10 ᠰᠠᠷ᠎ᠠ᠎ᠶᠢᠨ 22᠎ᠤᠨ
ᠡᠳᠦᠷ᠎ᠡᠴᠡ 24᠎ᠦ ᠡᠳᠦᠷ ᠪᠣᠯᠲᠠᠯ᠎ᠠ᠂ ᠬᠦᠢᠲᠡᠨ ᠠᠭᠤᠷ ᠠᠮᠢᠰᠬᠤᠯ᠎ᠤᠨ ᠨᠥᠯᠥᠭᠡ ᠪᠡᠷ ᠥᠪᠥᠷ ᠮᠣᠩᠭᠣᠯ᠎ᠤᠨ ᠳᠤᠮᠳᠠ
ᠪᠠᠷᠠᠭᠤᠨ ᠪᠡᠶ᠎ᠡ ᠵᠢᠨ ᠡᠮᠦᠨ᠎ᠡ ᠬᠡᠰᠡᠭ᠎ᠤᠨ ᠭᠠᠵᠠᠷ ᠣᠷᠣᠨ᠎ᠳᠤ ᠦᠷᠭᠦᠯᠵᠢᠯᠡᠨ ᠴᠠᠰᠤ ᠪᠣᠷᠣᠭᠠᠨ ᠣᠷᠣᠵᠤ᠂ ᠬᠡᠰᠡᠭ
ᠭᠠᠵᠠᠷ ᠲᠤ᠌ ᠳᠤᠮᠳᠠ ᠡᠴᠡ ᠶᠡᠬᠡ ᠴᠠᠰᠤ ᠲᠠᠢ᠂ ᠪᠣᠷᠣᠳᠣᠬᠣᠢ᠎ᠶᠢᠨ ᠡᠮᠦᠨ᠎ᠡ ᠪᠡᠶ᠎ᠡ᠎ᠶᠢᠨ ᠭᠠᠵᠠᠷ ᠣᠷᠣᠨ᠎ᠳᠤ
ᠮᠠᠨᠠᠨ᠎ᠲᠠᠢ᠃ ᠴᠠᠰᠤ ᠪᠣᠷᠣᠭᠠᠨ᠎ᠲᠠᠢ ᠡᠳᠦᠷ ᠵᠠᠮ ᠬᠠᠯᠲᠤᠷᠢᠭ᠎ᠠ᠎ᠲᠠᠢ᠂ ᠵᠠᠮ ᠳᠡᠭᠡᠷ᠎ᠡ ᠮᠥᠰᠥ ᠬᠥᠯᠳᠡᠵᠦ᠂ ᠦᠵᠡᠭᠳᠡᠴᠡ
ᠵᠢᠨ ᠬᠡᠮᠵᠢᠶ᠎ᠡ ᠪᠠᠭᠤᠷᠠᠬᠤ ᠪᠤᠯᠬᠤᠷ ᠵᠠᠮ ᠬᠠᠷᠢᠯᠴᠠᠭᠠᠨ᠎ᠤ ᠠᠮᠤᠷ ᠲᠦᠪᠰᠢᠨ᠎ᠢ ᠠᠩᠬᠠᠷᠬᠤ ᠬᠡᠷᠡᠭᠲᠡᠢ᠃
ᠢᠷᠡᠬᠦ ᠭᠤᠷᠪᠠᠨ ᠡᠳᠦᠷ᠎ᠲᠦ᠂
ᠳᠤᠮᠳᠠ ᠪᠠᠷᠠᠭᠤᠨ ᠪᠡᠶ᠎ᠡ ᠵᠢᠨ ᠡᠮᠦᠨ᠎ᠡ ᠬᠡᠰᠡᠭ᠎ᠦᠨ ᠭᠠᠵᠠᠷ ᠣᠷᠣᠨ᠎ᠳᠤ ᠴᠠᠰᠤ ᠪᠣᠷᠣᠭᠠᠨ ᠣᠷᠣᠵᠤ᠂ ᠣᠯᠠᠩᠬᠢ
