ᠯᠢ ᠢ ᡁᠢ᠄ ᠤᠯᠠᠨ ᠲᠦᠮᠡᠨ᠎ᠳᠦ ᠦᠢᠯᠡᠴᠢᠯᠡᠬᠦ᠌ ᠳᠣᠲᠣᠨᠣ ᠬᠥᠮᠦᠨ ᠪᠤᠯᠤᠨ᠎ᠠ
2025-10-25 11:38:18
ᠵᠣᠬᠢᠶᠠᠭ᠍ᠴᠢ᠄
ᠸᠠᠩ ᠶᠠ ᠵᠢᠩ
ᠣᠩᠱᠢᠭ᠍ᠰᠠᠨ ᠣᠳᠠᠭ᠎ᠠ᠄
★★★☆☆

10 ᠰᠠᠷ᠎ᠠ᠎ᠶ᠋ᠢᠨ 20 ᠎ᠤ᠋ ᠡᠳᠦᠷ᠂ ᠯᠢ ᠢ ᡁᠢ᠎ᠶ᠋ᠢᠨ ᠪᠠᠢᠭ᠎ᠠ ᠨᠡᠢᠭᠡᠮ ᠲᠣᠭᠣᠷᠢᠭ᠎ᠤᠨ ᠠᠵᠢᠯᠳᠠᠨ ᠥᠷᠯᠥᠭᠡ ᠡᠷᠲᠡ ᠰᠡᠯᠪᠢᠨ ᠵᠠᠰᠠᠬᠤ ᠠᠵᠢᠯᠴᠢᠨ᠎ᠲᠠᠶ ᠬᠠᠷᠢᠯᠴᠠᠵᠤ᠂ ᠲᠡᠲᠡᠨ᠎ᠢ ᠳᠠᠭᠠᠭᠤᠯᠤᠨ ᠰᠠᠭᠤᠭᠠᠯᠢ ᠠᠷᠠᠳ᠎ᠤᠨ ᠭᠡᠷ᠎ᠲᠤ ᠬᠦᠷᠴᠦ ᠳᠤᠯᠠᠭᠠᠮᠵᠢ ᠵᠢ ᠨᠢ ᠰᠡᠯᠪᠢᠨ ᠵᠠᠰᠠᠵᠤ ᠥᠭ᠌ᠪᠡ᠃ ᠪᠠᠰᠠ ᠨᠢᠭᠡᠨ ᠳᠤᠯᠠᠭᠠᠯᠠᠭ᠎ᠠ ᠬᠠᠩᠭᠠᠬᠤ ᠡᠭᠡᠯᠵᠢ ᠬᠦᠷᠴᠦ ᠢᠷᠡᠬᠦ ᠶ᠋ᠢ ᠳᠠᠭᠠᠯᠳᠤᠨ᠂ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠲᠦᠩ ᠳ᠋ᠤᠤ ᠵᠡᠭᠡᠯᠢ᠎ᠶ᠋ᠢᠨ ᠰᠠᠨ ᠱᠦᠨ ᠳ᠋ᠢᠶᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠵᠢᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ ᠯᠢ ᠢ ᡁᠢ ᠳᠡᠷᠭᠡᠳᠡᠬᠢ ᠠᠵᠢᠯᠲᠠᠨ᠎ᠳᠠᠭᠠᠨ᠂ ᠣᠯᠠᠨ ᠲᠦᠮᠡᠨ᠎ᠦ ᠬᠠᠷᠢᠭᠤ ᠲᠤᠰᠭᠠᠯ᠎ᠢ ᠴᠠᠭ ᠲᠤᠬᠠᠶ᠎ᠳᠤᠨᠢ ᠠᠩᠬᠠᠷᠴᠤ᠌᠂ ᠰᠠᠭᠤᠭᠠᠯᠢ ᠠᠷᠠᠳ ᠪᠣᠯᠤᠨ ᠳᠤᠯᠠᠭᠠᠯᠠᠭ᠎ᠠ ᠬᠠᠩᠭᠠᠬᠤ ᠠᠵᠤ ᠠᠬᠤᠢᠯᠠᠯ᠎ᠢ ᠵᠣᠯᠭᠠᠭᠤᠯᠤᠨ ᠨᠡᠪᠲᠡᠷᠡᠯᠴᠡᠬᠦᠯᠬᠦ ᠠᠵᠢᠯ᠎ᠢ ᠴᠠᠭ ᠲᠤᠬᠠᠶ᠎ᠳᠤᠨᠢ ᠰᠠᠢᠲᠤᠷ ᠬᠢᠬᠦ᠌ ᠬᠡᠷᠡᠭ᠌ᠲᠡᠶ ᠭᠡᠵᠦ᠍ ᠪᠠᠢᠩᠭᠤ ᠵᠠᠬᠢᠨ᠎ᠠ᠃

