ᠡᠮᠴᠢᠯᠡᠭᠡᠨ ᠤ᠋ ᠪᠠᠲᠤᠯᠠᠭ᠎ᠠ ᠵᠢᠨ ᠰᠠᠭᠤᠷᠢ ᠮᠥᠩᠭᠥ ᠵᠢᠨ ᠬᠠᠮᠢᠶ᠎ᠠ ᠪᠦᠬᠦᠢ ᠰᠦᠪᠡᠭᠴᠢ ᠵᠢ ᠴᠤᠬᠯᠠᠭᠤᠯᠵᠥ ᠡᠬᠢᠯᠡᠪᠡ
2025-10-23 11:02:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠲᠦᠷᠦᠬᠦᠬᠡᠨ 《ᠡᠮᠴᠢᠯᠡᠭᠡᠨ ᠤ᠋ ᠪᠠᠲᠤᠯᠠᠭ᠎ᠠ ᠵᠢᠨ ᠰᠠᠭᠤᠷᠢ ᠮᠥᠩᠭᠥ ᠎ᠶᠢᠨ ᠬᠠᠮᠢᠶᠠᠷᠤᠯᠲᠠ᠎ᠶᠢᠨ ᠲᠣᠪᠣᠢᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ 〈ᠵᠠᠭᠤᠨ ᠡᠳᠦᠷ᠎ᠦᠨ ᠠᠵᠢᠯᠯᠠᠭ᠎ᠠ〉 ᠵᠢᠨ ᠰᠦᠪᠡᠭᠴᠢ ᠴᠤᠭᠯᠠᠭᠤᠯᠬᠤ ᠲᠤᠬᠠᠢ ᠠᠯᠪᠠᠨ ᠵᠠᠷᠯᠠᠯ》 (ᠳᠤᠷᠤᠬᠰᠢ 《ᠠᠯᠪᠠᠨ ᠵᠠᠷᠯᠠᠯ》 ᠭᠡᠵᠦ ᠳᠦᠭᠦᠮᠴᠢᠯᠡᠨ᠎ᠡ) ᠨᠡᠢᠲᠡᠯᠡᠪᠡ᠃

 《ᠠᠯᠪᠠᠨ ᠵᠠᠷᠯᠠᠯ》 ᠳ᠋ᠤ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠥ᠎ᠶᠢ ᠬᠠᠤᠯᠢ ᠲᠣᠭᠲᠠᠭᠠᠯ ᠡᠴᠡ ᠵᠥᠷᠢᠴᠡᠨ ᠬᠡᠷᠡᠭᠯᠡᠬᠦ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ᠎ᠤ 《ᠡᠪᠡᠳᠴᠢᠨ ᠦᠵᠡᠭᠦᠯᠬᠦ ᠵᠣᠭᠣᠰ》 ᠪᠠ 《ᠠᠮᠢ ᠠᠪᠤᠷᠠᠬᠤ ᠵᠣᠭᠣᠰ》᠎ᠢ ᠰᠠᠢᠲᠤᠷ ᠰᠠᠬᠢᠨ ᠬᠠᠮᠠᠭᠠᠯᠠᠬᠤ᠎ᠶᠢᠨ ᠲᠥᠯᠥᠭᠡ᠂ ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ 《ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠥ ᠵᠢᠨ ᠬᠠᠮᠢᠶᠠᠷᠤᠯᠲᠠ᠎ᠶᠢᠨ ᠲᠣᠪᠣᠢᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ 〈ᠵᠠᠭᠤᠨ ᠡᠳᠦᠷ᠎ᠦᠨ ᠠᠵᠢᠯᠯᠠᠭ᠎ᠠ〉 ᠥᠷᠨᠢᠭᠦᠯᠬᠦ ᠲᠤᠬᠠᠢ ᠮᠡᠳᠡᠭᠳᠡᠯ》 ᠵᠢᠴᠢ ᠬᠠᠮᠢᠶ᠎ᠠ ᠪᠦᠬᠦᠢ ᠠᠵᠢᠯ ᠎ᠤᠨ ᠪᠠᠢᠷᠢᠯᠠᠭᠤᠯᠤᠯᠲᠠ᠎ᠶᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ ᠡᠴᠡ 2025 ᠣᠨ᠎ᠤ ᠡᠴᠦᠰ ᠪᠣᠯᠲᠠᠯ᠎ᠠ᠂ ᠨᠡᠢᠭᠡᠮ ᠨᠡᠢᠳᠡ᠎ᠡᠴᠡ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠥ᠎ᠶᠢᠨ ᠬᠠᠮᠢᠶᠠᠷᠤᠯᠲᠠ᠎ᠶᠢᠨ ᠲᠣᠪᠣᠢᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ 《ᠵᠠᠭᠤᠨ ᠡᠳᠦᠷ᠎ᠦᠨ ᠠᠵᠢᠯᠯᠠᠭ᠎ᠠ》 ᠵᠢᠨ ᠰᠦᠪᠡᠭᠴᠢ ᠢᠯᠡ᠎ᠪᠡᠷ ᠴᠤᠭᠯᠠᠭᠤᠯᠬᠤ᠎ᠪᠠᠷ ᠲᠣᠭᠲᠠᠪᠠ ᠭᠡᠵᠡᠢ᠃

ᠢᠯᠡᠴᠢᠯᠡᠨ ᠮᠡᠳᠡᠭᠦᠯᠬᠦ ᠠᠷᠭ᠎ᠠ᠄

1. ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠶᠢᠨ ᠠᠯᠪᠠᠨ ᠰᠦᠯᠵᠢᠶ᠎ᠡ (https᠄//ylbzj.nmg.gov.cn/) ᠵᠢᠨ ᠳᠠᠭᠠᠳᠬᠠᠯ ᠮᠡᠬᠡᠯᠡᠭᠰᠡᠨ᠎ᠢ ᠢᠯᠡᠴᠢᠯᠡᠨ ᠮᠡᠳᠡᠭᠦᠯᠬᠦ ᠵᠠᠬᠢᠳᠠᠯ᠎ᠤᠨ ᠬᠠᠢᠷᠴᠠᠭ᠎ᠲᠤ ᠣᠷᠣᠵᠤ ᠬᠠᠮᠢᠶ᠎ᠠ ᠪᠦᠬᠦᠢ ᠰᠦᠪᠡᠭᠴᠢ᠎ᠶᠢ ᠲᠠᠭᠯᠠᠵᠥ ᠪᠤᠯᠤᠨ᠎ᠠ;

2. ᠳᠠᠷᠠᠭᠠᠬᠢ ᠮᠡᠷᠭᠡᠨ ᠴᠤᠬᠤᠷ᠎ᠢ ᠰᠢᠷᠪᠢᠵᠤ ᠢᠯᠡᠴᠢᠯᠡᠨ ᠮᠡᠳᠡᠭᠦᠯᠬᠦ ᠵᠠᠬᠢᠳᠠᠯ᠎ᠤᠨ ᠬᠠᠢᠷᠴᠠᠭ᠎ᠲᠤ ᠤᠷᠤᠵᠥ ᠬᠠᠮᠢᠶ᠎ᠠ ᠪᠦᠬᠦᠢ ᠰᠦᠪᠡᠭᠴᠢ᠎ᠶᠢ ᠲᠠᠭᠯᠠᠵᠥ ᠪᠤᠯᠤᠨ᠎ᠠ;


