ᠳ᠋ᠤ ᠳᠠᠭᠤᠯᠠᠯᠲᠤ ᠵᠦᠴᠦᠭᠡ 《ᠵᠠᠩᠭᠠᠷ 》᠂ ᠬᠠᠮᠲᠤ ᠶ᠋ᠢᠨ ᠪᠥᠵᠢᠭ 《ᠬᠡᠷᠡᠯ ᠳ᠋ᠦ ᠤᠷᠤᠨᠠᠮ》᠂ ᠳᠠᠭᠤᠤ 《ᠤᠮᠠᠷᠠᠲᠤ ᠬᠢᠯᠢ ᠶ᠋ᠢᠨ ᠥᠷᠯᠥᠭᠡᠨ ᠤ᠋ ᠤᠶᠠᠩᠭ᠎ᠠ》᠂ ᠣᠷᠳᠣ ᠶ᠋ᠢᠨ ᠳᠠᠭᠤᠤ 《ᠬᠦᠬᠡᠷᠡᠨ ᠬᠠᠷᠠᠭᠳᠠᠭᠴᠢ ᠬᠠᠩᠭᠠᠢ 》 ᠵᠡᠷᠭᠡ 4 ᠪᠦᠲᠦᠭᠡᠯ ᠸᠧᠨ ᠬᠤᠸᠠ ᠱᠠᠩᠨᠠᠯ ᠤ᠋ᠨ ᠡᠴᠦᠰ ᠤ᠋ᠨ ᠱᠢᠯᠭᠠᠷᠠᠭᠤᠯᠤᠯᠲᠠ ᠳ᠋ᠦ ᠰᠣᠩᠭᠣᠭ᠍ᠳᠠᠵᠤ᠂ ᠰᠣᠩᠭᠣᠭ᠍ᠳᠠᠭ᠍ᠰᠠᠨ ᠪᠦᠲᠦᠭᠡᠯ ᠤ᠋ᠨ ᠲᠣᠭ᠎ᠠ ᠬᠡᠮᠵᠢᠶ᠎ᠡ ᠨᠢ ᠲᠡᠦᠬᠡ ᠶ᠋ᠢᠨ ᠲᠡᠮᠳᠡᠭ᠌ᠯᠡᠯ ᠢ᠋ ᠰᠢᠨᠡᠳᠬᠡᠪᠠ᠃

ᠠᠷᠪᠠᠨ ᠳᠥᠷᠪᠡᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠤᠷᠠᠯᠢᠭ ᠤ᠋ᠨ ᠨᠠᠢᠷ ᠲᠦ᠍ ᠰᠤᠩᠭᠤᠭᠳᠠᠭᠰᠠᠨ ᠮᠠᠨ ᠤ᠋ ᠤᠷᠤᠨ ᠤ᠋ 22 ᠱᠢᠯᠢᠳᠡᠭ ᠪᠦᠲᠦᠭᠡᠯ ᠨᠢ ᠤᠮᠠᠷᠠᠲᠤ ᠬᠢᠯᠢ ᠶ᠋ᠢᠨ ᠰᠣᠶᠣᠯ ᠤ᠋ᠨ ᠭᠦᠨ ᠵᠤᠵᠠᠭᠠᠨ ᠠᠭᠤᠯᠤᠭ᠍ᠳᠠᠬᠤᠨ ᠪᠣᠯᠤᠨ ᠴᠠᠭ ᠦᠶ᠎ᠡ ᠶ᠋ᠢᠨ ᠠᠮᠢᠵᠢᠷᠠᠯ ᠤ᠋ᠨ ᠬᠦᠴᠦᠨ ᠢ᠋ ᠬᠠᠷᠠᠭᠤᠯᠤᠨ᠂ ᠥᠪᠥᠷ ᠮᠣᠩᠭᠣᠯ ᠤ᠋ᠨ ᠤᠳᠭ᠎ᠠ ᠤᠷᠠᠯᠢᠭ ᠤ᠋ᠨ ᠬᠦᠴᠦᠨ ᠪᠤᠯᠤᠨ ᠣᠶᠤᠨ ᠰᠠᠨᠠᠭᠠᠨ ᠤ᠋ ᠳᠦᠷᠰᠦ ᠪᠠᠢᠳᠠᠯ ᠢ᠋ ᠢᠯᠡᠷᠡᠭᠦᠯᠵᠦ᠂ ᠥᠪᠥᠷ ᠮᠣᠩᠭᠣᠯ ᠤ᠋ᠨ ᠰᠣᠶᠣᠯ ᠤᠷᠠᠯᠢᠭ ᠤ᠋ᠨ ᠦᠶ᠋ᠯᠡᠰ ᠤ᠋ᠨ ᠤᠯᠠᠮᠵᠢᠯᠠᠨ ᠵᠠᠯᠭᠠᠮᠵᠢᠯᠠᠵᠤ ᠱᠢᠨ᠎ᠡ ᠵᠢ ᠡᠭᠦᠳᠦᠭ᠌ᠰᠡᠨ ᠦᠷ᠎ᠡ ᠪᠦᠳᠤᠬᠡᠯ ᠪᠤᠯᠤᠨ᠎ᠠ᠃ ᠤᠢ᠍ᠢᠷ᠎ᠠ ᠶ᠋ᠢᠨ ᠵᠢᠯ ᠡᠴᠡ ᠦᠪᠦᠷ ᠮᠤᠨᠭᠭᠤᠯ ᠢᠮᠠᠭ᠍ᠲᠠ ᠰᠣᠳᠣᠨ ᠪᠦᠲᠦᠭᠡᠯ ᠢ᠋ᠶ᠋ᠡᠷ ᠴᠠᠭ ᠦᠶ᠎ᠡ ᠶ᠋ᠢᠨ ᠤᠷᠢᠶᠠᠯᠠᠭ᠎ᠠ ᠳ᠋ᠦ ᠬᠠᠷᠢᠭᠤᠯᠲᠠ ᠥᠭ᠌ᠴᠦ᠂ ᠤᠳᠭ᠎ᠠ ᠤᠷᠠᠯᠢᠭ ᠤ᠋ᠨ ᠠᠵᠢᠯᠲᠠᠳ ᠤ᠋ᠨ ᠠᠮᠢᠳᠤᠷᠠᠯ ᠤ᠋ᠨ ᠱᠢᠮᠡᠯᠢᠭ ᠬᠥᠷᠥᠰᠥᠨ ᠳ᠋ᠦ ᠦᠨᠳᠦᠰᠦᠯᠡᠵᠦ᠍᠂ ᠤᠮᠠᠷᠠᠲᠤ ᠬᠢᠯᠢ ᠶ᠋ᠢᠨ ᠰᠣᠶᠣᠯ ᠤ᠋ᠨ ᠪᠠᠶᠠᠨ ᠠᠭᠤᠷᠬᠠᠢ ᠵᠢ ᠭᠦᠨ ᠠᠭᠤᠳᠠᠯᠬᠤ ᠵᠢ ᠬᠦᠳᠦᠯᠦᠨ ᠵᠢᠯᠣᠭᠣᠳᠴᠤ᠌᠂ ᠳᠤᠮᠳᠠᠳᠤ ᠶ᠋ᠢᠨ ᠦᠨᠳᠦᠰᠦᠲᠡᠨ ᠤ᠋ ᠤᠯᠠᠮᠵᠢᠯᠠᠯᠲᠤ ᠰᠣᠶᠣᠯ ᠤ᠋ᠨ ᠦᠨᠳᠦᠰᠦ ᠰᠤᠳᠠᠰᠤ ᠵᠢ ᠰᠠᠬᠢᠨ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶ᠋ᠢᠨ ᠬᠠᠮᠲᠤ ᠱᠢᠨ᠎ᠡ ᠵᠢ ᠡᠭᠦᠳᠦᠨ ᠴᠠᠭ ᠦᠶ᠎ᠡ ᠶ᠋ᠢᠨ ᠠᠮᠢᠵᠢᠷᠠᠯ ᠤ᠋ᠨ ᠬᠦᠴᠦᠨ ᠨᠡᠮᠡᠷᠢᠯᠡᠪᠡ᠃ ᠲᠤᠤᠯᠢ ᠵᠢ ᠥᠭᠡᠷᠡᠴᠢᠯᠡᠨ ᠨᠠᠢᠷᠠᠭᠤᠯᠤᠭ᠍ᠰᠠᠨ ᠡᠴᠡ ᠪᠣᠳᠠᠲᠤ ᠠᠬᠤᠢ ᠶ᠋ᠢᠨ ᠰᠡᠳᠦᠪᠯᠡᠬᠦᠨ ᠬᠦᠷᠲᠡᠯ᠎ᠡ᠂ ᠲᠠᠢᠰᠠᠨ ᠤ᠋ ᠢᠯᠡᠳᠬᠡᠮᠵᠢ ᠡᠴᠡ ᠤᠷᠠᠯᠢᠭ ᠤ᠋ᠨ ᠢᠯᠡᠳᠭᠡᠯᠲᠡ ᠬᠦᠷᠲᠡᠯ᠎ᠡ᠂ ᠡᠳᠡᠭᠡᠷ ᠪᠦᠲᠦᠭᠡᠯ ᠨᠢ ᠦᠨᠳᠦᠰᠦᠲᠡᠨ ᠤ᠋ ᠣᠨᠴᠠᠯᠢᠭ ᠢ᠋ ᠪᠠᠲᠤ ᠰᠠᠬᠢᠭ᠍ᠰᠠᠨ ᠢ᠋ᠶ᠋ᠠᠷ ᠪᠠᠷᠠᠬᠤ ᠦᠭᠡᠢ ᠪᠠᠰᠠ ᠤᠳᠤ ᠦᠶ᠎ᠡ ᠶ᠋ᠢᠨ ᠭᠤᠤ᠎ᠠ ᠲᠠᠭᠠᠱᠢᠶᠠᠯ ᠢ᠋ ᠬᠦᠳᠦᠯᠦᠨ ᠳᠠᠭᠠᠭᠤᠯᠵᠦ᠂ ᠥᠪᠥᠷ ᠮᠣᠩᠭᠣᠯ ᠤ᠋ᠨ ᠰᠣᠶᠣᠯ ᠤᠷᠠᠯᠢᠭ ᠤ᠋ᠨ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠱᠢᠨ᠎ᠡ ᠭᠠᠷᠤᠭ᠎ᠠ ᠪᠤᠯᠵᠠᠢ᠃

ᠤᠢᠯᠠᠭᠠᠭᠰᠠᠨ ᠵᠢᠡᠷ᠂ ᠲᠣᠰ ᠬᠤᠭᠤᠴᠠᠭᠠᠨ ᠤ᠋ ᠤᠷᠠᠯᠢᠭ ᠤ᠋ᠨ ᠨᠠᠢᠷ ᠤ᠋ᠨ ᠱᠢᠷᠢᠰ ᠦᠵᠡᠭᠦᠯᠭᠡ ᠨᠢ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠵᠢᠨ ᠦᠵᠡᠬᠦᠯᠬᠡ ᠵᠢ ᠤᠶᠠᠯᠳᠤᠭᠤᠯᠵᠦ᠂ 11 ᠰᠠᠷ᠎ᠠ ᠶ᠋ᠢᠨ 16 ᠤ᠋ ᠡᠳᠦᠷ ᠪᠣᠯᠲᠠᠯ᠎ᠠ ᠦᠷᠭᠦᠯᠵᠢᠯᠡᠨ᠎ᠡ᠃ ᠦᠵᠡᠰᠭᠦᠯᠡᠩ ᠤ᠋ᠨ ᠬᠤᠭᠤᠴᠠᠭᠠᠨ ᠳ᠋ᠦ ᠪᠠᠰᠠ ᠡᠷᠳᠡᠮ ᠱᠢᠨᠵᠢᠯᠡᠭᠡᠨ ᠤ᠋ ᠰᠤᠳᠤᠯᠤᠨ ᠶᠠᠷᠢᠯᠴᠠᠬᠤ ᠬᠤᠷᠠᠯ᠂ ᠣᠯᠠᠨ ᠨᠡᠢᠲᠡ ᠶ᠋ᠢᠨ ᠰᠤᠷᠭᠠᠨ ᠬᠥᠮᠦᠵᠢᠯ ᠵᠡᠷᠭᠡ ᠣᠯᠠᠨ ᠵᠦᠶ᠋ᠯ ᠤ᠋ᠨ ᠢᠵᠢ ᠪᠦᠷᠢᠳᠦᠭᠰᠡᠨ ᠠᠵᠢᠯᠯᠠᠭ᠎ᠠ ᠡᠷᠭᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号