ᠨᠢ ᠪᠠᠭ᠎ᠠ ᠪᠣᠷᠣᠭᠠᠨ᠂ ᠴᠠᠰᠤ ᠪᠣᠷᠣᠭᠠᠨ ᠬᠣᠯᠢᠯᠳᠤᠬᠤ ᠪᠤᠶᠤ ᠪᠠᠭ᠎ᠠ ᠴᠠᠰᠤ᠎ᠪᠠᠷ ᠭᠣᠣᠯᠯᠠᠵᠤ᠂ ᠬᠡᠰᠡᠭ ᠭᠠᠵᠠᠷ᠎ᠲᠤ
ᠳᠤᠮᠳᠠ᠎ᠠᠴᠠ ᠶᠡᠬᠡ ᠴᠠᠰᠤ ᠣᠷᠣᠨ᠎ᠠ᠃ ᠡᠭᠦᠨ᠎ᠳᠦ᠂ ᠮᠠᠷᠭᠠᠰᠢ ᠣᠷᠳᠣᠰ ᠬᠣᠲᠠ᠎ᠶᠢᠨ ᠬᠣᠢᠲᠤ ᠪᠡᠶ᠎ᠡ ᠵᠢᠨ ᠬᠡᠰᠡᠭ
ᠭᠠᠵᠠᠷ ᠣᠷᠣᠨ᠎ᠳᠤ ᠳᠤᠮᠳᠠ ᠵᠡᠷᠭᠡ᠎ᠶᠢᠨ ᠪᠣᠷᠣᠭᠠᠨ᠎ᠲᠠᠢ᠂ ᠤᠯᠠᠭᠠᠨᠴᠠᠪ ᠬᠣᠲᠠ᠎ᠶᠢᠨ ᠪᠠᠷᠠᠭᠤᠨ ᠡᠮᠦᠨ᠎ᠡ
ᠪᠡᠶ᠎ᠡ ᠵᠢᠨ ᠬᠡᠰᠡᠭ ᠭᠠᠵᠠᠷ ᠣᠷᠣᠨ᠎ᠳᠤ ᠳᠤᠮᠳᠠ ᠵᠡᠷᠭᠡ᠎ᠶᠢᠨ ᠴᠠᠰᠤ᠎ᠲᠠᠢ᠃ ᠡᠭᠦᠨ᠎ᠦ ᠬᠠᠮᠲᠤ᠂ ᠡᠨᠡ ᠡᠳᠦᠷ ᠮᠠᠷᠭᠠᠰᠢ
ᠬᠣᠶᠠᠷ ᠡᠳᠦᠷ᠂ ᠪᠣᠷᠣᠳᠣᠬᠣᠢ᠎ᠶᠢᠨ ᠡᠮᠦᠨ᠎ᠡ ᠪᠡᠶᠡᠳᠦ ᠮᠠᠨᠠᠨ᠎ᠲᠠᠢ᠃
ᠬᠡᠳᠦᠢᠪᠡᠷ ᠴᠠᠰᠤ ᠪᠣᠷᠣᠭᠠᠨ᠎ᠲᠠᠢ
ᠪᠣᠯᠪᠠᠴᠤ ᠢᠷᠡᠬᠦ ᠭᠤᠷᠪᠠᠨ ᠡᠳᠦᠷ᠎ᠲᠦ ᠳᠤᠮᠳᠠ ᠪᠠᠷᠠᠭᠤᠨ ᠪᠡᠶ᠎ᠡ ᠵᠢᠨ ᠭᠠᠵᠠᠷ ᠣᠷᠣᠨ᠎ᠤ ᠠᠭᠠᠷ᠎ᠤᠨ ᠳᠤᠯᠠᠭᠠᠨ
ᠮᠥᠨ ᠯᠡ ᠳᠡᠭᠡᠭᠰᠢᠯᠡᠬᠦ ᠪᠠᠢᠳᠠᠯ᠎ᠳᠤ ᠣᠷᠣᠰᠢᠵᠤ᠂ ᠬᠠᠮᠤᠭ᠎ᠤᠨ ᠥᠨᠳᠥᠷ᠎ᠲᠡᠬᠡᠨ 10 — 14°C ᠤᠨ
ᠬᠣᠭᠣᠷᠣᠨᠳᠤ ᠬᠦᠷᠦᠨ᠎ᠡ᠃ ᠬᠠᠷᠢᠨ ᠳᠤᠮᠳᠠ ᠵᠡᠭᠦᠨ ᠪᠡᠶ᠎ᠡ ᠵᠢᠨ ᠭᠠᠵᠠᠷ ᠣᠷᠣᠨ᠎ᠳᠤ ᠢᠷᠡᠬᠦ ᠭᠤᠷᠪᠠᠨ ᠡᠳᠦᠷ᠎ᠲᠦ
ᠲᠤᠩᠭᠠᠯᠠᠭ ᠪᠠᠢᠵᠤ᠂ ᠠᠭᠠᠷ᠎ᠤᠨ ᠳᠤᠯᠠᠭᠠᠨ ᠲᠠᠰᠤᠷᠠᠯᠲᠠ ᠦᠭᠡᠢ ᠳᠡᠭᠡᠭᠰᠢᠯᠡᠵᠦ᠂ ᠬᠠᠮᠤᠭ᠎ᠤᠨ ᠥᠨᠳᠥᠷ ᠠᠭᠠᠷ᠎ᠤᠨ
ᠳᠤᠯᠠᠭᠠᠨ ᠨᠢ 3 — 6°C ᠡᠴᠡ ᠳᠡᠭᠡᠭᠰᠢᠯᠡᠭᠡᠳ 6 —10°C ᠲᠤ᠌
ᠬᠦᠷᠦᠨ᠎ᠡ᠃ ᠡᠭᠦᠨ᠎ᠳᠦ᠂ ᠤᠯᠠᠭᠠᠨᠬᠠᠳᠠ ᠬᠣᠲᠠ᠎ᠶᠢᠨ ᠡᠨᠡ ᠡᠳᠦᠷ᠎ᠦᠨ ᠬᠠᠮᠤᠭ᠎ᠤᠨ ᠥᠨᠳᠥᠷ ᠠᠭᠠᠷ᠎ᠤᠨ ᠳᠤᠯᠠᠭᠠᠨ
ᠨᠢ 6°C ᠪᠠᠢᠵᠤ᠂ ᠨᠥᠭᠥᠭᠡᠳᠦᠷ᠎ᠦᠨ ᠬᠠᠮᠤᠭ᠎ᠤᠨ ᠥᠨᠳᠥᠷ ᠠᠭᠠᠷ᠎ᠤᠨ ᠳᠤᠯᠠᠭᠠᠨ
ᠨᠢ 11°C ᠲᠤ᠌ ᠬᠦᠷᠣᠨᠠ᠃
ᠪᠣᠳᠠᠲᠠᠢ ᠴᠠᠭ ᠠᠭᠤᠷ᠎ᠤᠨ
ᠤᠷᠢᠳᠴᠢᠯᠠᠭᠰᠠᠨ ᠮᠡᠳᠡᠭᠡ ᠨᠢ ᠳᠣᠣᠷᠠᠬᠢ ᠮᠡᠲᠦ᠄
23 ᠤ ᠡᠳᠦᠷ᠎ᠦᠨ 8 ᠴᠠᠭ᠎ᠠᠴᠠ 24 ᠦ ᠡᠳᠦᠷ᠎ᠦᠨ 8 ᠴᠠᠭ ᠪᠣᠯᠲᠠᠯ᠎ᠠ᠂ ᠥᠪᠥᠷ
ᠮᠣᠩᠭᠣᠯ᠎ᠤᠨ ᠪᠠᠷᠠᠭᠤᠨ ᠪᠡᠶ᠎ᠡ ᠵᠢᠨ ᠡᠮᠦᠨ᠎ᠡ ᠬᠡᠰᠡᠭ᠂ ᠳᠤᠮᠳᠠ ᠪᠡᠶ᠎ᠡ ᠵᠢᠨ ᠪᠠᠷᠠᠭᠤᠨ ᠡᠮᠦᠨ᠎ᠡ ᠬᠡᠰᠡᠭ ᠭᠠᠵᠠᠷ
