ᠥᠪᠥᠷ ᠮᠣᠩᠭᠣᠯ ᠤ᠋ᠨ ᠰᠣᠶᠣᠯ ᠤ᠋ᠨ ᠣᠷᠳᠣᠨ ᠭᠤᠸ᠎ᠠ ᠰᠠᠢᠬᠠᠨ ᠬᠢᠭᠡᠳ ᠦᠵᠡᠯ ᠰᠠᠨᠠᠭ᠎ᠠ ᠤᠯᠤᠰ ᠲᠥᠷᠥ ᠶ᠋ᠢᠨ ᠬᠥᠮᠦᠵᠢᠯ ᠢ᠋ ᠤᠶᠠᠯᠳᠤᠭᠤᠯᠤᠨ ᠬᠦᠭᠵᠢᠬᠦᠯᠵᠦ ᠪᠤᠢ
2025-10-23 09:47:25
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠭᠤᠤ᠎ᠠ ᠰᠠᠢᠬᠠᠨ ᠢ᠋ᠶ᠋ᠠᠷ ᠬᠥᠮᠦᠨ ᠢ᠋ ᠬᠥᠮᠦᠵᠢᠭᠦᠯᠵᠦ᠍ ᠰᠣᠶᠣᠯ ᠢ᠋ᠶ᠋ᠠᠷ ᠬᠥᠮᠦᠨ ᠢ᠋ ᠭᠡᠭᠡᠷᠡᠬᠦᠯᠦᠨ᠎ᠠ᠃ 10 ᠰᠠᠷ᠎ᠠ ᠶ᠋ᠢᠨ 16 ᠤ᠋ ᠡᠳᠦᠷ᠂ ᠬᠥᠬᠡᠬᠣᠲᠠ ᠶ᠋ᠢᠨ ᠲᠤᠷᠱᠢᠯᠲᠠ ᠶ᠋ᠢᠨ ᠳᠤᠮᠳᠠᠳᠤ ᠰᠤᠷᠭᠠᠭᠤᠯᠢ ᠪᠣᠯᠤᠨ ᠬᠥᠬᠡᠬᠣᠲᠠ ᠶ᠋ᠢᠨ ᠭᠤᠴᠢᠨ ᠳᠥᠷᠪᠡᠳᠦᠭᠡᠷ ᠳᠤᠮᠳᠠᠳᠤ ᠰᠤᠷᠭᠠᠭᠤᠯᠢ ᠶ᠋ᠢᠨ ᠪᠠᠭ᠍ᠰᠢ ᠨᠠᠷ ᠥᠪᠥᠷ ᠮᠣᠩᠭᠣᠯ ᠤ᠋ᠨ ᠰᠣᠶᠣᠯ ᠤ᠋ᠨ ᠣᠷᠳᠣᠨ ᠳ᠋ᠦ ᠬᠦᠷᠴᠦ᠍᠂ 《ᠶᠠᠷᠢᠯᠴᠠᠬᠤ ᠬᠤᠷᠠᠯ + ᠪᠡᠶᠡᠴᠢᠯᠡᠨ ᠣᠢᠯᠠᠭᠠᠬᠤ》 ᠠᠵᠢᠯᠯᠠᠭ᠎ᠠ ᠳ᠋ᠦ ᠤᠷᠤᠯᠴᠠᠵᠦ᠂ ᠵᠠᠯᠠᠭᠤᠴᠤᠳ ᠪᠠᠭᠠᠴᠤᠳ ᠤ᠋ᠨ ᠭᠤᠤ᠎ᠠ ᠰᠠᠢᠬᠠᠨ ᠤ᠋ ᠬᠥᠮᠦᠵᠢᠯ ᠪᠣᠯᠤᠨ ᠦᠵᠡᠯ ᠰᠠᠨᠠᠭ᠎ᠠ ᠤᠯᠤᠰ ᠲᠦᠷᠦ᠍ ᠶ᠋ᠢᠨ ᠬᠥᠮᠦᠵᠢᠯ ᠤ᠋ᠨ ᠠᠭᠤᠰᠤᠯᠴᠠᠯ ᠤ᠋ᠨ ᠱᠢᠨ᠎ᠡ ᠵᠠᠭᠪᠤᠷ ᠢ᠋ ᠡᠬᠢᠯᠡᠬᠦᠯᠪᠡ᠃

ᠶᠣᠰᠣ ᠰᠤᠷᠲᠠᠬᠤᠨ ᠢ᠋ᠶ᠋ᠠᠷ ᠬᠥᠮᠦᠨ ᠢ᠋ ᠬᠥᠮᠦᠵᠢᠭᠦᠯᠬᠦ᠌ ᠦᠨᠳᠦᠰᠦᠨ ᠡᠭᠦᠷᠭᠡ ᠵᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠴᠠᠭ ᠦᠶ᠎ᠡ ᠶ᠋ᠢᠨ ᠵᠠᠯᠠᠭᠤᠴᠤᠳ ᠪᠠᠭᠠᠴᠤᠳ ᠤ᠋ᠨ ᠭᠤᠤ᠎ᠠ ᠰᠠᠢᠬᠠᠨ ᠤ᠋ ᠬᠥᠮᠦᠵᠢᠯ ᠪᠣᠯᠤᠨ ᠦᠵᠡᠯ ᠰᠠᠨᠠᠭ᠎ᠠ ᠤᠯᠤᠰ ᠲᠦᠷᠦ᠍ ᠶ᠋ᠢᠨ ᠬᠥᠮᠦᠵᠢᠯ ᠤ᠋ᠨ ᠭᠦᠨᠵᠡᠭᠡᠢ ᠠᠭᠤᠰᠤᠯᠴᠠᠯ ᠢ᠋ ᠠᠬᠢᠭᠤᠯᠬᠤ ᠵᠢ ᠵᠤᠷᠢᠭᠰᠠᠨ ᠡᠨᠡ ᠬᠦ᠌ ᠠᠵᠢᠯᠯᠠᠭ᠎ᠠ ᠨᠢ ᠥᠪᠥᠷ ᠮᠣᠩᠭᠣᠯ ᠤ᠋ᠨ ᠰᠣᠶᠣᠯ ᠤ᠋ᠨ ᠣᠷᠳᠣᠨ ᠤ᠋ ᠱᠢᠯᠢᠳᠡᠭ ᠡᠬᠢ ᠪᠠᠶᠠᠯᠢᠭ ᠢ᠋ ᠠᠮᠢᠳᠤᠯᠢᠭ ᠬᠦᠮᠦᠵᠢᠯ ᠤ᠋ᠨ ᠬᠢᠴᠢᠶᠡᠯ ᠤ᠋ᠨ ᠲᠠᠩᠬᠢᠮ ᠪᠣᠯᠭᠠᠨ ᠬᠤᠪᠢᠷᠠᠭᠤᠯᠵᠤ᠂ ᠰᠤᠷᠭᠠᠭᠤᠯᠢ ᠪᠠ ᠰᠤᠶᠤᠯ ᠤ᠋ᠨ ᠣᠷᠳᠣᠨ ᠬᠠᠮᠵᠢᠯᠴᠠᠨ ᠬᠥᠮᠦᠨ ᠬᠥᠮᠦᠵᠢᠭᠦᠯᠬᠦ᠌ ᠬᠥᠱᠢᠭᠡ ᠵᠢ ᠨᠡᠭᠡᠭᠡᠪᠡ᠃ ᠠᠵᠢᠯᠯᠠᠭ᠎ᠠ ᠳ᠋ᠦ ᠵᠠᠯᠠᠭᠤᠴᠤᠳ ᠪᠠᠭᠠᠴᠤᠳ ᠤ᠋ᠨ ᠭᠤᠤ᠎ᠠ ᠰᠠᠢᠬᠠᠨ ᠤ᠋ ᠬᠥᠮᠦᠵᠢᠯ᠎ᠪᠤᠯᠤᠨ ᠦᠵᠡᠯ ᠰᠠᠨᠠᠭ᠎ᠠ ᠤᠯᠤᠰ ᠲᠥᠷᠥ ᠶ᠋ᠢᠨ ᠬᠥᠮᠦᠵᠢᠯ ᠢ᠋ ᠬᠠᠮᠲᠤ ᠪᠠᠷ ᠪᠠᠢᠭᠤᠯᠬᠤ ᠬᠤᠷᠠᠯ ᠬᠢᠵᠤ᠂ ᠡᠯ᠎ᠡ ᠲᠠᠯ᠎ᠠ ᠶ᠋ᠢᠨ ᠬᠢᠨ ᠬᠢᠴᠢᠶᠡᠯ ᠢ᠋ ᠬᠠᠮᠲᠤ ᠪᠠᠷ ᠪᠠᠢᠭᠤᠯᠬᠤ᠂ ᠡᠬᠢ ᠪᠠᠶᠠᠯᠢᠭ ᠢ᠋ ᠬᠠᠮᠲᠤ ᠪᠠᠷ ᠡᠳ᠋ᠯᠡᠬᠦ᠌᠂ ᠠᠵᠢᠯᠯᠠᠭ᠎ᠠ ᠵᠢ ᠬᠠᠮᠲᠤ ᠪᠠᠷ ᠡᠷᠬᠢᠯᠡᠬᠦ᠌ ᠵᠡᠷᠭᠡ ᠲᠠᠯ᠎ᠠ ᠪᠠᠷ ᠥᠷᠭᠡᠨ ᠳᠡᠯᠭᠡᠷ ᠬᠠᠮᠲᠤ ᠶ᠋ᠢᠨ ᠲᠠᠨᠢᠯᠲᠠ ᠲᠠᠶ ᠪᠣᠯᠤᠭ᠍ᠰᠠᠨ ᠪᠥᠭᠡᠳ 《ᠵᠠᠯᠠᠭᠤᠴᠤᠳ ᠪᠠᠭᠠᠴᠤᠳ ᠤ᠋ᠨ ᠭᠤᠤ᠎ᠠ ᠰᠠᠢᠬᠠᠨ ᠤ᠋ ᠬᠥᠮᠦᠵᠢᠯ ᠪᠤᠯᠤᠨ ᠦᠵᠡᠯ ᠰᠠᠨᠠᠭ᠎ᠠ ᠤᠯᠤᠰ ᠲᠥᠷᠥ ᠶ᠋ᠢᠨ ᠬᠥᠮᠦᠵᠢᠯ ᠢ᠋ ᠬᠠᠮᠲᠤ ᠪᠠᠷ ᠪᠠᠢᠭᠤᠯᠬᠤ ᠰᠠᠭᠤᠷᠢᠨ》 ᠤ᠋ ᠫᠠᠢᠰᠠ ᠡᠯᠭᠦᠬᠦ᠌ ᠶᠣᠰᠣᠯᠠᠯ ᠶᠠᠪᠤᠭᠤᠯᠪᠠ᠃ ᠬᠤᠶᠠᠷ ᠰᠤᠷᠭᠠᠭᠤᠯᠢ ᠵᠢᠨ ᠪᠠᠭᠰᠢ ᠨᠠᠷ ᠰᠤᠶᠤᠯ᠎ᠤᠨ ᠣᠷᠳᠣᠨ ᠤ᠋ 《ᠦᠵᠡᠰᠭᠦᠯᠡᠩᠲᠦ ᠰᠠᠢᠬᠠᠨ ᠲᠠᠯ᠎ᠠ ᠨᠤᠲᠤᠭ ᠦᠵᠡᠮᠵᠢ ᠳᠡᠬᠦᠰ ᠤᠮᠠᠷᠠᠲᠤ ᠬᠢᠯᠢ》 ᠱᠢᠷᠢᠰ ᠦᠵᠡᠰᠭᠦᠯᠡᠩ ᠢ᠋ ᠲᠣᠭᠣᠷᠢᠨ ᠦᠵᠡᠵᠦ᠍᠂ ᠤᠮᠠᠷᠠᠲᠤ ᠬᠢᠯᠢ ᠶ᠋ᠢᠨ ᠰᠣᠶᠣᠯ ᠤ᠋ᠨ ᠥᠪᠡᠷᠮᠢᠴᠡ ᠲᠠᠲᠠᠬᠤ ᠬᠦᠴᠦᠨ ᠪᠠ ᠰᠦᠷᠯᠢᠭ ᠰᠠᠢᠬᠠᠨ ᠥᠩᠭᠡ ᠦᠵᠡᠮᠵᠢ ᠵᠢ ᠰᠤᠨᠢᠷᠬᠠᠵᠠᠢ᠃ ᠳᠠᠷᠠᠭ᠎ᠠ ᠨᠢ ᠰᠤᠳᠤᠯᠤᠨ ᠰᠤᠷᠤᠯᠴᠠᠬᠤ ᠪᠡᠶᠡᠴᠢᠯᠡᠨ ᠣᠢᠯᠠᠭᠠᠬᠤ ᠲᠣᠭᠣᠷᠢᠭ ᠲᠦ᠍ ᠬᠦᠷᠴᠦ᠍᠂ ᠴᠡᠴᠡᠭ ᠤᠷᠠᠯᠢᠭ ᠤ᠋ᠨ ᠨᠡᠢᠲᠡ ᠶ᠋ᠢᠨ ᠠᠰᠠᠷᠠᠮᠵᠢ ᠶ᠋ᠢᠨ ᠬᠢᠴᠢᠶᠡᠯ᠂ ᠡᠯ᠎ᠡ ᠲᠥᠷᠥᠯ ᠤ᠋ᠨ ᠪᠣᠯᠪᠠᠰᠤᠷᠠᠯ ᠤ᠋ᠨ ᠠᠩᠭᠢ ᠶ᠋ᠢᠨ ᠭᠡᠷ ᠢ᠋ ᠲᠣᠭᠣᠷᠢᠨ ᠦᠵᠡᠵᠦ᠍᠂ ᠲᠣᠰ ᠣᠷᠳᠣᠨ ᠤ᠋ ᠤᠷᠠᠯᠢᠭ᠂ ᠰᠣᠶᠣᠯ᠂ ᠪᠣᠳᠠᠰ ᠤ᠋ᠨ ᠪᠤᠰᠤ ᠰᠣᠶᠣᠯ ᠤ᠋ᠨ ᠥᠪ ᠵᠡᠷᠭᠡ ᠬᠦᠷᠢᠶᠡᠨ ᠳ᠋ᠡᠬᠢ ᠣᠯᠠᠨ ᠡᠱᠢᠲᠦ ᠵᠢᠭᠠᠨ ᠰᠤᠷᠭᠠᠯᠲᠠ ᠶ᠋ᠢᠨ ᠡᠬᠢ ᠪᠠᠶᠠᠯᠢᠭ ᠢ᠋ ᠣᠢᠯᠠᠭᠠᠪᠠ᠃

ᠲᠣᠰ ᠤᠳᠠᠭ᠎ᠠ ᠵᠢᠨ ᠬᠠᠮᠲᠤᠷᠠᠯᠴᠠᠭ᠎ᠠ ᠪᠣᠯ ᠱᠢᠨ᠎ᠡ ᠴᠠᠭ ᠦᠶ᠎ᠡ ᠶ᠋ᠢᠨ ᠰᠤᠷᠭᠠᠭᠤᠯᠢ ᠶ᠋ᠢᠨ ᠭᠤᠤ᠎ᠠ ᠰᠠᠢᠬᠠᠨ ᠤ᠋ ᠬᠥᠮᠦᠵᠢᠯ ᠤ᠋ᠨ ᠠᠵᠢᠯ ᠢ᠋ ᠪᠥᠬᠥ᠌ ᠲᠠᠯ᠎ᠠ ᠪᠠᠷ ᠴᠢᠩᠭᠠᠳᠭᠠᠬᠤ ᠲᠤᠬᠠᠶ ᠨᠠᠮ ᠤ᠋ᠨ ᠲᠥᠪ ᠬᠤᠷᠢᠶ᠎ᠠ ᠵᠢᠨ ᠪᠠᠢᠷᠢᠯᠠᠭᠤᠯᠤᠯᠲᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠂ ᠪᠠᠰᠠ ᠴᠤ᠌ ᠰᠣᠶᠣᠯ ᠤ᠋ᠨ ᠣᠷᠳᠣᠨ ᠤ᠋ ᠨᠡᠢᠭᠡᠮ ᠤ᠋ᠨ ᠰᠤᠷᠭᠠᠨ ᠬᠥᠮᠦᠵᠢᠯ ᠤ᠋ᠨ ᠴᠢᠳᠠᠮᠵᠢ ᠵᠢ ᠥᠷᠭᠡᠳᠭᠡᠬᠦ᠌᠂ ᠵᠠᠯᠠᠭᠤᠴᠤᠳ ᠪᠠᠭᠠᠴᠤᠳ ᠤ᠋ᠨ ᠪᠥᠬᠥ᠌ ᠲᠠᠯ᠎ᠠ ᠶ᠋ᠢᠨ ᠬᠥᠭ᠌ᠵᠢᠯᠲᠡ ᠳ᠋ᠦ ᠦᠶ᠋ᠯᠡᠴᠢᠯᠡᠬᠦ᠌ ᠴᠢᠬᠤᠯᠠ ᠦᠶ᠋ᠯᠡᠳᠦᠯᠭᠡ ᠪᠤᠯᠤᠨ᠎ᠠ᠃ ᠥᠪᠥᠷ ᠮᠣᠩᠭᠣᠯ ᠤ᠋ᠨ ᠰᠣᠶᠣᠯ ᠤ᠋ᠨ ᠣᠷᠳᠣᠨ ᠴᠢᠨᠠᠷ ᠰᠠᠢᠲᠠᠶ ᠭᠤᠤ᠎ᠠ ᠰᠠᠢᠬᠠᠨ ᠤ᠋ ᠬᠥᠮᠦᠵᠢᠯ ᠪᠤᠯᠤᠨ ᠦᠵᠡᠯ ᠰᠠᠨᠠᠭ᠎ᠠ ᠤᠯᠤᠰ ᠲᠥᠷᠥ ᠶ᠋ᠢᠨ ᠬᠦᠮᠦᠵᠢᠯ ᠤ᠋ᠨ ᠠᠭᠤᠰᠤᠯᠴᠠᠯ ᠤ᠋ᠨ ᠨᠠᠩ ᠣᠯᠠᠨ ᠲᠥᠷᠥᠯ ᠵᠦᠶ᠋ᠯ ᠢ᠋ ᠦᠷᠭᠦᠯᠵᠢᠯᠡᠨ ᠭᠠᠷᠭᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠢ᠋ ᠬᠥᠲᠥᠯᠥᠨ ᠵᠢᠯᠣᠭᠣᠳᠴᠤ᠌ ᠪᠠᠢᠭᠠᠳ ᠤᠷᠠᠯᠢᠭ ᠤ᠋ᠨ ᠭᠤᠤ᠎ᠠ ᠰᠠᠢᠬᠠᠨ ᠤ᠋ ᠳᠤᠮᠳᠠ ᠬᠡᠪ ᠴᠢᠨᠠᠷ ᠵᠢᠡᠨ ᠬᠠᠳᠠᠭᠠᠯᠠᠵᠤ᠂ ᠰᠣᠶᠣᠯ ᠤ᠋ᠨ ᠦᠨᠳᠦᠰᠦ ᠶ᠋ᠢᠨ ᠳᠤᠮᠳᠠ ᠢᠲᠡᠭᠡᠯ ᠪᠢᠱᠢᠷᠡᠯ ᠵᠢᠡᠨ ᠪᠠᠲᠤᠳᠭᠠᠬᠤ ᠵᠢ ᠠᠬᠢᠭᠤᠯᠬᠤ᠎ᠪᠠᠷ ᠵᠤᠷᠢᠨ ᠠᠵᠢᠯᠯᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号