ᠨᠡᠢᠭᠡᠮ ᠲᠣᠭᠣᠷᠢᠭ᠎ᠲᠤ 30 ᠭᠠᠷᠤᠶ ᠵᠢᠯ ᠠᠵᠢᠯᠯᠠᠬᠰᠠᠨ ᠯᠢ ᠢ ᡁᠢ ᠦᠨᠡᠨ ᠰᠡᠳᠭᠢᠯ᠎ᠡᠴᠡ᠎ᠪᠡᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠶ᠋ᠯᠡᠳᠦᠯᠭᠡᠵᠢᠭᠦᠯᠵᠦ᠍᠂ ᠣᠯᠠᠨ ᠲᠦᠮᠡᠨ᠎ᠳᠦ  ᠦᠶ᠋ᠯᠡᠴᠢᠯᠡᠬᠦ᠌ 《ᠳᠣᠲᠣᠨᠣ ᠬᠥᠮᠦᠨ》 ᠪᠣᠯᠪᠠ᠃

1993 ᠣᠨ ᠡᠴᠡ ᠡᠬᠢᠯᠡᠨ ᠯᠢ ᠢ ᡁᠢ ᠰᠠᠭᠤᠭᠠᠯᠢ ᠠᠷᠠᠳ᠎ᠤᠨ ᠵᠥᠪᠯᠡᠯ᠎ᠳᠦ ᠬᠦᠷᠴᠤ ᠠᠵᠢᠯᠯᠠᠪᠠ᠃ ᠰᠠᠭᠤᠭᠠᠯᠢ ᠠᠷᠠᠳ᠎ᠤᠨ ᠲᠣᠭᠣᠷᠢᠭ᠎ᠤᠨ ᠬᠣᠭ ᠨᠣᠪᠰᠢ᠎ᠶ᠋ᠢ ᠴᠡᠪᠡᠷᠯᠡᠬᠦ᠌᠎ᠳᠦ ᠬᠦᠴᠢᠷᠲᠡᠢ ᠦᠶᠡᠰ ᠲᠡᠷᠡ ᠴᠡᠪᠡᠷᠯᠡᠭ᠌ᠴᠢ ᠪᠤᠯᠤᠨ᠎ᠠ᠂ ᠳᠤᠯᠠᠭᠠᠯᠠᠭ᠎ᠠ ᠬᠠᠩᠭᠠᠬᠤ ᠬᠣᠭᠣᠯᠠᠶ᠎ᠳ᠋ᠤ ᠠᠰᠠᠭᠤᠳᠠᠯ ᠭᠠᠷᠪᠠᠯ ᠲᠡᠷᠡ ᠰᠡᠯᠪᠢᠨ ᠵᠠᠰᠠᠭ᠍ᠴᠢ ᠪᠤᠯᠤᠨ᠎ᠠ᠂ ᠬᠦᠷᠰᠢ ᠵᠡᠷᠭᠡᠯᠡᠳᠡᠭᠡ ᠵᠢᠨ ᠬᠤᠭᠤᠷᠤᠨᠲᠦ ᠵᠥᠷᠢᠴᠡᠯ ᠡᠭᠦᠰᠪᠡᠯ ᠲᠡᠷᠡ ᠡᠶᠡᠳᠡᠭᠦᠯᠦᠭ᠌ᠴᠢ ᠪᠤᠯᠤᠨ᠎ᠠ᠃ ᠲᠡᠷᠡ ᠰᠠᠭᠤᠭᠠᠯᠢ ᠠᠷᠠᠳ᠎ᠤᠨ᠎ᠭᠡᠷ᠎ᠵᠢᠡᠷ ᠬᠦᠷᠴᠦ᠍᠂ ᠰᠠᠭᠤᠭᠠᠯᠢ ᠠᠷᠠᠳ᠎ᠤᠨ ᠪᠠᠢᠳᠠᠯ᠎ᠢ ᠤᠢ᠍ᠢᠯᠠᠭᠠᠨ ᠂ ᠰᠠᠭᠤᠭᠠᠯᠢ ᠠᠷᠠᠳ᠎ᠤᠨ ᠵᠣᠪᠠᠭᠤᠷᠢ ᠵᠦᠳᠡᠭᠦᠷᠢ᠎ᠶ᠋ᠢ ᠠᠷᠢᠯᠭᠠᠵᠤ᠂ ᠰᠠᠭᠤᠭᠠᠯᠢ ᠠᠷᠠᠳ᠎ᠤᠨ ᠰᠡᠳᠭᠢᠯ᠎ᠢ ᠳᠤᠯᠠᠭᠠᠴᠠᠭᠤᠯᠵᠦ ᠶᠠᠪᠤᠯ᠎ᠡ᠃

1994 ᠣᠨ᠎ᠤ 6 ᠰᠠᠷ᠎ᠠ᠎ᠶ᠋ᠢᠨ ᠨᠢᠭᠡᠨ ᠣᠷᠣᠶ᠂ ᠨᠢᠭᠡᠨ ᠰᠠᠭᠤᠭᠠᠯᠢ ᠠᠷᠠᠳ᠎ᠤᠨ ᠬᠡᠦᠬᠡᠨ ᠰᠡᠩᠳᠡ ᠮᠡᠩᠳᠡ ᠬᠦᠶᠦᠨ ᠢᠷᠡᠵᠦ᠍᠂ ᠭᠡᠷ ᠪᠠᠢᠱᠢᠩ ᠪᠠᠷᠢᠬᠤ᠎ᠠᠴᠠ ᠪᠣᠯᠵᠤ ᠬᠦᠷᠰᠢ ᠵᠡᠷᠬᠡᠯᠡᠳᠡᠭᠡ ᠲᠠᠢ ᠪᠠᠨ ᠵᠠᠭᠤᠷᠠᠯᠳᠤᠭᠠᠨ ᠡᠭᠦᠰᠴᠡᠶ ᠭᠡᠪᠡ᠃ ᠯᠢ ᠢ ᡁᠢ ᠬᠦᠷᠴᠦ᠍ ᠤᠴᠢᠬᠤ ᠦᠶ᠎ᠡ᠎ᠳᠦ᠂ 20 ᠭᠠᠷᠤᠢ ᠵᠠᠯᠠᠭᠤ ᠱᠢᠳᠠᠮ ᠡᠷᠬᠢᠬᠦᠯᠦᠨ ᠭᠠᠷ ᠬᠦᠳᠡᠯᠦᠯᠴᠡᠵᠦ᠂ ᠪᠦᠯᠦᠭᠯᠡᠨ ᠵᠤᠳᠤᠯᠳᠤᠬᠤ ᠬᠡᠷᠡᠭ ᠡᠬᠦᠰᠬᠦ ᠰᠢᠬᠠᠮ ᠪᠤᠯᠪᠠ᠃ ᠡᠨᠡ ᠦᠶ᠎ᠡ᠎ᠳᠤ ᠲᠡᠷᠡ ᠬᠤᠪᠢ᠎ᠶ᠋ᠢᠨ ᠠᠶᠤᠯ ᠲᠦᠭ᠌ᠰᠢᠭᠦᠷᠢ᠎ᠪᠡᠨ ᠬᠠᠢᠬᠤᠷᠤᠯ ᠦᠭᠡᠢ᠎ᠪᠡᠷ ᠬᠤᠶᠠᠷ ᠳᠠᠯ᠎ᠠ ᠵᠢᠨ ᠳᠤᠮᠳᠠ ᠨᠢ ᠣᠷᠣᠵᠤ᠂ ᠨᠢᠭᠡᠨ ᠤᠳᠠᠭ᠎ᠠ᠎ᠶᠢᠨ ᠠᠢᠬᠤᠪᠳᠤᠷ ᠬᠡᠷᠡᠭ ᠡᠭᠦᠰᠭᠦ᠎ᠶ᠋ᠢ ᠪᠦᠬᠦ ᠬᠦᠴᠦᠨ ᠵᠢᠡᠷ ᠵᠢᠡᠨ ᠬᠣᠷᠢᠭ᠍ᠯᠠᠪᠠ᠃

ᠲᠤᠯᠠᠭᠠᠯᠠᠭ᠎ᠠ ᠬᠠᠩᠭᠠᠬᠤ ᠬᠤᠭᠤᠴᠠᠭ᠎ᠠ ᠪᠣᠯᠪᠠᠯ ᠬᠣᠭᠣᠯᠠᠶ ᠳᠤᠤᠷ ᠡᠴᠡ ᠤᠰᠤ ᠭᠣᠭᠣᠵᠢᠬᠤ ᠦᠵᠡᠭ᠌ᠳᠡᠯ ᠦᠷᠭᠦᠯᠵᠢ ᠭᠠᠷᠳᠠᠭ᠂ ᠡᠨᠡ ᠦᠶ᠎ᠡ᠎ᠳᠤ ᠲᠡᠷᠡ ᠤᠰᠤ ᠳᠤᠯᠠᠭᠠᠯᠠᠭ᠎ᠠ᠎ᠶ᠋ᠢᠨ ᠠᠵᠢᠯᠴᠢᠨ᠎ᠢ ᠳᠠᠭᠠᠭᠤᠯᠤᠨ ᠭᠠᠵᠠᠷ ᠳᠤᠤᠷᠠᠬᠢ ᠰᠤᠪᠠᠭ᠎ᠲᠤ ᠤᠷᠤᠵᠤ ᠰᠡᠯᠪᠢᠨ ᠵᠠᠰᠠᠳᠠᠭ᠃ ᠭᠠᠵᠠᠷ ᠳᠤᠤᠷᠠᠬᠢ ᠰᠤᠪᠠᠭ ᠤᠷᠲᠤ ᠬᠤᠭᠤᠴᠠᠭ᠎ᠠ᠎ᠪᠠᠷ ᠪᠢᠲᠡᠭᠦᠮᠵᠢᠯᠡᠭ᠌ᠳᠡᠪᠡᠯ ᠨᠠᠮᠤᠭ᠎ᠤᠨ ᠬᠡᠢ ᠥᠳᠭᠡᠷᠡᠵᠦ᠂ ᠠᠶᠤᠯ ᠲᠦᠭ᠌ᠰᠢᠭᠦᠷᠢ ᠴᠠᠭ ᠢᠮᠠᠭ᠍ᠲᠠ ᠡᠭᠦᠰᠴᠦ᠍ ᠮᠡᠳᠡᠨ᠎ᠡ᠃ 《ᠲᠤᠬᠠᠢ᠎ᠶ᠋ᠢᠨ ᠦᠶ᠎ᠡ᠎ᠳᠦ ᠵᠢᠩ ᠭᠤᠸᠠᠨ ᠰᠠᠭᠤᠭᠠᠯᠢ ᠠᠷᠠᠳ᠎ᠤᠨ ᠲᠣᠭᠣᠷᠢᠭ᠎ᠤᠨ ᠳᠣᠯᠣᠳᠤᠭᠠᠷ ᠠᠰᠠᠷ᠎ᠤᠨ ᠭᠠᠵᠠᠷ᠎ᠳᠤᠤᠷᠠᠬᠢ ᠰᠤᠪᠠᠭ᠎ᠤᠨ ᠠᠰᠠᠭᠤᠳᠠᠯ ᠤᠯᠠᠨ ᠪᠦᠭᠡᠳ ᠪᠤᠳᠤᠯᠢᠶᠠᠨᠳᠠᠢ᠂ ᠭᠠᠵᠠᠷ᠎ᠳᠤᠤᠷᠠᠬᠢ ᠰᠤᠪᠠᠭ ᠵᠥᠪᠬᠡᠨ ᠬᠡᠳᠦᠨ ᠠᠷᠪᠠᠨ ᠰᠠᠨᠲ᠋ᠢᠮᠧᠲᠷ ᠯᠡ ᠥᠷᠭᠡᠨ ᠪᠠᠢᠵᠦ᠂ ᠤᠳᠠᠭ᠎ᠠ ᠪᠦᠷᠢ ᠵᠠᠪᠠᠯ ᠠᠷᠪᠠᠨ ᠬᠡᠳᠦᠨ ᠮᠧᠲᠷ ᠮᠥᠯᠬᠥᠭ᠌ᠰᠡᠨ᠎ᠦ ᠳᠠᠷᠠᠭ᠎ᠠ ᠰᠠᠶᠢ ᠨᠢᠷᠤᠭᠤ᠎ᠪᠠᠨ ᠪᠥᠬᠥᠢᠯᠭᠡᠵᠦ᠍ ᠴᠢᠳᠠᠨ᠎ᠠ᠂ ᠬᠠᠮᠤᠭ ᠵᠣᠪᠠᠭᠤᠷᠢ ᠲᠠᠢ ᠨᠢ ᠳᠤᠯᠠᠭᠠᠮᠵᠢ᠎ᠶᠢ ᠤᠷᠢᠶᠠᠬᠰᠠᠨ ᠨᠠᠭᠠᠯᠲᠠ ᠮᠠᠲ᠋ᠧᠷᠢᠶᠠᠯ ᠪᠣᠯᠤᠨ᠎ᠠ》 ᠭᠡᠵᠦ᠍ ᠯᠢ ᠢ ᡁᠢ ᠬᠡᠯᠡᠨ᠎ᠠ᠃ ᠤᠳᠠᠭ᠎ᠠ ᠪᠦᠷᠢ ᠭᠠᠵᠠᠷ ᠳᠤᠤᠷᠠᠬᠢ ᠰᠤᠪᠠᠭ᠎ᠠᠴᠠ ᠭᠠᠷᠴᠤ᠌ ᠢᠷᠡᠬᠦ᠌᠎ᠳᠦ᠂ ᠲᠡᠭᠦᠨ᠎ᠦ ᠬᠠᠴᠠᠷ᠂ ᠬᠦᠵᠦᠭᠦᠦ ᠪᠣᠯᠤᠨ ᠭᠠᠷ ᠨᠢ ᠪᠦᠷ ᠬᠡᠳᠦᠨ ᠡᠳᠦᠷ ᠤᠯᠠᠢᠵᠦ ᠬᠠᠪᠤᠳᠤᠨ᠎ᠠ᠃

《ᠨᠡᠢᠭᠡᠮ ᠲᠣᠭᠣᠷᠢᠭ᠎ᠤᠨ ᠤᠯᠠᠨ ᠲᠦᠮᠡᠨ᠎ᠦ ᠬᠦᠰᠡᠨ ᠬᠦᠯᠢᠶᠡᠵᠦ ᠪᠠᠢᠭ᠎ᠠ ᠠᠰᠠᠭᠤᠳᠠᠯ ᠪᠣᠯ ᠳᠠᠷᠤᠢ ᠮᠢᠨᠦ᠍ ᠬᠢᠬᠦ᠌ ᠴᠢᠬᠤᠯᠠᠲᠠᠢ ᠶᠠᠪᠤᠳᠠᠯ ᠪᠣᠯᠤᠨ᠎ᠠ᠂ ᠤᠯᠠᠨ ᠲᠦᠮᠡᠨ᠎ᠦ ᠲᠦᠯᠦᠭᠡ ᠪᠣᠳᠣᠯᠬᠢᠯᠠᠵᠤ᠂ ᠤᠯᠠᠨ ᠲᠦᠮᠡᠨ᠎ᠢ ᠬᠠᠪᠰᠤᠷᠤᠨ ᠬᠦᠴᠢᠷ ᠠᠰᠠᠭᠤᠳᠠᠯ᠎ᠢ ᠨᠢ ᠱᠢᠢᠳᠪᠦᠷᠢᠯᠡᠵᠦ᠍ ᠥᠭ᠌ᠪᠡᠯ ᠰᠠᠶᠢ ᠨᠡᠢᠭᠡᠮ ᠲᠣᠭᠣᠷᠢᠭ᠎ᠤᠨ ᠠᠵᠢᠯ᠎ᠢ ᠰᠠᠢᠲᠤᠷ ᠬᠢᠵᠦ᠍ ᠴᠢᠳᠠᠨ᠎ᠠ》 ᠭᠡᠵᠦ᠍ ᠯᠢ ᠢ ᡁᠢ ᠪᠤᠳᠤᠯ᠎ᠵᠢᠡᠨ ᠲᠡᠯᠭᠡᠨ᠎ᠠ᠃

ᠲᠡᠷᠡ ᠨᠠᠮ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠨᠡᠢᠭᠡᠮ ᠲᠤᠭᠤᠷᠢᠭ᠎ᠲᠤ ᠣᠲᠣ ᠵᠢᠨ ᠪᠠᠢᠭ᠎ᠠ ᠪᠦᠷᠢᠯᠳᠦᠬᠦᠨ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ 94 ᠪᠠᠢᠵᠤ᠂ ᠨᠡᠢᠭᠡᠮ ᠲᠣᠭᠣᠷᠢᠭ᠎ᠤᠨ ᠣᠯᠠᠨ ᠲᠦᠮᠡᠨ᠎ᠦ ᠪᠠᠴᠢᠮᠳᠠᠵᠦ ᠬᠦᠴᠢᠷᠳᠡᠵᠦ ᠵᠣᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠱᠢᠶ᠋ᠳᠪᠦᠷᠢᠯᠡᠬᠦ᠌ ᠱᠢᠨ᠎ᠡ ᠠᠷᠭ᠎ᠠ ᠵᠠᠮ᠎ᠢ ᠬᠠᠢᠪᠠ᠃ 568 ᠨᠠᠮ᠎ᠤᠨ ᠭᠡᠱᠢᠭᠦᠨ ᠨᠡᠢᠭᠡᠮ ᠲᠣᠭᠣᠷᠢᠭ᠎ᠲᠤ ᠬᠦᠷᠴᠦ᠍ ᠨᠡᠷ᠎ᠡ ᠮᠡᠳᠡᠭᠦᠯᠦᠨ ᠠᠵᠢᠯᠯᠠᠵᠤ᠂ 105 ᠡᠷᠦᠬᠡ᠎ᠲᠡᠶ ᠬᠠᠪᠰᠤᠷᠤᠨ ᠲᠡᠳᠬᠦᠬᠦ᠌ ᠬᠠᠪᠰᠤᠷᠤᠯᠴᠠᠭ᠎ᠠ ᠪᠠᠢᠭᠤᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠲᠣᠭᠣᠷᠢᠨ᠎ᠳᠤ ᠦᠨᠡᠨ ᠬᠦ᠌ ᠪᠦᠯᠬᠦᠮᠳᠡᠭᠦᠯᠪᠡ᠃