ᠣᠷᠣᠨ᠎ᠳᠤ ᠡᠭᠦᠯᠡ᠎ᠲᠠᠢ᠂ ᠪᠠᠭ᠎ᠠ ᠪᠣᠷᠣᠭᠠᠨ᠂ ᠴᠠᠰᠤ ᠪᠣᠷᠣᠭᠠᠨ ᠬᠣᠯᠢᠯᠳᠤᠬᠤ ᠪᠤᠶᠤ ᠪᠠᠭ᠎ᠠ ᠴᠠᠰᠤ᠎ᠲᠠᠢ᠂ ᠡᠭᠦᠨ᠎ᠳᠦ
ᠣᠷᠳᠣᠰ ᠬᠣᠲᠠ᠎ᠶᠢᠨ ᠬᠣᠢᠲᠤ ᠪᠡᠶ᠎ᠡ ᠵᠢᠨ ᠬᠡᠰᠡᠭ ᠭᠠᠵᠠᠷ ᠣᠷᠣᠨ᠎ᠳᠤ ᠳᠤᠮᠳᠠ ᠵᠡᠷᠭᠡ᠎ᠶᠢᠨ ᠪᠣᠷᠣᠭᠠᠨ᠎ᠲᠠᠢ᠂
ᠤᠯᠠᠭᠠᠨᠴᠠᠪ ᠬᠣᠲᠠ᠎ᠶᠢᠨ ᠪᠠᠷᠠᠭᠤᠨ ᠡᠮᠦᠨ᠎ᠡ ᠪᠡᠶ᠎ᠡ ᠵᠢᠨ ᠬᠡᠰᠡᠭ ᠭᠠᠵᠠᠷ ᠣᠷᠣᠨ᠎ᠳᠤ ᠳᠤᠮᠳᠠ ᠵᠡᠷᠭᠡ᠎ᠶᠢᠨ
ᠴᠠᠰᠤ᠎ᠲᠠᠢ;
ᠪᠣᠷᠣᠲᠣᠬᠣᠢ᠎ᠶᠢᠨ ᠡᠮᠦᠨ᠎ᠡ ᠪᠡᠶ᠎ᠡ ᠵᠢᠨ ᠭᠠᠵᠠᠷ ᠤᠷᠤᠨ ᠳ᠋ᠤ ᠮᠠᠨᠠᠨ᠎ᠲᠠᠢ᠃

24 ᠦ ᠡᠳᠦᠷ᠎ᠦᠨ 8 ᠴᠠᠭ᠎ᠠᠴᠠ 25 ᠤ ᠡᠳᠦᠷ᠎ᠦᠨ 8 ᠴᠠᠭ ᠪᠣᠯᠲᠠᠯ᠎ᠠ᠂ ᠥᠪᠥᠷ
ᠮᠣᠩᠭᠣᠯ᠎ᠤᠨ ᠪᠠᠷᠠᠭᠤᠨ ᠪᠡᠶ᠎ᠡ᠎ᠶᠢᠨ ᠡᠮᠦᠨ᠎ᠡ ᠬᠡᠰᠡᠭ᠂ ᠳᠤᠮᠳᠠ ᠪᠡᠶ᠎ᠡ᠎ᠶᠢᠨ ᠪᠠᠷᠠᠭᠤᠨ ᠡᠮᠦᠨ᠎ᠡ ᠬᠡᠰᠡᠭ᠂
ᠵᠡᠭᠦᠨ ᠬᠣᠢᠲᠤ ᠪᠡᠶ᠎ᠡ᠎ᠶᠢᠨ ᠬᠣᠢᠲᠤ ᠬᠡᠰᠡᠭ ᠲᠤ᠌ ᠡᠭᠦᠯᠡ᠎ᠲᠠᠢ᠂ ᠪᠠᠭ᠎ᠠ ᠪᠣᠷᠣᠭᠠᠨ᠂ ᠴᠠᠰᠤ ᠪᠣᠷᠣᠭᠠᠨ ᠬᠣᠯᠢᠯᠳᠤᠨ
ᠣᠷᠣᠬᠤ ᠪᠤᠶᠤ ᠪᠠᠭ᠎ᠠ ᠴᠠᠰᠤ ᠣᠷᠣᠨ᠎ᠠ᠃

ᠢᠷᠡᠯᠲᠡ᠄ ᠥᠪᠥᠷ ᠮᠣᠩᠭᠣᠯ᠎ᠤᠨ ᠴᠠᠭ ᠠᠭᠤᠷ