9 ᠰᠠᠷ᠎ᠠ᠎ᠶᠢᠨ 26᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《ᠬᠣᠶᠠᠷ ᠰᠢᠨ᠎ᠡ》ᠢ᠋ᠢᠨ ᠠᠵᠢᠯ᠎ᠤᠨ ᠬᠣᠷᠢᠶ᠎ᠠ᠎ᠶᠢᠨ 2025 ᠣᠨ᠎ᠤ ᠭᠤᠷᠪᠠᠳᠤᠭᠠᠷ ᠤᠳᠠᠭᠠᠨ᠎ᠤ ᠪᠥᠬᠥᠳᠡ ᠬᠤᠷᠠᠯ ᠵᠢᠴᠢ ᠰᠢᠨ᠎ᠡ᠎ᠪᠡᠷ ᠮᠠᠨᠳᠤᠬᠰᠠᠨ ᠬᠦᠷᠢᠶᠡᠨ᠎ᠳᠡᠬᠢ《ᠬᠣᠶᠠᠷ᠎ᠢ ᠪᠦᠷᠭᠦᠭᠦᠯᠬᠦ》ᠵᠢ ᠲᠦᠪᠯᠡᠷᠡᠭᠦᠯᠦᠨ ᠪᠤᠭᠤᠮᠲᠠ ᠰᠢᠪᠲᠤᠯᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠪᠠ᠃
ᠬᠤᠷᠠᠯ ᠳᠡᠭᠡᠷ᠎ᠡ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢᠨ ᠬᠣᠯᠪᠣᠭᠳᠠᠯ ᠪᠦᠬᠦᠢ ᠬᠤᠷᠠᠯ᠎ᠤᠨ ᠵᠣᠷᠢᠭ᠋ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠲᠥᠪ᠎ᠦᠨ ᠬᠣᠯᠪᠣᠭᠳᠠᠯ ᠪᠦᠬᠦᠢ ᠪᠢᠴᠢᠭ ᠮᠠᠲᠧᠷᠢᠶᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠡᠭᠦᠷᠭᠡ᠎ᠶᠢᠨ ᠨᠠᠷᠢᠨ ᠲᠠᠩᠰᠠ᠎ᠶᠢᠨ ᠲᠤᠬᠠᠢ ᠰᠠᠨᠠᠯ ᠬᠤᠷᠢᠶᠠᠵᠤ᠂ ᠡᠯ᠎ᠡ ᠠᠢᠮᠠᠭ ᠬᠤᠳᠠ᠎ᠶᠢᠨ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢᠨ《ᠬᠣᠶᠠᠷ᠎ᠢ ᠪᠦᠷᠬᠦᠭᠦᠯᠬᠦ》ᠵᠢ ᠲᠦᠪᠯᠡᠷᠡᠭᠦᠯᠦᠨ ᠪᠣᠭᠣᠮᠲᠠ ᠰᠢᠪᠲᠤᠯᠬᠤ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠳᠠᠷᠠᠭᠠᠴᠢ᠎ᠶᠢᠨ ᠠᠯᠬᠤᠮ᠎ᠤᠨ ᠠᠵᠢᠯ᠎ᠢ ᠲᠣᠬᠢᠷᠠᠭᠤᠯᠤᠨ ᠪᠠᠢᠷᠢᠯᠠᠭᠤᠯᠵᠠᠢ᠃
ᠬᠤᠷᠠᠯ ᠡᠴᠡ᠂ ᠪᠦᠬᠦ ᠣᠷᠣᠨ᠎ᠤ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢᠨ《ᠬᠣᠶᠠᠷ᠎ᠢ ᠪᠦᠷᠬᠦᠭᠦᠯᠬᠦ》 ᠵᠢ ᠲᠥᠪᠯᠡᠷᠡᠭᠦᠯᠦᠨ ᠪᠣᠭᠣᠮᠲᠠ ᠰᠢᠪᠲᠤᠯᠬᠤ ᠠᠵᠢᠯᠯᠠᠭ᠎ᠠ᠎ᠶᠢ ᠥᠷᠨᠢᠭᠦᠯᠦᠭᠰᠡᠨ᠎ᠡᠴᠡ ᠨᠠᠭᠠᠰᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ᠎ᠦᠨ ᠬᠢᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠠᠵᠢᠯ᠎ᠤᠨ ᠬᠠᠷᠢᠭᠤᠴᠠᠯᠭ᠎ᠠ᠎ᠪᠠᠨ ᠦᠨᠡᠨᠬᠦ ᠡᠭᠦᠷᠭᠡᠯᠡᠵᠦ᠂ ᠠᠵᠢᠯ᠎ᠤᠨ ᠰᠢᠰᠲ᠋ᠸᠮ ᠨᠡᠩ ᠲᠡᠭᠦᠯᠳᠡᠷᠵᠢᠵᠦ᠂ ᠠᠵᠢᠯ᠎ᠤᠨ ᠰᠠᠭᠤᠷᠢ ᠲᠠᠰᠤᠷᠠᠯᠳᠡ ᠦᠭᠡᠢ ᠪᠡᠬᠢᠵᠢᠵᠦ᠂ ᠵᠣᠬᠢᠶᠠᠨ ᠪᠠᠢᠭᠤᠯᠤᠭᠰᠠᠨ ᠦᠷ᠎ᠡ ᠪᠦᠲᠦᠮᠵᠢ ᠮᠡᠳᠡᠭᠳᠡᠮ᠎ᠡ ᠪᠣᠯᠵᠤ᠂ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠶᠠᠰᠤ ᠴᠢᠨᠠᠷ ᠦᠷ᠎ᠡ ᠪᠦᠲᠦᠮᠵᠢ ᠳᠡᠭᠡᠭᠰᠢᠯᠡᠵᠦ᠂ ᠲᠥᠪᠯᠡᠷᠡᠭᠦᠯᠦᠨ ᠪᠣᠭᠣᠮᠲᠠ ᠰᠢᠪᠲᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠠᠢ ᠬᠡᠵᠦ ᠵᠢᠭᠠᠵᠦ ᠭᠠᠷᠭᠠᠪᠠ᠃
ᠬᠤᠷᠠᠯ ᠡᠴᠡ ᠂ ᠶᠡᠷᠦᠩᠬᠡᠢ ᠱᠦᠵᠢ ᠰᠢ᠎ᠶᠢᠨ ᠫᠢᠩ ᠤᠨ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠲᠤᠰᠬᠠᠢ ᠰᠡᠳᠦᠪᠲᠦ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠷ᠎ᠡ ᠪᠦᠲᠦᠭᠡᠯ᠎ᠢ ᠣᠢᠯᠠᠭᠠᠬᠤ᠎ᠪᠠᠷ ᠲᠠᠮᠵᠢᠨ ᠵᠣᠬᠢᠶᠠᠨ ᠪᠠᠢᠭᠤᠯᠤᠯᠲᠠ᠎ᠶᠢᠨ ᠪᠦᠷᠬᠦᠯᠲᠡ᠎ᠶᠢᠨ ᠬᠣᠭᠣᠰᠤᠨ ᠴᠡᠭ ᠪᠠ ᠦᠢᠯᠡᠳᠦᠯ᠎ᠢ ᠪᠠᠳᠠᠷᠠᠭᠤᠯᠬᠤ ᠪᠠᠭᠤᠷᠠᠢ ᠲᠠᠯ᠎ᠠ᠎ᠶᠢ ᠴᠢᠩᠭ᠎ᠠ ᠠᠩᠬᠠᠷᠴᠤ᠂ ᠵᠣᠬᠢᠶᠠᠨ ᠪᠠᠢᠭᠤᠯᠤᠯᠲᠠ᠎ᠶᠢᠨ ᠪᠦᠷᠬᠦᠯᠲᠡ ᠪᠠ ᠠᠵᠢᠯ᠎ᠤᠨ ᠪᠦᠷᠬᠦᠯᠲᠡ᠎ᠶᠢ ᠤᠶᠠᠯᠳᠤᠭᠤᠯᠵᠤ᠂ ᠴᠢᠳᠠᠪᠬᠢ᠎ᠶᠢ ᠴᠢᠩᠭᠠᠳᠬᠠᠬᠤ ᠪᠠ ᠬᠥᠭᠵᠢᠯᠲᠡ᠎ᠶᠢ ᠠᠬᠢᠭᠤᠯᠬᠤ᠎ᠶᠢ ᠤᠶᠠᠯᠳᠤᠭᠤᠯᠵᠤ᠂ ᠲᠦᠷᠦᠯ ᠬᠤᠪᠢᠶᠠᠨ ᠵᠢᠯᠤᠭᠣᠳᠴᠤ᠂ ᠤᠨᠢᠨ ᠳᠡᠭᠡᠷ᠎ᠡ ᠨᠢ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠵᠦ᠂ ᠭᠣᠣᠯᠳᠠᠯᠭ᠎ᠠ᠎ᠶᠢ ᠠᠳᠬᠤᠵᠤ᠂ ᠲᠥᠪᠯᠡᠷᠡᠭᠦᠯᠦᠨ ᠰᠢᠪᠲᠤᠯᠵᠤ᠂ ᠤᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ ᠪᠡᠷ ᠬᠡᠷᠡᠭᠵᠢᠭᠦᠯᠵᠦ᠂ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ᠎ᠪᠡᠷ ᠮᠠᠨᠳᠤᠭᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠎ᠶᠢᠨ《ᠬᠣᠶᠠᠷ᠎ᠢ ᠪᠦᠷᠬᠦᠭᠦᠯᠬᠦ》 ᠵᠢ ᠲᠦᠪᠯᠡᠷᠡᠭᠦᠯᠦᠨ ᠪᠤᠭᠤᠮᠲᠠ ᠰᠢᠪᠲᠤᠯᠬᠤ ᠠᠵᠢᠯ᠎ᠤᠨ ᠪᠣᠳᠠᠲᠦ ᠦᠷ᠎ᠡ ᠪᠦᠲᠦᠮᠵᠢ ᠣᠯᠬᠤ᠎ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠪᠠ᠃