ᠨᠡᠢᠭᠡᠮ ᠨᠡᠶ᠋ᠢᠲᠡ᠎ᠡᠴᠡ ᠢᠯᠡ᠎ᠪᠡᠷ ᠰᠠᠨᠠᠯ ᠬᠤᠷᠢᠶᠠᠵᠤ ᠪᠣᠶ
2025-10-23 10:52:01
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠣᠢᠯᠠᠭᠠᠭᠰᠠᠨ ᠵᠢᠡᠷ᠂ ᠨᠡᠢᠭᠡᠮ᠎ᠦᠨ ᠡᠯ᠎ᠡ ᠡᠲᠡᠭᠡᠳ᠎ᠦᠨ ᠰᠠᠨᠠᠯ ᠰᠠᠨᠠᠭᠤᠯᠭ᠎ᠠ᠎ᠶᠢ ᠥᠷᠭᠡᠨ᠎ᠢᠶᠡᠷ ᠰᠣᠨᠣᠰᠬᠤ᠎ᠶᠢᠨ ᠲᠥᠯᠥᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠵᠠᠯᠬᠠᠭᠠᠨ ᠴᠡᠭᠡᠷᠯᠡᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ (ᠰᠠᠨᠠᠯ ᠬᠤᠷᠢᠶᠠᠬᠤ ᠨᠣᠣᠷᠠᠭ)》᠎ᠤᠨ ᠲᠤᠬᠠᠢ ᠨᠡᠢᠭᠡᠮ ᠨᠡᠶ᠋ᠢᠲᠡ᠎ᠡᠴᠡ ᠵᠢᠩᠬᠢᠨᠢ᠎ᠪᠡᠷ ᠢᠯᠡ᠎ᠪᠡᠷ ᠰᠠᠨᠠᠯ ᠬᠤᠷᠢᠶᠠᠵᠤ ᠪᠠᠢᠨ᠎ᠠ᠃

ᠲᠤᠰ ᠬᠡᠷᠡᠭᠵᠢᠭᠦᠯᠬᠦ ᠨᠠᠷᠢᠨ ᠳᠦᠷᠢᠮ᠎ᠢ ᠲᠤᠭᠤᠷᠪᠢᠬᠤ᠎ᠳᠤ ᠰᠤᠷᠭᠠᠨ ᠬᠥᠮᠦᠵᠢᠯ ᠤ᠋ᠨ ᠶᠠᠮᠤᠨ᠎ᠤ ᠨᠡᠢᠲᠡᠯᠡᠭᠰᠡᠨ 《ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠵᠠᠯᠬᠠᠭᠠᠨ ᠴᠡᠭᠡᠷᠯᠡᠭᠦᠯᠬᠦ ᠳᠦᠷᠢᠮ (ᠲᠤᠷᠰᠢᠨ ᠬᠡᠷᠡᠭᠵᠢᠭᠦᠯᠬᠦ)》᠎ᠢ ᠴᠢᠩᠭ᠎ᠠ ᠵᠢᠷᠤᠮᠯᠠᠨ᠂ ᠡᠭᠦᠨ᠎ᠦ ᠬᠠᠮᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠪᠣᠳᠠᠲᠠᠢ ᠪᠠᠢᠳᠠᠯ ᠳᠠᠢ ᠤᠶᠠᠯᠳᠤᠭᠤᠯᠤᠨ᠂ ᠰᠤᠷᠭᠠᠨ ᠬᠥᠮᠥᠵᠢᠯ᠎ᠤᠨ ᠵᠠᠯᠬᠠᠭᠠᠨ ᠴᠡᠭᠡᠷᠯᠡᠭᠦᠯᠬᠦ ᠵᠢ ᠬᠡᠷᠡᠭᠵᠢᠬᠦᠯᠬᠦ ᠨᠥᠬᠥᠴᠡᠯ᠂ ᠪᠣᠳᠠᠲᠠᠢ ᠠᠷᠭ᠎ᠠ ᠮᠠᠶᠢᠭ᠋᠂ ᠲᠠᠰ ᠳᠠᠷᠠᠭᠠᠯᠠᠯ᠎ᠤᠨ ᠵᠢᠷᠤᠮᠵᠢᠯ ᠵᠢᠴᠢ ᠬᠠᠮᠢᠶ᠎ᠠ ᠪᠦᠬᠦᠢ ᠬᠢᠨᠠᠯᠲᠠ ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠨ ᠲᠣᠳᠣᠷᠬᠠᠢᠯᠠᠵᠤ᠂ ᠰᠤᠷᠭᠠᠨ ᠬᠥᠮᠥᠵᠢᠯ᠎ᠤᠨ ᠵᠠᠯᠬᠠᠭᠠᠨ ᠴᠡᠭᠡᠷᠯᠡᠭᠦᠯᠬᠦ᠎ᠶᠢ ᠬᠡᠷᠡᠭᠵᠢᠭᠦᠯᠬᠦ ᠳ᠋ᠤ ᠵᠢᠷᠤᠮᠯᠠᠬᠤ ᠳᠦᠷᠢᠮ᠎ᠲᠠᠢ᠂ ᠵᠢᠷᠤᠮᠵᠢᠯ ᠳᠠᠢ ᠢᠯᠡ ᠲᠣᠳᠣ᠌ ᠪᠠᠢᠯᠭᠠᠵᠥ᠂ ᠰᠤᠷᠭᠠᠨ ᠬᠥᠮᠦᠵᠢᠯ᠎ᠦᠨ ᠦᠷ᠎ᠡ ᠪᠦᠲᠦᠮᠵᠢ᠂ ᠬᠠᠤᠯᠢ ᠴᠠᠭᠠᠵᠠ᠎ᠶᠢᠨ ᠦᠷ᠎ᠡ ᠪᠦᠲᠦᠮᠵᠢ ᠪᠠ ᠨᠡᠢᠭᠡᠮ᠎ᠦᠨ ᠦᠷ᠎ᠡ ᠪᠦᠲᠦᠮᠵᠢ᠎ᠶᠢᠨ ᠨᠢᠭᠡᠳᠦᠯᠲᠡᠢ ᠪᠠᠢᠬᠤ᠎ᠶᠢ ᠪᠡᠶᠡᠯᠡᠭᠦᠯᠬᠦ ᠪᠡᠷ ᠴᠢᠷᠮᠡᠢᠪᠠ᠃

ᠨᠡᠢᠭᠡᠮ᠎ᠦᠨ ᠡᠯ᠎ᠡ ᠡᠲᠡᠭᠡᠳ᠎ᠦᠨ ᠬᠥᠮᠥᠰ 2025 ᠣᠨ᠎ᠤ 10 ᠰᠠᠷ᠎ᠠ᠎ᠶᠢᠨ 28᠎ᠤ ᠡᠳᠦᠷ᠎ᠡᠴᠡ ᠡᠮᠦᠨ᠎ᠡ᠂ ᠬᠣᠶᠠᠷ ᠵᠦᠢᠯ᠎ᠦᠨ ᠠᠷᠭ᠎ᠠ ᠵᠠᠮ᠎ᠢᠶᠠᠷ ᠡᠷᠬᠢᠮ ᠨᠠᠨᠳᠢᠨ ᠰᠠᠨᠠᠯ᠎ᠢᠶᠠᠨ ᠬᠠᠷᠢᠭᠤ ᠲᠤᠰᠬᠠᠵᠤ ᠪᠣᠯᠣᠨ᠎ᠠ᠃

ᠨᠢᠭᠡ ᠨᠢ᠂ ᠵᠠᠬᠢᠳᠠᠯ᠎ᠤᠨ ᠬᠡᠯᠪᠡᠷᠢ᠎ᠪᠡᠷ ᠳᠠᠮᠵᠢᠭᠤᠯᠤᠨ᠂ ᠰᠠᠨᠠᠯ᠎ᠢᠶᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠳ᠋ᠢᠩ ᠰᠢᠶᠠᠩ ᠵᠠᠮ᠎ᠤᠨ 5 ᠳ᠋ᠤᠭᠠᠷ ᠨᠣᠮᠧᠷ᠎ᠦᠨ 1004 ᠥᠷᠥᠭᠡ (ᠰᠢᠤᠳᠠᠨ ᠨᠤᠮᠸᠷ ᠄ 010010)᠎ᠳᠤ ᠢᠯᠡᠭᠡᠬᠦ᠎ᠶᠢᠨ ᠬᠠᠮᠲᠤ ᠂ ᠵᠠᠬᠢᠳᠠᠯ᠎ᠤᠨ ᠳᠤᠭᠲᠤᠢ ᠳᠡᠭᠡᠷ᠎ᠡ᠎ᠪᠡᠨ《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠭᠠᠨ ᠬᠥᠮᠦᠵᠢᠯ᠎ᠦᠨ ᠵᠠᠯᠬᠠᠭᠠᠨ ᠴᠡᠭᠡᠷᠯᠡᠭᠦᠯᠬᠦ᠎ᠶᠢ ᠬᠡᠷᠡᠭᠵᠢᠭᠦᠯᠬᠦ ᠨᠠᠷᠢᠨ ᠳᠦᠷᠢᠮ〉᠎ᠤᠨ ᠬᠤᠷᠢᠶᠠᠬᠤ ᠰᠠᠨᠠᠯ》 ᠭᠡᠰᠡᠨ ᠥᠰᠥᠭ᠎ᠢ ᠲᠣᠳᠣᠷᠬᠠᠢᠯᠠᠭᠠᠷᠠᠢ;

