— ᠤᠮᠠᠷᠠᠲᠦ ᠬᠢᠯᠢ ᠵᠢᠨ ᠬᠠᠷᠢᠭᠤᠯᠲᠠ ᠵᠢᠨ ᠬᠠᠭᠤᠳᠠᠰᠦ
ᠤᠷᠤᠯᠭ᠎ᠠ ᠪᠤᠯ ᠠᠵᠤ ᠠᠮᠢᠳᠤᠷᠡᠯ ᠤ᠋ᠨ ᠰᠠᠭᠤᠷᠢ ᠶᠤᠮ᠂ ᠠᠷᠠᠳ ᠤᠯᠠᠨ ᠤ᠋ ᠤᠷᠤᠯᠭ᠎ᠠ ᠢ᠋ᠢᠨ ᠬᠡᠮᠵᠢᠶ᠎ᠠ ᠨᠢ ᠠᠵᠤ ᠠᠬᠤᠢ ᠢ᠋ᠢᠨ ᠬᠦᠭᠵᠢᠯᠳᠡ ᠢ᠋ᠢᠨ ᠲᠦᠪᠰᠢᠨ ᠪᠤᠯᠤᠨ ᠲᠦᠭ ᠲᠦᠮᠡᠨ ᠠᠢᠯ ᠡᠷᠤᠬᠡ ᠢ᠋ᠢᠨ ᠠᠮᠢᠳᠤᠷᠡᠯ ᠤ᠋ᠨ ᠲᠦᠪᠰᠢᠨ ᠢ᠋ ᠲᠤᠰᠬᠠᠵᠤ ᠪᠠᠢᠳᠠᠭ᠃ 《ᠠᠷᠪᠡᠨ ᠲᠦᠷᠪᠡᠳᠤᠬᠡᠷ ᠲᠠᠪᠤᠨ ᠵᠢᠯ》 ᠳ᠋ᠤ᠌᠂ ᠦᠪᠤᠷ ᠮᠤᠨᠭᠭᠤᠯ ᠠᠷᠠᠳ ᠲᠦᠮᠡᠨ ᠢ᠋ᠢᠡᠷ ᠭᠤᠤᠯ ᠪᠤᠯᠭᠠᠬᠤ ᠬᠦᠭᠵᠢᠯᠳᠡ ᠢ᠋ᠢᠨ ᠦᠵᠡᠯ ᠰᠠᠨᠠᠭ᠎ᠠ ᠢ᠋ᠢ ᠪᠠᠷᠢᠮᠳᠠᠯᠠᠨ᠂ ᠠᠷᠠᠳ ᠤ᠋ᠨ ᠤᠷᠤᠯᠭ᠎ᠠ ᠵᠢ ᠬᠦᠴᠦᠯᠡᠨ ᠨᠡᠮᠡᠭᠳᠡᠬᠦᠯᠵᠤ᠂ ᠰᠢᠯᠢᠳᠡᠭ ᠰᠠᠢᠨ ᠬᠤᠪᠢ ᠪᠡᠷ ᠴᠠᠭ ᠦᠶ᠎ᠡ ᠢ᠋ᠢᠨ ᠬᠠᠷᠢᠭᠤᠯᠳᠡ ᠢ᠋ᠢᠨ ᠬᠠᠭᠤᠳᠠᠰᠤ ᠢ᠋ᠢ ᠲᠤᠰᠢᠶᠠᠯ᠎ᠠ᠃ 2020 ᠤᠨ ᠳ᠋ᠤ᠌ ᠦᠪᠤᠷ ᠮᠤᠨᠭᠭᠤᠯ ᠤ᠋ᠨ ᠮᠠᠯᠵᠢᠬᠤ ᠲᠠᠷᠢᠶᠠᠯᠠᠬᠤ ᠤᠷᠤᠨ ᠤ᠋ ᠰᠠᠭᠤᠭᠠᠯᠢ ᠠᠷᠠᠳ ᠤ᠋ᠨ ᠬᠦᠮᠦᠨ ᠲᠤᠮᠳᠠᠴᠢ ᠢ᠋ᠢᠨ ᠡᠵᠡᠮᠳᠡᠵᠤ ᠪᠤᠯᠬᠤ ᠤᠷᠤᠯᠭ᠎ᠠ 16567 ᠲᠦᠬᠦᠷᠢᠭ ᠪᠠᠢᠭᠰᠠᠨ ᠡᠴᠡ ᠪᠡᠨ 2024 ᠤᠨ ᠳ᠋ᠤ᠌ 22543 ᠲᠦᠬᠦᠷᠢᠭ ᠲᠦ᠍ ᠬᠦᠷᠴᠤ᠂ ᠮᠠᠯᠵᠢᠬᠤ ᠲᠠᠷᠢᠶᠠᠯᠠᠬᠤ ᠤᠷᠤᠨ ᠤ᠋ ᠰᠠᠭᠤᠭᠠᠯᠢ ᠠᠷᠠᠳ ᠤ᠋ᠨ ᠤᠷᠤᠯᠭ᠎ᠠ ᠢ᠋ᠢᠨ ᠨᠡᠮᠡᠭᠳᠡᠯ ᠤ᠋ᠨ ᠬᠤᠷᠳᠤᠴᠡ ᠨᠢ ᠦᠷᠬᠦᠯᠵᠢᠯᠡᠨ ᠬᠤᠳᠠ ᠪᠠᠯᠭᠠᠰᠤ ᠢ᠋ᠢᠨ ᠰᠠᠭᠤᠭᠠᠯᠢ ᠠᠷᠠᠳ ᠤ᠋ᠨ ᠤᠷᠤᠯᠭ᠎ᠠ ᠢ᠋ᠢᠨ ᠨᠡᠮᠡᠭᠳᠡᠯ ᠤ᠋ᠨ ᠬᠤᠷᠳᠤᠴᠡ ᠡᠴᠡ ᠲᠠᠪᠠᠵᠤ᠂ ᠬᠤᠳᠡ ᠬᠦᠳᠡᠬᠡ ᠢ᠋ᠢᠨ ᠵᠦᠷᠢᠶ᠎ᠡ ᠤᠯᠠᠮ ᠢ᠋ᠢᠡᠷ ᠪᠠᠭᠠᠰᠴᠡᠢ᠃

ᠤᠷᠤᠯᠭ᠎ᠠ ᠢ᠋ᠢᠨ ᠲᠦᠪᠰᠢᠨ ᠪᠤᠯ ᠠᠷᠠᠳ ᠤ᠋ᠨ ᠠᠮᠢᠳᠤᠷᠡᠯ ᠤ᠋ᠨ ᠠᠵᠠ ᠵᠢᠷᠭᠠᠯ ᠤ᠋ᠨ ᠴᠢᠬᠤᠯᠡ ᠨᠢᠬᠡᠨ ᠬᠡᠮᠵᠢᠬᠦᠷ ᠪᠠᠢᠵᠤ᠂ ᠨᠢᠬᠡ ᠬᠡᠷ ᠪᠦᠯᠢ ᠢ᠋ᠢᠨ ᠤᠷᠤᠯᠭ᠎ᠠ ᠵᠢᠨ ᠪᠠᠭ᠎ᠠ ᠲᠠᠨᠭᠰᠠ ᠡᠴᠡ ᠨᠢᠬᠡ ᠭᠠᠵᠠᠷ ᠤᠷᠤᠨ ᠤ᠋ ᠬᠦᠭᠵᠢᠯᠳᠡ ᠢ᠋ᠢᠨ ᠶᠡᠬᠡ ᠲᠠᠨᠭᠰᠠ ᠢ᠋ᠢ ᠲᠤᠳᠤᠷᠠᠭᠤᠯᠵᠤ ᠪᠤᠯᠬᠤ ᠨᠢ ᠲᠠᠮᠵᠢᠭ ᠦᠬᠡᠢ᠃ ᠨᠤᠳᠤᠭ ᠪᠡᠯᠴᠢᠬᠡᠷ ᠤ᠋ᠨ ᠠᠮᠢ ᠠᠬᠤᠢ ᠢ᠋ᠢ ᠬᠠᠮᠠᠭᠠᠯᠠᠵᠤ ᠪᠦᠳᠦᠬᠡᠨ ᠪᠠᠢᠭᠤᠯᠬᠤ ᠨᠦᠬᠦᠪᠤᠷᠢ ᠪᠡ ᠱᠠᠨᠭᠨᠠᠯ ᠤ᠋ᠨ ᠲᠦᠷᠦ ᠢ᠋ᠢᠨ ᠪᠤᠳᠤᠯᠭ᠎ᠠ ᠨᠢ ᠠᠮᠢ ᠠᠬᠤᠢ ᠢ᠋ᠢ ᠬᠠᠮᠠᠭᠠᠯᠠᠬᠤ ᠪᠠ ᠮᠠᠯᠴᠢᠨ ᠲᠠᠷᠢᠶᠠᠴᠢᠨ ᠤ᠋ ᠤᠷᠤᠯᠭ᠎ᠠ ᠵᠢ ᠨᠡᠮᠡᠭᠳᠡᠬᠦᠯᠬᠦ ᠬᠤᠤᠰ ᠦᠷ᠎ᠡ ᠠᠰᠢᠭ ᠢ᠋ ᠡᠬᠦᠳᠪᠡ; ᠲᠠᠷᠢᠶᠠᠨ ᠭᠠᠵᠠᠷ ᠤ᠋ᠨ ᠰᠢᠮ᠎ᠡ ᠬᠦᠴᠦ ᠢ᠋ᠢ ᠰᠠᠢᠵᠢᠷᠠᠭᠤᠯᠬᠤ ᠨᠦᠬᠦᠪᠤᠷᠢ ᠨᠢ ᠠᠮᠤ ᠪᠤᠳᠠᠭᠠᠨ ᠤ᠋ ᠤᠨᠠᠯᠳᠡ ᠢ᠋ᠢ ᠨᠡᠮᠡᠭᠳᠡᠬᠦᠯᠵᠤ᠂ ᠮᠠᠯᠴᠢᠨ ᠲᠠᠷᠢᠶᠠᠴᠢᠨ ᠳ᠋ᠤ ᠡᠯᠪᠡᠭ ᠬᠤᠷᠢᠶᠠᠯᠳᠡ ᠢ᠋ᠢᠨ ᠪᠠᠶᠠᠷ ᠪᠠᠬᠠᠳᠤᠯ ᠢ᠋ ᠤᠯᠭᠤᠪᠠ; ᠨᠡᠢᠳᠡ ᠢ᠋ᠢᠨ ᠠᠰᠠᠷᠠᠮᠵᠢ ᠢ᠋ᠢᠨ ᠴᠢᠨᠠᠷᠳᠠᠢ ᠠᠵᠢᠯ ᠤ᠋ᠨ ᠪᠠᠢᠷᠢ ᠨᠢ ᠮᠠᠯᠴᠢᠨ ᠲᠠᠷᠢᠶᠠᠴᠢᠨ ᠳ᠋ᠤ᠌ ᠲᠤᠭᠳᠠᠭᠤᠨ ᠠᠵᠢᠯ ᠤᠯᠭᠤᠵᠤ᠂ ᠲᠤᠭᠳᠠᠭᠤᠨ ᠴᠠᠯᠢᠩ ᠬᠦᠯᠦᠰᠤ ᠲᠠᠢ ᠪᠤᠯᠭᠠᠪᠠ ᠁ ᠦᠪᠤᠷ ᠮᠤᠩᠭᠤᠯ ᠤ᠋ᠨ ᠠᠯᠢ ᠤᠯᠠᠨ ᠠᠷᠠᠳ ᠲᠦ᠍ ᠠᠰᠢᠭ ᠬᠦᠷᠳᠡᠬᠡᠬᠦ ᠲᠦᠷᠦ ᠢ᠋ᠢᠨ ᠪᠤᠳᠤᠯᠭ᠎ᠠ ᠨᠢ ᠮᠠᠯᠴᠢᠨ ᠲᠠᠷᠢᠶᠠᠴᠢᠨ ᠤ᠋ ᠪᠠᠶᠠᠨ ᠲᠠᠩᠰᠤᠭ ᠠᠮᠢᠳᠤᠷᠡᠯ ᠢ᠋ᠢᠡᠨ ᠴᠤᠭᠴᠠᠯᠠᠬᠤ ᠡᠷᠴᠢ ᠵᠤᠷᠢᠭ ᠢ᠋ ᠬᠦᠭᠵᠢᠬᠡᠵᠤ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ᠋ ᠨᠢ ᠦᠷᠬᠡᠳᠬᠡᠪᠡ᠃

ᠬᠠᠮᠳᠤ ᠪᠡᠷ ᠪᠠᠶᠠᠵᠢᠬᠤ ᠪᠤᠯ ᠬᠦᠭᠵᠢᠬᠦᠯᠤᠯᠳᠡ ᠢ᠋ᠢᠨ ᠵᠤᠷᠢᠯᠳᠡ ᠪᠠ ᠲᠤᠰᠤᠯᠳᠠ ᠪᠤᠯᠤᠨ᠎ᠠ᠃ ᠡᠨᠡ ᠵᠢᠯ ᠦᠪᠤᠷ ᠮᠤᠨᠭᠭᠤᠯ ᠠᠵᠢᠯ ᠤᠯᠭᠤᠯᠳᠡ ᠪᠡᠷ ᠤᠷᠤᠯᠭ᠎ᠠ ᠢ᠋ᠢ ᠨᠡᠮᠡᠭᠳᠡᠬᠦᠯᠬᠦ᠂ ᠠᠵᠤ ᠤᠢᠯᠡᠰ ᠢ᠋ᠢᠡᠷ ᠤᠷᠤᠯᠭ᠎ᠠ ᠢ᠋ᠢ ᠨᠡᠮᠡᠭᠳᠡᠬᠦᠯᠬᠦ᠂ ᠤᠢᠯᠡᠰ ᠪᠤᠰᠬᠠᠬᠤ ᠪᠡᠷ ᠤᠷᠤᠯᠭ᠎ᠠ ᠢ᠋ᠢ ᠨᠡᠮᠡᠭᠳᠡᠬᠦᠯᠬᠦ᠂ ᠨᠦᠬᠦᠪᠤᠷᠢ ᠪᠡᠷ ᠤᠷᠤᠯᠭ᠎ᠠ ᠢ᠋ᠢ ᠨᠡᠮᠡᠭᠳᠡᠬᠦᠯᠬᠦ ᠵᠡᠷᠬᠡ ᠠᠷᠭ᠎ᠠ ᠬᠡᠮᠵᠢᠶ᠎ᠡ ᠪᠡᠷ ᠲᠠᠮᠵᠢᠨ ᠮᠠᠯᠴᠢᠨ ᠲᠠᠷᠢᠶᠠᠴᠢᠨ ᠤ᠋ ᠤᠷᠤᠯᠭ᠎ᠠ ᠢ᠋ᠢᠨ ᠨᠡᠮᠡᠭᠳᠡᠯ ᠢ᠋ ᠦᠷᠬᠦᠯᠵᠢᠯᠡᠨ ᠠᠬᠢᠭᠤᠯᠵᠤ᠂ ᠲᠡᠬᠡᠷ᠎ᠡ ᠬᠠᠭᠠᠰ ᠵᠢᠯ ᠳ᠋ᠤ᠌ ᠪᠦᠬᠦ ᠤᠷᠤᠨ ᠤ᠋ ᠮᠠᠯᠵᠢᠬᠤ ᠲᠠᠷᠢᠶᠠᠯᠠᠬᠤ ᠤᠷᠤᠨ ᠤ᠋ ᠰᠠᠭᠤᠭᠠᠯᠢ ᠠᠷᠠᠳ ᠤ᠋ᠨ ᠬᠦᠮᠦᠨ ᠲᠤᠮᠳᠠᠴᠢ ᠢ᠋ᠢᠨ ᠡᠵᠡᠮᠳᠡᠵᠤ ᠪᠤᠯᠬᠤ ᠤᠷᠤᠯᠭ᠎ᠠ 9436 ᠲᠦᠬᠦᠷᠢᠭ ᠲᠦ᠍ ᠬᠦᠷᠴᠤ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 5.6% ᠪᠡᠷ ᠨᠡᠮᠡᠭᠳᠡᠪᠡ᠃ ᠡᠬᠦᠨ ᠳ᠋ᠤ ᠡᠯᠡᠰᠦᠷᠬᠡᠭᠵᠢᠯ ᠢ᠋ ᠰᠡᠷᠬᠡᠢᠯᠡᠨ ᠡᠯᠡᠰᠤ ᠵᠢ ᠵᠠᠰᠠᠬᠤ ᠶᠠᠪᠤᠴᠡ ᠳ᠋ᠤ᠌ 《ᠠᠵᠢᠯ ᠤᠯᠭᠤᠯᠳᠡ ᠪᠡᠷ ᠲᠡᠳᠬᠦᠮᠵᠢ ᠢ᠋ᠢ ᠤᠷᠤᠯᠠᠭᠤᠯᠬᠤ》 ᠵᠠᠭᠪᠤᠷ ᠵᠢᠡᠷ ᠲᠠᠮᠵᠢᠨ ᠮᠠᠯᠴᠢᠨ ᠲᠠᠷᠢᠶᠠᠴᠢᠨ ᠤ᠋ ᠤᠷᠤᠯᠭ᠎ᠠ ᠢ᠋ᠢ ᠨᠡᠮᠡᠭᠳᠡᠬᠦᠯᠵᠤ᠂ 6 ᠰᠠᠷ᠎ᠡ ᠢ᠋ᠢᠨ ᠰᠡᠬᠦᠯᠴᠢ ᠪᠤᠯᠳᠠᠯ᠎ᠡ ᠨᠡᠢᠳᠡ 10.4 ᠲᠦᠮᠡᠨ ᠮᠠᠯᠴᠢᠨ ᠲᠠᠷᠢᠶᠠᠴᠢᠨ ᠳ᠋ᠤ᠌ ᠠᠵᠢᠯ ᠤᠯᠭᠤᠨ᠂ 10.2 ᠳ᠋ᠦᠨᠭᠰᠢᠭᠤᠷ ᠲᠦᠬᠦᠷᠢᠭ ᠤ᠋ᠨ ᠬᠦᠯᠦᠰᠦ ᠤᠯᠭᠤᠮᠵᠢ ᠤᠯᠭᠤᠵᠠᠢ᠃ ᠵᠢᠷᠤᠭ ᠪᠤᠯ ᠬᠦᠪᠴᠢ ᠵᠢᠨ ᠡᠯᠡᠰᠤ ᠵᠢ ᠵᠠᠰᠠᠬᠤ ᠲᠦᠷᠦᠯ ᠵᠦᠢᠯ ᠳ᠋ᠤ᠌ ᠤᠷᠤᠯᠴᠠᠵᠤ ᠪᠠᠢᠭ᠎ᠠ ᠤᠷᠳᠤᠰ ᠬᠤᠳᠠ ᠵᠢᠨ ᠬᠠᠩᠬᠢᠨ ᠬᠤᠰᠢᠭᠤᠨ ᠤ᠋ ᠮᠠᠯᠴᠢᠨ ᠲᠠᠷᠢᠶᠠᠴᠢᠨ ᠪᠤᠯᠤᠨ᠎ᠠ᠃
ᠯᠢ ᡁᠢ ᠫᠸᠩ ᠰᠡᠬᠦᠳᠡᠷᠯᠡᠪᠡ