QQ截图20250224163936.png


3. ᠡᠯ᠎ᠡ ᠠᠢᠮᠠᠭ ᠬᠣᠲᠠ᠎ᠶᠢᠨ ᠢᠯᠡᠴᠢᠯᠡᠨ ᠮᠡᠳᠡᠭᠦᠯᠬᠦ ᠤᠲᠠᠰᠤ

ᠬᠥᠬᠡᠬᠣᠲᠠ᠄ 0471 - 12393 ᠂ 0471 - 2949251

ᠪᠤᠭᠤᠲᠤ ᠬᠣᠲᠠ ᠄      0472 - 6916161

ᠬᠥᠯᠥᠨ ᠪᠣᠶ᠋ᠢᠷ ᠬᠣᠲᠠ᠄ 0470 - 8115893

ᠬᠢᠩᠭᠠᠨ ᠠᠢᠮᠠᠭ᠄     0482 - 8266091

ᠲᠦᠩᠯᠢᠶᠣᠣ ᠬᠣᠲᠠ᠄   0475 - 836236  

ᠤᠯᠠᠭᠠᠨᠬᠠᠳᠠ ᠬᠣᠲᠠ᠄ 0476 - 8781091  

ᠰᠢᠯᠢ᠎ᠶᠢᠨ ᠭᠣᠣᠯ ᠠᠢᠮᠠᠭ᠄  0479 - 8107582  

ᠤᠯᠠᠭᠠᠨᠴᠠᠪ ᠬᠣᠲᠠ᠄   0474 - 8248323

ᠣᠷᠳᠣᠰ ᠬᠣᠲᠠ᠄       0477 - 8588301  

ᠪᠠᠶᠠᠨᠨᠠᠭᠤᠷ ᠬᠣᠲᠠ᠄    0478 - 8527315

ᠦᠬᠠᠢ ᠬᠣᠲᠠ᠄    0473 - 3158070  

ᠠᠯᠠᠱᠠ ᠠᠢᠮᠠᠭ᠄  0483 - 8351890

ᠮᠠᠨᠵᠤᠤᠷ ᠬᠣᠲᠠ ᠄  0470 - 3910027  

ᠡᠷᠢᠶᠡᠨ ᠬᠤᠳᠠ ᠄   0479 - 7525383


《ᠠᠯᠪᠠᠨ ᠵᠠᠷᠯᠠᠯ》 ᠳ᠋ᠤ᠂ ᠨᠡᠢᠭᠡᠮ᠎ᠦᠨ ᠡᠯ᠎ᠡ ᠡᠲᠡᠭᠡᠳ᠎ᠦᠨ ᠬᠢᠨ ᠢᠳᠡᠪᠬᠢᠲᠡᠢ ᠰᠠᠨᠠᠭᠠᠴᠢᠯᠠᠭ᠎ᠠ ᠲᠠᠢ ᠪᠠᠷ᠂ ᠪᠤᠰᠤᠳᠴᠢ ᠦᠨᠡᠨ ᠪᠣᠳᠠᠲᠠᠢ ᠪᠠᠷ ᠠᠰᠠᠭᠤᠳᠠᠯ᠎ᠢ ᠲᠤᠰᠬᠠᠬᠤ᠎ᠶᠢ ᠪᠠᠶᠠᠷᠯᠠᠨ ᠤᠭᠲᠤᠵᠥ ᠪᠠᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠮᠴᠢᠯᠡᠭᠡᠨ᠎ᠤ ᠪᠠᠲᠤᠯᠠᠭ᠎ᠠ ᠵᠢᠨ ᠰᠠᠯᠠᠭ᠎ᠠ ᠮᠥᠴᠢᠷ ᠢᠯᠡᠴᠢᠯᠡᠨ ᠮᠡᠳᠡᠭᠦᠯᠦᠭᠴᠢ᠎ᠶᠢᠨ ᠮᠡᠳᠡᠭᠡ ᠵᠠᠩᠭᠢ ᠪᠠ ᠬᠠᠮᠢᠶ᠎ᠠ ᠪᠦᠬᠦᠢ ᠠᠭᠤᠯᠭ᠎ᠠ᠎ᠶᠢᠨ ᠨᠢᠭᠤᠴᠠ᠎ᠶᠢ ᠴᠢᠩᠭ᠎ᠠ ᠬᠠᠮᠠᠭᠠᠯᠠᠵᠤ᠂ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠥ᠎ᠶᠢ ᠬᠠᠤᠯᠢ ᠲᠣᠭᠲᠠᠭᠠᠯ᠎ᠠᠴᠠ ᠵᠥᠷᠢᠴᠡᠨ ᠬᠡᠷᠡᠭᠯᠡᠭᠰᠡᠨ ᠦᠶ᠋ᠯᠡ ᠠᠵᠢᠯᠯᠠᠭ᠎ᠠ᠎ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠢᠴᠠᠭᠠᠨ ᠰᠢᠢᠳᠪᠦᠷᠢᠯᠡᠵᠦ᠂ ᠪᠠᠢᠴᠠᠭᠠᠨ ᠲᠣᠳᠣᠯᠠᠭᠠᠳ ᠦᠨᠡᠨ ᠪᠣᠳᠠᠲᠠᠢ ᠪᠠᠢᠪᠠᠯ᠂ ᠤᠯᠤᠰ᠎ᠤᠨ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠂ ᠡᠳ᠋᠎ᠦᠨ ᠵᠠᠰᠠᠭ᠎ᠤᠨ ᠶᠠᠮᠤᠨ᠎ᠤ ᠬᠠᠮᠲᠤᠷᠠᠨ ᠲᠣᠭᠲᠠᠭᠠᠭᠰᠠᠨ 《ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠥ ᠎ᠶᠢ ᠲᠣᠭᠲᠠᠭᠠᠯ᠎ᠠᠴᠠ ᠵᠥᠷᠢᠴᠡᠨ ᠬᠡᠷᠡᠭᠯᠡᠭᠰᠡᠨ ᠦᠶ᠋ᠯᠡ ᠠᠵᠢᠯᠯᠠᠭ᠎ᠠ ᠎ᠶᠢ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠠᠷᠭ᠎ᠠ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶᠢᠨ ᠰᠠᠭᠤᠷᠢ ᠮᠥᠩᠭᠥ᠎ᠶᠢ ᠮᠡᠬᠡᠯᠡᠨ ᠠᠪᠤᠭᠰᠠᠨ ᠦᠶ᠋ᠯᠡ ᠠᠵᠢᠯᠯᠠᠭ᠎ᠠ᠎ᠶᠢ ᠢᠯᠡᠴᠢᠯᠡᠨ ᠮᠡᠳᠡᠭᠦᠯᠦᠭᠰᠡᠨ ᠎ᠢ ᠱᠠᠩᠨᠠᠬᠤ ᠬᠡᠷᠡᠭᠵᠢᠭᠦᠯᠬᠦ ᠠᠷᠭ᠎ᠠ》᠎ᠶᠢᠨ ᠱᠠᠭᠠᠷᠳᠠᠯᠭ᠎ᠠ ᠶᠣᠰᠣᠭᠠᠷ᠂ ᠱᠠᠩᠨᠠᠬᠤ ᠨᠥᠬᠥᠴᠡᠯ᠎ᠳᠦ ᠨᠡᠢᠴᠡᠬᠦ ᠢᠯᠡᠴᠢᠯᠡᠨ ᠮᠡᠳᠡᠭᠦᠯᠦᠭᠴᠢ᠎ᠳᠦ ᠬᠡᠷᠡᠭ᠎ᠦᠨ ᠥᠷᠲᠡᠭ᠎ᠦᠨ ᠵᠣᠬᠢᠬᠤ ᠬᠠᠷᠢᠴᠠᠯ᠎ᠢᠶᠠᠷ ᠨᠢᠭᠡ ᠯᠡ ᠤᠳᠠᠭ᠎ᠠ᠎ᠶᠢᠨ ᠴᠢᠨᠠᠷᠲᠠᠢ ᠪᠡᠯᠡ ᠮᠥᠩᠭᠥ᠎ᠶᠢᠨ ᠱᠠᠩᠨᠠᠯ ᠣᠯᠭᠣᠵᠤ᠂ ᠬᠠᠮᠤᠭ ᠤ᠋ᠨ ᠥᠨᠳᠥᠷ᠎ᠲᠡᠬᠡᠨ 20 ᠲᠦᠮᠡᠨ ᠲᠥᠭᠥᠷᠢᠭ ᠱᠠᠩᠨᠠᠨ᠎ᠠ ᠭᠡᠪᠡ᠃

ᠲᠤᠰ ᠬᠣᠯᠪᠣᠭᠠᠰᠤ᠎ᠶ᠋ᠢ ᠲᠤᠪᠴᠢᠳᠠᠵᠤ ᠨᠠᠷᠢᠨ ᠠᠭᠤᠯᠭ᠎ᠠ ᠵᠢ ᠤᠩᠰᠢᠭᠠᠷᠠᠢ᠃

ᠢᠷᠡᠯᠲᠡ᠄ ᠥᠪᠥᠷ ᠮᠣᠩᠭᠣᠯ᠎ᠤᠨ ᠡᠮᠴᠢᠯᠡᠭᠡᠨ᠎ᠦ ᠪᠠᠲᠤᠯᠠᠭ᠎ᠠ ᠵᠢᠨ ᠵᠢᠷᠬᠢᠶ᠎ᠡ ᠵᠢᠨ ᠲᠠᠪᠴᠠᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号