2016 ᠣᠨ᠎ᠳᠤ᠂ ᠲᠡᠷᠡ 35 ᠨᠡᠢᠭᠡᠮ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠵᠣᠬᠢᠶᠠᠨ ᠪᠠᠢᠭᠤᠯᠤᠯᠲᠠ᠎ᠶ᠋ᠢ ᠨᠡᠢᠭᠡᠮ ᠲᠣᠭᠣᠷᠢᠭ᠎ᠤᠨ ᠪᠦᠲᠦᠭᠡᠡ ᠪᠠᠢᠭᠤᠯᠤᠯᠲᠠ᠎ᠳᠤ ᠣᠷᠣᠯᠴᠠᠭᠤᠯᠪᠠ᠃ ᠲᠡᠳᠡ ᠨᠡᠢᠭᠡᠮ ᠲᠣᠭᠣᠷᠢᠭ᠎ᠤᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ ᠬᠦᠷᠳᠡᠵᠥ᠍ ᠪᠠᠢᠭ᠎ᠠ ᠡᠷᠦᠬᠡ᠂ ᠵᠡᠮᠳᠡᠭ᠌ᠴᠦᠳ᠂ ᠬᠦᠴᠢᠷᠳᠡᠯᠲᠡᠢ ᠨᠠᠮ᠎ᠤᠨ ᠭᠡᠱᠢᠭᠦᠨ᠂ ᠶᠠᠳᠠᠭᠤ ᠬᠦᠴᠢᠷᠳᠡᠯᠲᠡᠢ ᠰᠤᠷᠤᠬ᠍ᠴᠢ᠂ ᠭᠡᠷ ᠲᠠᠬᠡᠨ ᠬᠤᠴᠤᠷᠤᠭᠰᠠᠨ ᠨᠠᠰᠤᠲᠠᠨ ᠬᠡᠦᠬᠡᠳ ᠵᠡᠷᠭᠡ ᠬᠦᠴᠢᠷᠳᠡᠯᠲᠡᠢ ᠬᠥᠮᠦᠰ᠎ᠲᠦ ᠬᠠᠨᠳᠤᠭᠤᠯᠤᠨ᠂ ᠶᠠᠳᠠᠭᠤ᠎ᠶ᠋ᠢ ᠲᠡᠳᠬᠦᠵᠦ᠍ ᠬᠦᠴᠢᠷᠳᠡᠯᠲᠡᠢ ᠬᠥᠮᠦᠰ᠎ᠢ ᠬᠠᠪᠰᠤᠷᠤᠨ ᠬᠠᠢᠷ᠎ᠠ ᠬᠠᠯᠠᠮᠵᠢ ᠬᠦᠷᠭᠡᠬᠦ᠌ ᠠᠵᠢᠯᠯᠠᠭ᠎ᠠ᠎ᠶ᠋ᠢ ᠡᠷᠴᠢᠮᠳᠠᠢ ᠥᠷᠨᠢᠭᠦᠯᠪᠡ᠃

ᠲᠡᠷᠡ《ᠭᠤᠷᠪᠠ ᠶ᠋ᠢ ᠵᠠᠪᠠᠯ ᠲᠣᠳᠣᠷᠬᠠᠢᠯᠠᠬᠤ᠂ ᠭᠤᠷᠪᠠ ᠲᠠᠢ ᠵᠠᠪᠠᠯ ᠶᠠᠷᠢᠯᠴᠠᠬᠤ᠂ ᠭᠤᠷᠪᠠ ᠶ᠋ᠢ ᠵᠠᠪᠠᠯ ᠬᠠᠪᠰᠤᠷᠬᠤ》 ᠣᠷᠳᠣ ᠬᠤᠭᠤᠴᠠᠭᠠᠨ᠎ᠤ ᠪᠦᠲᠦᠮᠵᠢᠲᠡᠶ ᠦᠶ᠋ᠯᠡᠴᠢᠯᠡᠭᠡ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠲᠦᠷᠦᠬᠦᠯᠠᠨ ᠲᠣᠭ᠍ᠲᠠᠭᠠᠵᠠᠢ᠃ ᠰᠠᠭᠤᠭᠠᠯᠢ ᠠᠷᠠᠳ᠎ᠤᠨ ᠬᠡᠷᠡᠭ ᠵᠥᠪᠯᠡᠬᠦ᠌ ᠬᠤᠷᠠᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠤᠷᠠᠯᠳᠤᠭᠤᠯᠵᠤ᠂ ᠠᠷᠠᠳ᠎ᠤᠨ ᠰᠠᠨᠠᠭ᠎ᠠ᠎ᠶ᠋ᠢ ᠣᠢᠯᠠᠭᠠᠨ ᠰᠠᠨᠠᠯ ᠰᠠᠨᠠᠭᠤᠯᠭ᠎ᠠ᠎ᠶ᠋ᠢ ᠰᠠᠢᠲᠤᠷ ᠰᠣᠨᠣᠰᠴᠤ᠌᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠰᠠᠨᠠᠭᠠᠴᠢᠯᠠᠭᠠᠲᠤ ᠴᠢᠨᠠᠷ ᠪᠣᠯᠤᠨ ᠢᠳᠡᠪᠬᠢᠵᠢᠯ᠎ᠢ ᠳᠠᠢᠴᠢᠯᠠᠨ ᠪᠠᠳᠠᠷᠠᠭᠤᠯᠪᠠ᠃ ᠨᠥᠬᠥᠷᠯᠡᠯ᠎ᠦᠨ ᠬᠤᠷᠠᠯ᠂ ᠶᠠᠷᠢᠯᠴᠠᠬᠤ ᠬᠤᠷᠠᠯ᠎ᠢ ᠲᠣᠭ᠍ᠲᠠᠮᠠᠯ ᠪᠤᠰᠤ ᠬᠤᠭᠤᠴᠠᠭ᠎ᠠ᠎ᠲᠠᠶ᠎ᠪᠠᠷ ᠬᠤᠷᠠᠯᠳᠤᠭᠤᠯᠵᠤ᠂ ᠨᠡᠭᠦᠳᠡᠯ ᠬᠥᠮᠦᠨ ᠠᠮᠠ᠎ᠶ᠋ᠢ ᠪᠣᠯᠭᠣᠭᠠᠨ ᠲᠣᠬᠣᠨᠢᠭᠤᠯᠵᠤ᠂ ᠲᠡᠳᠡᠨ᠎ᠳᠦ ᠨᠠᠮ ᠪᠠ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠶ᠋ᠢ ᠦᠨᠡᠨ ᠬᠦ᠌ ᠮᠡᠳᠡᠷᠡᠭᠦᠯᠪᠡ᠃ ᠡᠭᠦᠨ᠎ᠦ ᠬᠠᠮᠲᠤ᠂ ᠨᠡᠭᠦᠳᠡᠯ ᠬᠥᠮᠦᠨ ᠠᠮᠠ᠎ᠶ᠋ᠢ ᠠᠵᠢᠯ ᠣᠯᠭᠣᠵᠤ ᠦᠶ᠋ᠯᠡᠰ ᠪᠤᠰᠬᠠᠬᠤ ᠪᠣᠯᠪᠠᠰᠤᠷᠠᠯ᠎ᠳᠦ ᠣᠷᠣᠭᠤᠯᠵᠤ᠂ ᠲᠡᠳᠡᠨ᠎ᠢ ᠬᠠᠪᠰᠤᠷᠤᠨ ᠦᠶ᠋ᠯᠡᠰ ᠪᠤᠰᠬᠠᠬᠤ ᠪᠠ ᠠᠵᠢᠯ ᠤᠯᠭᠤᠬᠤ ᠤᠷ᠎ᠠ ᠮᠡᠷᠬᠡᠵᠢᠯ᠎ᠢ᠋᠎ᠨᠢ ᠳᠡᠭᠡᠭ᠌ᠰᠢᠯᠡᠭᠦᠯᠪᠠ᠃

《ᠲᠦᠮᠡᠨ ᠡᠷᠤᠬᠡ ᠴᠤᠭ᠍ᠯᠠᠷᠠᠭᠰᠠᠨ ᠳᠤᠮᠳᠠᠳᠤ ᠤᠯᠤᠰ᠎ᠤᠨ ᠪᠠᠶᠠᠷ》 ᠤ᠋ᠨ ᠰᠠᠢ᠌ᠨ ᠳᠤᠷ᠎ᠠ᠎ᠶ᠋ᠢᠨ ᠲᠦᠷᠦᠯ ᠲᠡᠮᠳᠡᠭ᠎ᠦᠨ ᠦᠢᠯᠡᠴᠢᠯᠡᠭᠡᠨ᠎ᠦ ᠲᠦᠷᠦᠯ ᠵᠦᠢᠯ ᠪᠣᠯ ᠯᠢ ᠢ ᡁᠢ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠥᠷᠨᠢᠭᠦᠯᠬᠦ᠌ ᠪᠦᠲᠦᠮᠵᠢᠲᠡᠢ ᠭᠠᠷᠳᠠᠴᠠ ᠮᠥᠨ᠂ ᠳᠤᠮᠳᠠᠳᠤ ᠤᠯᠤᠰ᠎ᠤᠨ ᠤᠯᠠᠮᠵᠢᠯᠠᠯᠲᠤ ᠰᠣᠶᠣᠯ᠎ᠤᠨ ᠪᠠᠶᠠᠷ᠎ᠤᠨ ᠡᠳᠦᠷ᠎ᠢᠶᠡᠷ ᠭᠣᠣᠯ ᠰᠡᠳᠦᠪ ᠪᠣᠯᠭᠠᠭ᠍ᠰᠠᠨ ᠠᠯᠢ ᠤᠯᠠᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂  ᠪᠠᠶᠠᠷ᠎ᠤᠨ ᠡᠳᠦᠷ᠎ᠤᠨ ᠲᠤᠬᠠᠢ ᠬᠠᠮᠢᠶ᠎ᠠ ᠪᠦᠬᠦᠢ ᠮᠡᠳᠡᠯᠭᠡ᠎ᠵᠢ ᠤᠢᠯᠠᠭᠠᠭᠤᠯᠪᠠ᠃

2018 ᠣᠨ᠎ᠳᠤ᠂ ᠨᠡᠢᠭᠡᠮ ᠲᠣᠭᠣᠷᠢᠭ᠎ᠤᠨ ᠲᠦᠭᠡᠮᠡᠯ ᠬᠠᠢᠷ᠎ᠠ᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠰᠤᠷᠭᠠᠭᠤᠯᠢ ᠵᠢᠩᠬᠢᠨᠢ᠎ᠪᠡᠷ ᠫᠠᠢᠰᠠ ᠡᠯᠭᠦᠨ ᠪᠠᠢᠭᠤᠯᠤᠭ᠍ᠳᠠᠵᠤ᠂ ᠥᠮᠥᠭ ᠲᠦᠱᠢᠭ᠎ᠢᠶᠡᠨ ᠠᠯᠳᠠᠵᠤ ᠬᠡᠷ᠎ᠲᠡᠭᠡᠨ ᠬᠣᠴᠣᠷᠤᠭ᠍ᠰᠠᠨ 48 ᠬᠡᠦᠬᠡᠳ ᠭᠠᠷᠠᠭ ᠎ᠤᠨ ᠵᠢᠷᠭᠤᠭᠠᠨ᠎ᠤ ᠦᠳᠡ᠎ᠶ᠋ᠢᠨ ᠡᠮᠦᠨ᠎ᠡ ᠡᠨᠳᠠ ᠴᠤᠭᠯᠠᠷᠠᠨ᠂  ᠤᠯᠠᠨ ᠲᠠᠯ᠎ᠠ᠎ᠵᠢᠨ ᠦᠢᠯᠡᠴᠢᠯᠡᠭᠡ ᠬᠦᠷᠳᠡᠵᠤ ᠢᠷᠠᠵᠠᠢ᠃ ᠯᠢ ᠢ ᡁᠢ᠎ᠪᠠᠰᠠ 80 ᠭᠠᠷᠤᠢ ᠤᠶᠤᠨ᠎ᠤ ᠰᠠᠭᠠᠳ ᠳᠠᠢ ᠬᠡᠦᠬᠡᠳ᠎ᠲᠦ ᠪᠤᠤᠰᠠ ᠪᠠᠷᠢᠬᠤ᠂ ᠲᠥᠮᠥᠰᠥ᠍ ᠵᠣᠷᠭᠣᠬᠤ᠂ ᠨᠣᠭᠣᠭ᠎ᠠ ᠱᠢᠯᠢᠬᠦ᠌ ᠵᠡᠷᠭᠡ ᠮᠡᠷᠭᠡᠵᠢᠯ᠎ᠰᠤᠷᠭᠠᠬᠤ ᠲᠤᠰᠬᠠᠢ ᠲᠠᠰᠤᠭ ᠭᠠᠷᠭᠠᠵᠤ ᠭᠡᠤᠭᠡᠳ ᠲᠦ᠍ ᠬᠠᠢᠷ᠎ᠠ ᠬᠠᠯᠠᠮᠵᠢ ᠬᠦᠷᠳᠡᠭᠡᠪᠠ᠃ ᠠᠹᠷᠢᠺᠠ ᠲᠢᠪ᠎ᠦᠨ ᠬᠡᠩᠭᠡᠷᠭᠡ ᠪᠣᠯ ᠥᠨᠥᠴᠢᠷᠡᠮᠡᠯ ᠬᠡᠮ᠎ᠲᠡᠶ ᠬᠡᠦᠬᠡᠳ᠎ᠢ ᠡᠷᠡᠭᠦᠯᠵᠢᠭᠦᠯᠭᠦ ᠦᠷ᠎ᠡ ᠪᠦᠲᠦᠮᠵᠢ᠎ᠪᠡᠷ ᠬᠠᠮᠤᠭ᠎ᠤᠨ ᠰᠠᠢ᠌ᠨ ᠬᠥᠳᠡᠯᠭᠡᠭᠡᠨ᠎ᠦ ᠲᠦᠷᠦᠯ ᠵᠦᠢᠯ ᠪᠣᠯᠬᠤ᠎ᠶ᠋ᠢ ᠰᠣᠨᠣᠰᠤᠭᠠᠳ᠂ ᠯᠢ ᠢ ᡁᠢ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠰᠠᠢ᠌ᠨ ᠲᠤᠷᠠᠴᠤᠳ᠎ᠢ ᠡᠯᠰᠡᠵᠦ᠍᠂ ᠲᠠᠷᠠᠴᠢᠯᠠᠨ ᠲᠤᠰᠬᠠᠢ ᠪᠡᠯᠡ ᠮᠥᠩᠭᠥ᠌ ᠣᠯᠵᠤ ᠠᠹᠷᠢᠺᠠ ᠲᠢᠪ᠎ᠦᠨ ᠬᠡᠩᠭᠡᠷᠭᠡ ᠬᠤᠳᠠᠯᠳᠤᠨ ᠠᠪᠴᠤ᠂ ᠭᠡᠤᠭᠡᠳ ᠎ᠤᠳ ᠎ᠲᠦ ᠲᠤᠭᠯᠠᠭᠠᠮ᠎ᠵᠢᠡᠷ ᠲᠠᠮᠵᠢᠨ ᠠᠮᠢᠳᠤᠷᠠᠯ᠎ᠤᠨ ᠰᠠᠢᠨ ᠰᠠᠢᠬᠠᠨ᠎ᠢ᠋ ᠡᠳ᠋ᠯᠡᠬᠦᠯᠪᠠ᠃ ᠡᠢᠮᠦᠷᠬᠦᠤ ᠠᠵᠢᠯᠯᠠᠭ᠎ᠠ ᠨᠢ ᠨᠡᠢᠭᠡᠮ ᠲᠣᠭᠣᠷᠢᠭ᠎ᠲᠤ 5 ᠵᠢᠯ ᠭᠠᠷᠤᠶ ᠦᠷᠭᠦᠯᠵᠢᠯᠡᠵᠦ᠍᠂ ᠲᠡᠷᠡ ᠪᠠᠰᠠ ᠬᠡᠦᠬᠡᠳ᠎ᠦᠨ ᠬᠠᠮᠤᠭ᠎ᠤᠨ ᠬᠠᠢᠷᠠᠲᠠᠢ 《ᠰᠡᠳᠭᠢᠯ᠎ᠢ ᠮᠡᠳᠡᠭ᠌ᠴᠢ ᠠᠨᠢᠶ᠎ᠠ》 ᠪᠣᠯᠤᠭ᠍ᠰᠠᠨ ᠪᠠᠢᠨ᠎ᠠ᠃

ᠯᠢ ᠢ ᡁᠢ ᠠᠵᠢᠯ᠎ᠤᠨ ᠠᠷᠭ᠎ᠠ ᠬᠡᠮᠵᠢᠶ᠎ᠡ᠎ᠪᠡᠨ ᠱᠢᠨᠡᠴᠢᠯᠡᠵᠦ᠍᠂ ᠡᠭᠦᠳᠦᠨ ᠪᠠᠢᠭᠤᠯᠬᠤ ᠠᠴᠢᠶᠠᠯᠠᠪᠤᠷᠢ᠎ᠪᠠᠨ ᠪᠠᠶᠠᠯᠢᠭ᠍ᠵᠢᠭᠤᠯᠵᠤ᠂ ᠦᠢᠯᠡᠴᠢᠯᠡᠭᠡ᠎ᠶ᠋ᠢ ᠴᠢᠩᠭᠠᠳᠭᠠᠬᠤ᠂ ᠣᠷᠴᠢᠨ ᠲᠣᠭᠣᠷᠢᠨ᠎ᠢ ᠱᠢᠯᠢᠳᠡᠭ᠌ᠵᠢᠭᠦᠯᠬᠦ᠌᠂ ᠬᠥᠭᠥᠷᠭᠡ ᠬᠤᠯᠪᠤᠭᠠᠰᠦ ᠪᠤᠯᠬᠤ᠎ᠪᠠᠷ ᠳᠠᠮᠵᠢᠨ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠦᠢᠯᠡᠴᠢᠯᠡᠬᠦ᠌ ᠳᠠᠪᠠᠭᠤᠯᠢᠭ ᠡᠬᠢ ᠪᠠᠶᠠᠯᠢᠭ᠎ᠢᠶᠠᠨ ᠢᠳᠡᠪᠬᠢᠲᠡᠢ ᠨᠡᠢᠳᠭᠡᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠠᠵᠢᠯ᠎ᠢ ᠡᠳᠤᠷ ᠲᠤᠳᠤᠮ᠎ᠤᠨ  ᠤᠢᠯᠠ ᠠᠵᠢᠯᠯᠠᠭ᠎ᠠ ᠳ᠋ᠠᠭᠠᠨ ᠠᠭᠤᠰᠤᠯᠴᠠᠭᠤᠯᠤᠨ ᠦᠢᠯᠡᠳᠦᠯᠭᠡᠵᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠵᠤ᠂ ᠬᠠᠷᠢᠶ᠎ᠠ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠲᠠᠭᠠᠨ ᠤᠷᠤᠬᠰᠢᠯᠠᠬᠤ᠎ᠵᠢ ᠪᠤᠳᠠᠳᠠᠢ ᠤᠢᠯᠠ ᠠᠵᠢᠯᠯᠠᠭ᠎ᠠ ᠪᠠᠷ ᠎ᠵᠢᠡᠨ ᠲᠤᠭᠤᠰᠢᠳᠠᠢ ᠨᠠᠢᠳᠠᠪᠤᠷᠢᠵᠢᠭᠤᠯᠤᠨ ᠤᠢᠯᠡᠳᠤᠯᠭᠡᠵᠢᠬᠦᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号