ᠮᠠᠯᠴᠢᠨ ᠲᠠᠷᠢᠶᠠᠴᠢᠨ ᠤ᠋ ᠣᠷᠣᠯᠭ᠎ᠠ ᠶ᠋ᠢ ᠨᠡᠮᠡᠭ᠌ᠳᠡᠭᠦᠯᠬᠦ᠌ ᠪᠣᠯ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ ᠤ᠋ᠨ ᠵᠠᠩᠭᠢᠯᠠᠭ᠎ᠠ ᠶᠤᠮ᠂ ᠬᠡᠷᠪᠡ ᠮᠠᠯᠴᠢᠨ ᠲᠠᠷᠢᠶᠠᠴᠢᠨ ᠤ᠋ ᠣᠷᠣᠯᠭ᠎ᠠ ᠳᠡᠭᠡᠭ᠌ᠰᠢᠯᠡᠵᠦ᠍ ᠳᠡᠢᠯᠬᠦ᠌ ᠥᠬᠡᠶ ᠪᠣᠯ ᠠᠵᠤ ᠠᠬᠤᠶ ᠶ᠋ᠢᠨ ᠬᠥᠭ᠌ᠵᠢᠯᠲᠡ ᠶ᠋ᠢᠨ ᠴᠢᠨᠠᠷ ᠶᠡᠬᠡ ᠪᠡᠷ ᠪᠠᠭᠤᠷᠠᠬᠤ ᠪᠣᠯᠤᠨ᠎ᠠ᠃ ᠤᠢᠷ᠎ᠠ ᠵᠢᠨ ᠵᠢᠯ ᠳ᠋ᠤ ᠦᠪᠤᠷ ᠮᠤᠩᠭᠤᠯ ᠠᠷᠭ᠎ᠠ ᠪᠦᠬᠦᠨ ᠢ᠋ ᠰᠦᠪᠡᠭᠴᠢᠯᠡᠨ ᠮᠠᠯᠴᠢᠨ ᠲᠠᠷᠢᠶᠠᠴᠢᠨ ᠤ᠋ ᠴᠠᠯᠢᠩ ᠤ᠋ᠨ ᠴᠢᠨᠠᠷᠳᠠᠢ ᠤᠷᠤᠯᠭ᠎ᠠ᠂ ᠡᠵᠡᠩᠨᠡᠯᠳᠡ ᠵᠢᠨ ᠴᠢᠨᠠᠷᠳᠠᠢ ᠤᠷᠤᠯᠭ᠎ᠠ᠂ ᠰᠢᠯᠵᠢᠯᠳᠡ ᠵᠢᠨ ᠴᠢᠨᠠᠷᠳᠠᠢ ᠴᠡᠪᠡᠷ ᠤᠷᠤᠯᠭ᠎ᠠ ᠵᠢ ᠵᠡᠷᠬᠡ ᠪᠡᠷ ᠲᠠᠬᠡᠭᠰᠢᠯᠡᠬᠦᠯᠬᠦ ᠵᠢᠨ ᠬᠠᠮᠳᠤ ᠬᠥᠳᠡᠭᠡ ᠲᠣᠰᠭᠣᠨ ᠤ᠋ ᠵᠢᠭᠤᠯᠴᠢᠯᠠᠯ᠂ ᠬᠥᠳᠡᠭᠡ ᠲᠣᠰᠭᠣᠨ ᠤ᠋ ᠡᠯᠧᠺᠲ᠋ᠷᠣᠨ ᠬᠤᠳᠠᠯᠳᠤᠭ᠎ᠠ ᠮᠡᠳᠤ ᠵᠢᠨ ᠱᠢᠨ᠎ᠡ ᠪᠡᠷ ᠮᠠᠨᠳᠤᠭᠰᠠᠨ ᠠᠵᠤ ᠦᠢᠯᠡᠰ ᠤ᠋ᠨ ᠬᠥᠭ᠌ᠵᠢᠯᠲᠡ ᠵᠢ ᠠᠬᠢᠭᠤᠯᠵᠤ᠂ ᠮᠠᠯᠴᠢᠨ ᠲᠠᠷᠢᠶᠠᠴᠢᠨ ᠳ᠋ᠤ᠌ ᠣᠷᠣᠯᠭ᠎ᠠ ᠪᠡᠨ ᠨᠡᠮᠡᠭ᠌ᠳᠡᠭᠦᠯᠬᠦ᠌ ᠱᠢᠨ᠎ᠡ ᠠᠷᠭ᠎ᠠ ᠵᠠᠮ ᠢ᠋ ᠨᠡᠬᠡᠬᠡᠨ ᠦᠭᠴᠡᠢ᠃ ᠢᠯᠠᠩᠭᠤᠶ᠎ᠠ ᠬᠥᠳᠡᠭᠡ ᠲᠣᠰᠭᠣᠨ ᠢ᠋ ᠪᠦᠬᠦ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠶ᠋ᠢ ᠬᠡᠷᠡᠭ᠌ᠵᠢᠭᠦᠯᠦᠭ᠌ᠰᠡᠨ ᠡᠴᠡ ᠮᠠᠯᠵᠢᠬᠤ ᠲᠠᠷᠢᠶᠠᠯᠠᠬᠤ ᠤᠷᠤᠨ ᠤ᠋ ᠳᠦᠷᠰᠦ ᠪᠠᠢᠳᠠᠯ ᠳ᠋ᠤ᠌ ᠴᠣ ᠱᠢᠨ᠎ᠡ ᠬᠤᠪᠢᠷᠡᠯᠳᠡ ᠭᠠᠷᠴᠤ᠂ ᠣᠷᠣᠱᠢᠨ ᠠᠮᠢᠳᠤᠷᠠᠬᠤ ᠦᠶ᠋ᠯᠡᠰ ᠪᠦᠲᠦᠭᠡᠬᠦ᠌ ᠵᠢᠭᠤᠯᠴᠢᠯᠡᠨ ᠲᠣᠭᠣᠷᠢᠬᠤ ᠳ᠋ᠤ ᠲᠣᠬᠢᠷᠠᠮᠵᠢᠲᠠᠶ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠨᠢ ᠮᠠᠯᠴᠢᠨ ᠲᠠᠷᠢᠶᠠᠴᠢᠨ ᠳ᠋ᠤ᠌ ᠨᠡᠨᠭ᠌ ᠣᠯᠠᠨ ᠠᠵᠢᠯ ᠤᠯᠬᠤ ᠲᠣᠬᠢᠶᠠᠯ ᠪᠠ ᠦᠶ᠋ᠯᠡᠰ ᠪᠤᠰᠬᠠᠬᠤ ᠲᠠᠪᠴᠠᠩ ᠬᠠᠩᠭᠠᠵᠤ᠂ ᠲᠡᠳᠡᠨ ᠤ᠋ ᠣᠷᠣᠯᠭᠠᠶ᠋ᠢᠨ ᠨᠡᠮᠡᠭ᠌ᠳᠡᠯ ᠢ᠋ ᠤᠯᠠᠮ ᠨᠢᠭᠡ ᠠᠯᠬᠤᠮ ᠠᠬᠢᠭᠤᠯᠤᠭᠰᠠᠨ ᠪᠠᠢᠨ᠎ᠠ᠃