ᠬᠣᠶᠠᠷ ᠨᠢ᠂ ᠢᠮᠸᠯ᠎ᠦᠨ ᠬᠡᠯᠪᠡᠷᠢ᠎ᠪᠡᠷ ᠰᠠᠨᠠᠯ᠎ᠢᠶᠠᠨ ᠳᠤᠤᠷᠠᠬᠢ ᠢᠮᠸᠯ ᠳ᠋ᠤ ᠢᠯᠡᠭᠡᠨ᠎ᠡ᠄ lzyjyt@163.com᠃

ᠰᠠᠨᠠᠭᠤᠯᠬᠤ ᠴᠢᠬᠤᠯᠠᠲᠠᠢ ᠨᠢ᠂ ᠵᠠᠬᠢᠳᠠᠯ᠎ᠤᠨ ᠬᠡᠯᠪᠡᠷᠢ ᠪᠡᠷ ᠰᠠᠨᠠᠯ ᠵᠢᠡᠨ ᠬᠠᠷᠢᠭᠤ ᠲᠤᠰᠬᠠᠬᠤ᠎ᠳᠤ ᠬᠦᠷᠪᠡᠯ᠂ ᠳᠠᠭᠤᠰᠬᠤ ᠡᠳᠦᠷ ᠬᠤᠭᠤᠴᠠᠭ᠎ᠠ᠎ᠶᠢ ᠢᠯᠡᠭᠡᠬᠦ ᠦᠶ᠎ᠡ᠎ᠶᠢᠨ ᠰᠢᠤᠳᠠᠨ᠎ᠤ ᠲᠠᠮᠠᠭ᠎ᠠ᠎ᠪᠠᠷ ᠪᠠᠷᠢᠮᠵᠢᠶ᠎ᠠ ᠪᠣᠯᠭᠠᠨ᠎ᠠ᠃

ᠲᠣᠰ ᠤᠳᠠᠭᠠᠨ᠎ᠤ ᠢᠯᠡ᠎ᠪᠡᠷ ᠰᠠᠨᠠᠯ ᠬᠤᠷᠢᠶᠠᠬᠤ ᠠᠵᠢᠯ ᠨᠢ ᠰᠤᠷᠭᠠᠨ ᠬᠥᠮᠦᠵᠢᠯ᠎ᠦᠨ ᠵᠠᠰᠠᠯᠲᠠ᠎ᠶᠢᠨ ᠰᠢᠰᠲᠧᠮ᠎ᠦᠨ ᠣᠳᠣᠬᠢᠴᠢᠯᠠᠯᠲᠠ᠎ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠣᠯᠠᠨ᠎ᠤ ᠤᠬᠠᠭᠠᠨ ᠰᠠᠨᠠᠭ᠎ᠠ ᠵᠢ ᠲᠥᠪᠯᠡᠷᠡᠭᠦᠯᠬᠦ ᠪᠡᠷ ᠳᠠᠮᠵᠢᠭᠤᠯᠤᠨ ᠲᠣᠰ ᠨᠠᠷᠢᠨ ᠳᠦᠷᠢᠮ᠎ᠢ ᠨᠠᠩ ᠪᠦᠷᠢᠨ ᠲᠡᠭᠦᠯᠳᠡᠷ ᠪᠣᠯᠭᠠᠵᠤ᠂ ᠡᠷᠡᠭᠦᠯ᠂ ᠪᠣᠯᠪᠠᠰᠤᠨ᠂ ᠡᠶ᠎ᠡ ᠵᠣᠬᠢᠴᠠᠩᠭᠤᠢ ᠰᠤᠷᠭᠠᠨ ᠬᠥᠮᠦᠵᠢᠯ᠎ᠦᠨ ᠣᠷᠴᠢᠨ ᠨᠥᠬᠥᠴᠡᠯ᠎ᠢ ᠪᠣᠶ ᠪᠣᠯᠭᠠᠬᠤ᠎ᠳᠤ ᠪᠠᠲᠤ ᠴᠢᠩᠭ᠎ᠠ ᠳᠦᠷᠢᠮ᠎ᠦᠨ ᠪᠠᠲᠤᠯᠠᠭ᠎ᠠ ᠬᠠᠩᠭᠠᠬᠤ᠎ᠶᠢ ᠬᠦᠰᠡᠵᠦ ᠪᠠᠢᠨ᠎ᠠ᠃

ᠢᠷᠡᠯᠲᠡ᠄ ᠤᠮᠠᠷᠠᠳᠤ ᠵᠢᠨ ᠰᠢᠨ᠎ᠡ ᠰᠤᠨᠢᠨ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号