ᠤᠢᠷ᠎ᠠ᠎ᠳᠤ᠂ ᠲᠦᠩᠯᠢᠶᠣᠤ ᠬᠤᠳᠠ᠎ᠶ᠋ᠢᠨ ᠺᠠᠢᠯᠦ᠍ ᠱᠢᠶᠠᠨ᠎ᠤ 《ᠹᠸᠩ ᠠᠨᠢᠶ᠎ᠠ᠎ᠶ᠋ᠢᠨ ᠬᠠᠢᠷ᠎ᠠ ᠬᠠᠯᠠᠮᠵᠢ᠎ᠶᠢᠨ ᠪᠦᠯᠬᠦᠮ》 ᠤ᠋ᠨ ᠡᠭᠦᠰᠭᠡᠨ ᠪᠠᠢᠭᠤᠯᠤᠭ᠍ᠴᠢ᠂ ᠪᠦᠬᠦ᠌ ᠤᠯᠤᠰ᠎ᠤᠨ ᠠᠵᠢᠯ᠎ᠡᠴᠡ᠎ᠪᠠᠨ ᠳᠠᠷᠬᠠᠯᠠᠭ᠍ᠳᠠᠬᠰᠠᠨ ᠠᠵᠢᠯ ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ ᠲᠡᠷᠢᠭᠦᠨ᠎ᠦ ᠬᠤᠪᠢ ᠬᠥᠮᠦᠨ ᠹᠸᠩ ᠵᠠᠨ ᠷᠦᠩ ᠪᠣᠯᠤᠨ ᠬᠠᠢᠷ᠎ᠠ ᠬᠠᠯᠠᠮᠵᠢ᠎ᠵᠢᠨ ᠪᠦᠯᠬᠦᠮ᠎ᠦᠨ ᠪᠦᠷᠢᠯᠳᠦᠬᠦᠨ ᠯᠢ ᠢᠦᠢ ᠵᠢᠶ᠍ᠸ᠂ ᠶᠠᠩ ᠬᠣᠩ ᠪᠢᠨ ᠡᠳ᠋ ᠪᠣᠳᠠᠰ ᠪᠦᠷᠢᠳᠭᠡᠨ᠂ ᠰᠢᠭᠡᠰᠦᠨ ᠬᠤᠤᠷᠳᠠᠯ᠎ᠳᠤ ᠨᠡᠷᠪᠡᠭᠳᠡᠭᠰᠡᠨ ᠡᠪᠡᠳᠴᠢᠲᠠᠨᠤ ᠰᠠᠷ᠎ᠠ ᠪᠦᠷᠢ᠎ᠶᠢᠨ ᠡᠪᠡᠳᠴᠢᠨ ᠦᠵᠡᠬᠦᠯᠬᠦ ᠠᠵᠢᠯ᠎ᠳᠤ ᠪᠡᠯᠡᠳᠭᠡᠯ ᠬᠢᠵᠦ ᠶᠠᠭᠠᠷᠠᠯᠳᠤᠨ᠎ᠠ᠃
2021 ᠣᠨ᠎ᠤ 6 ᠰᠠᠷ᠎ᠠ᠎ᠳᠤ᠂ 《ᠹᠧᠩ ᠠᠨᠢᠶ᠎ᠠ᠎ᠶ᠋ᠢᠨ ᠬᠠᠢᠷ᠎ᠠ ᠬᠠᠯᠠᠮᠵᠢ᠎ᠶᠢᠨ ᠪᠦᠯᠬᠦᠮ》 ᠵᠢᠩᠬᠢᠨᠢ᠎ᠪᠡᠷ ᠪᠠᠢᠭᠤᠯᠤᠭ᠍ᠳᠠᠵᠦ᠂ ᠰᠠᠷ᠎ᠠ ᠪᠦᠷᠢ᠎ᠶ᠋ᠢᠨ 20᠎ᠤ᠋ ᠡᠳᠦᠷ ᠺᠠᠢᠯᠦ᠍ ᠱᠢᠶᠠᠨ᠎ᠤ ᠡᠮᠨᠡᠯᠭᠡ᠎ᠶ᠋ᠢᠨ ᠬᠣᠷᠢᠶᠠᠨ᠎ᠤ ᠴᠢᠰᠤ ᠨᠡᠪᠴᠢᠭᠦᠯᠦᠨ ᠢᠯᠭᠠᠷᠠᠭᠤᠯᠬᠤ ᠡᠪᠡᠳᠴᠢᠲᠡᠨ᠎ᠳᠦ ᠰᠦ ᠬᠠᠨᠳᠢᠪᠯᠠᠬᠤ ᠠᠵᠢᠯᠯᠠᠭ᠎ᠠ ᠥᠷᠨᠢᠭᠦᠯᠬᠦ᠌᠎ᠪᠡᠷ ᠪᠣᠯᠵᠣᠨ ᠲᠣᠭ᠍ᠲᠠᠪᠠ᠃ ᠹᠸᠩ ᠵᠠᠨ ᠷᠦᠩ᠎ᠤᠨ ᠬᠠᠢᠷ᠎ᠠ ᠬᠠᠯᠠᠮᠵᠢ᠎ᠶ᠋ᠢᠨ ᠤᠷᠢᠶᠠᠯᠠᠭ᠎ᠠ ᠳᠣᠣᠷ᠎ᠠ᠂ 《ᠬᠠᠢᠷ᠎ᠠ ᠬᠠᠯᠠᠮᠵᠢ᠎ᠶ᠋ᠢᠨ ᠪᠦᠯᠬᠦᠮ》 ᠨᠢ ᠬᠠᠮᠤᠭ ᠠᠩᠬᠠᠨ᠎ᠤ 4 ᠬᠥᠮᠦᠨ ᠪᠠᠢᠭ᠍ᠰᠠᠨ ᠡᠴᠡ᠎ᠪᠠᠨ ᠠᠭᠠᠵᠢᠮ᠎ᠢᠶᠠᠷ ᠬᠥᠭ᠌ᠵᠢᠭᠡᠳ ᠡᠯ᠎ᠡ ᠠᠵᠢᠯ ᠲᠦᠷᠦᠯ᠎ᠦᠨ 86 ᠬᠥᠮᠦᠨ᠎ᠢ ᠬᠠᠮᠤᠷᠤᠭ᠍ᠰᠠᠨ ᠶᠡᠬᠡ ᠪᠦᠯᠬᠦᠮ ᠪᠣᠯᠪᠠ᠃ 4 ᠵᠢᠯ ᠭᠠᠷᠤᠢ᠎ᠶ᠋ᠢᠨ ᠲᠤᠷᠰᠢ᠂ 《ᠹᠸᠩ ᠠᠨᠢᠶ᠎ᠠ᠎ᠶ᠋ᠢᠨ ᠬᠠᠢᠷ᠎ᠠ ᠬᠠᠯᠠᠮᠵᠢ᠎ᠶ᠋ᠢᠨ ᠪᠦᠯᠬᠦᠮ》 ᠨᠢ 50 ᠱᠢᠬᠠᠮ ᠤᠳᠠᠭ᠎ᠠ᠎ᠵᠢᠨ ᠠᠵᠢᠯᠯᠠᠭ᠎ᠠ ᠥᠷᠨᠢᠭᠦᠯᠵᠦ᠍᠂ ᠨᠡᠢ᠌ᠳᠡ 2500 ᠭᠠᠷᠤᠢ ᠬᠠᠢᠷᠴᠠᠭ ᠰᠦ ᠬᠠᠨᠳᠢᠪᠯᠠᠪᠠ᠃
《ᠡᠷᠬᠢ ᠱᠤᠷᠠᠭ ᠬᠡᠳᠦᠢᠪᠡᠷ ᠪᠠᠭ᠎ᠠ ᠪᠣᠯᠪᠠᠴᠤ᠌ ᠲᠡᠭᠦᠨ᠎ᠦ ᠦᠢᠯᠡᠳᠦᠯ᠎ᠢ ᠬᠡᠮᠵᠢᠶᠡᠯᠡᠵᠦ᠍ ᠪᠣᠯᠤᠰᠢ ᠤᠢ᠍ᠭᠡᠢ ᠶᠤᠮ᠃ ᠪᠢ ᠲᠤᠷᠠᠲᠠᠶ᠎ᠠ ᠬᠡᠵᠢᠶᠡᠳᠡ ᠡᠷᠬᠢ ᠱᠤᠷᠠᠭ ᠠᠳᠠᠯᠢᠬᠠᠨ ᠡᠷᠬᠢᠯᠳᠦᠨ᠎ᠡ》 ᠭᠡᠬᠦ 《ᠯᠧᠢ ᠹᠧᠩ᠎ᠦᠨ ᠡᠳᠦᠷ᠎ᠦᠨ ᠲᠡᠮᠳᠡᠭ᠌ᠯᠡᠯ》 ᠳ᠋ᠡᠬᠢ ᠰᠣᠩᠭᠣᠳᠠᠭ ᠦᠭᠡ ᠥᠭᠦᠯᠡᠪᠦᠷᠢ᠎ᠨᠢ ᠹᠧᠩ ᠵᠠᠨ ᠷᠦᠩ ᠱᠢᠭ ᠠᠬᠠᠮᠠᠳ ᠺᠠᠳ᠋ᠷᠴᠤᠳ᠎ᠤᠨ ᠪᠠᠲᠤ ᠰᠠᠬᠢᠬᠤ ᠢᠲᠡᠭᠡᠯ ᠵᠣᠷᠢᠭ ᠪᠣᠯᠤᠭ᠍ᠰᠠᠭᠠᠷ ᠢᠷᠡᠵᠡᠶ᠃
ᠺᠠᠢᠯᠦ᠍ ᠱᠢᠶᠠᠨ ᠠᠵᠢᠯ ᠡᠴᠡ᠎ᠪᠠᠨ ᠳᠠᠷᠬᠠᠯᠠᠭ᠍ᠳᠠᠬᠰᠠᠨ ᠠᠵᠢᠯ ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ 《ᠤᠯᠤᠰ ᠲᠦᠷᠦ᠍᠎ᠶ᠋ᠢᠨ ᠲᠠᠯ᠎ᠠ᠎ᠪᠠᠷ ᠪᠠᠳᠦ ᠴᠢᠩᠭ᠎ᠠ᠂ ᠤᠬᠠᠮᠰᠠᠷ ᠥᠨᠳᠥᠷ᠂ ᠲᠤᠷᠱᠢᠯᠭ᠎ᠠ ᠭᠦᠢᠴᠡᠳ》 ᠪᠠᠢᠬᠤ ᠥᠪᠡᠷᠮᠢᠴᠡ ᠳᠠᠪᠠᠭᠤᠯᠢᠭ᠎ᠲᠠᠶ ᠨᠢᠭ᠍ᠲᠠ ᠤᠶᠠᠯᠳᠤᠭᠤᠯᠵᠤ᠂ 《ᠵᠣᠬᠢᠶᠠᠨ ᠪᠠᠢᠭᠤᠯᠤᠯᠲᠠ᠎ᠶ᠋ᠢᠨ ᠠᠭᠤᠰᠤᠯᠴᠠᠯ᠂ ᠦᠢᠯᠡᠴᠢᠯᠡᠭᠡᠨ᠎ᠦ ᠬᠣᠯᠪᠣᠭᠠᠯᠠᠨ ᠬᠥᠳᠡᠯᠦᠯᠴᠡᠬᠦ᠌᠂ ᠦᠢᠯᠡᠳᠦᠯᠭᠡ᠎ᠡᠴᠡ ᠬᠦᠴᠦᠨ ᠣᠯᠭᠣᠬᠤ》 ᠭᠤᠷᠪᠠᠨ ᠲᠠᠯ᠎ᠠ᠎ᠪᠠᠷ ᠬᠦᠴᠦᠯᠡᠵᠦ᠍᠂ ᠪᠤᠭᠤᠷᠤᠯᠴᠤᠳ᠎ᠤᠨ ᠬᠦᠴᠦᠨ᠎ᠢ ᠦᠨᠳᠦᠰᠦᠨ ᠱᠠᠲᠤᠨ᠎ᠤ ᠵᠠᠰᠠᠯᠲᠠ᠂ ᠬᠤᠪᠢᠰᠭᠠᠯ᠎ᠤᠨ ᠤᠯᠠᠮᠵᠢᠯᠠᠯ᠂ ᠠᠷᠠᠳ᠎ᠤᠨ ᠠᠮᠢᠳᠤᠷᠠᠯ᠎ᠤᠨ ᠦᠢᠯᠡᠴᠢᠯᠡᠭᠡ ᠳᠤᠮᠳᠠ ᠥᠷᠨᠢᠭᠦᠨ ᠬᠥᠭ᠌ᠵᠢᠩᠭᠦᠢ ᠠᠮᠢᠵᠢᠷᠠᠯ᠎ᠤᠨ ᠬᠦᠴᠦᠨ᠎ᠲᠡᠶ ᠪᠣᠯᠭᠠᠪᠠ᠃ ᠲᠤᠰ ᠱᠢᠶᠠᠨ ᠠᠵᠢᠯ ᠡᠴᠡ᠎ᠪᠠᠨ ᠳᠠᠷᠬᠠᠯᠠᠭ᠍ᠲᠠᠬᠰᠠᠨ ᠠᠵᠢᠯ ᠡᠴᠡ᠎ᠪᠠᠨ ᠠᠮᠠᠷᠠᠭ᠍ᠰᠠᠨ ᠺᠠᠳ᠋ᠷᠴᠤᠳ᠎ᠤᠨ ᠲᠤᠰᠭᠠᠢ ᠮᠡᠷᠭᠡᠵᠢᠯ᠎ᠦᠨ ᠣᠨᠴᠠᠯᠢᠭ᠎ᠢ ᠨᠠᠷᠢᠨ ᠣᠨᠣᠪᠴᠢᠲᠠᠢ ᠪᠠᠢᠴᠠᠭᠠᠨ ᠣᠢᠯᠠᠭᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠲᠡᠷᠢᠶᠡᠯᠡᠩ ᠵᠡᠷᠭᠡ ᠬᠦᠷᠢᠶ᠎ᠡ ᠴᠠᠷᠠᠭ᠎ᠠ᠎ᠶ᠋ᠢ ᠬᠠᠮᠤᠷᠤᠭ᠍ᠰᠠᠨ 《ᠪᠤᠭᠤᠷᠤᠯᠴᠤᠳ᠎ᠤᠨ ᠴᠢᠳᠠᠪᠤᠷᠢᠲᠠᠨ᠎ᠤ ᠬᠥᠮᠥᠷᠭᠡ》 ᠵᠢ ᠪᠠᠢᠭᠤᠯᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠬᠠᠷᠢᠭᠤᠴᠠᠯᠭᠠᠲᠤ ᠰᠡᠳᠭᠢᠯᠭᠡ᠎ᠪᠡᠷ ᠴᠢᠩᠭ᠎ᠠ᠂ ᠪᠡᠶ᠎ᠡ ᠮᠠᠬᠠᠪᠣᠳ᠎ᠤᠨ ᠨᠥᠬᠥᠴᠡᠯ ᠨᠢ ᠵᠥᠪᠱᠢᠶᠡᠷᠡᠬᠦ᠌ 212 ᠨᠡᠷᠡᠰ ᠠᠵᠢᠯ᠎ᠡᠴᠡ᠎ᠪᠠᠨ ᠳᠠᠷᠬᠠᠯᠠᠭ᠍ᠳᠠᠬᠰᠠᠨ ᠠᠵᠢᠯ᠎ᠡᠴᠠ᠎ᠪᠠᠨ ᠠᠮᠠᠷᠠᠭ᠍ᠰᠠᠨ ᠺᠠᠳ᠋ᠷ᠎ᠢ ᠰᠢᠩᠭᠡᠭᠡᠨ ᠠᠪᠴᠦ᠂ ᠲᠡᠳᠡᠨ᠎ᠦ ᠭᠡᠷ ᠪᠦᠯᠢ᠎ᠳᠡᠭᠡᠨ ᠰᠠᠭᠤᠷᠢᠯᠠᠵᠤ᠂ ᠨᠡᠢᠭᠡᠮ ᠲᠣᠭᠣᠷᠢᠭ᠎ᠲᠤ ᠦᠨᠳᠦᠰᠦᠯᠡᠨ᠂ ᠨᠡᠢᠭᠡᠮ᠎ᠳᠦ ᠦᠢᠯᠡᠴᠢᠯᠡᠬᠦ᠌᠎ᠶ᠋ᠢ ᠬᠦᠳᠦᠯᠦᠨ ᠵᠢᠯᠣᠭᠣᠳᠪᠠ᠃
ᠡᠭᠦᠨ᠎ᠦ ᠬᠠᠮᠲᠤ᠂ ᠲᠣᠰ ᠱᠢᠶᠠᠨ《ᠣᠯᠠᠨ ᠲᠦᠮᠡᠨᠵᠠᠬᠢᠶᠠᠯᠠᠬᠤ — ᠨᠠᠮ᠎ᠤᠨ ᠡᠭᠦᠷ ᠲᠤᠮᠢᠯᠠᠬᠤ — ᠪᠤᠭᠤᠷᠤᠯᠴᠤᠳ ᠭᠥᠯᠢᠶᠡᠨ ᠠᠪᠬᠤ》ᠦᠶ᠋ᠯᠡᠴᠢᠯᠡᠭᠡᠨ᠎ᠦ ᠵᠠᠭ᠍ᠪᠤᠷ᠎ᠢ ᠬᠡᠷᠡᠭ᠌ᠵᠢᠭᠦᠯᠵᠦ᠍᠂ 《ᠪᠤᠭᠤᠷᠤᠯᠴᠤᠳ᠎ᠤᠨ ᠡᠨᠧᠷᠭᠢ》 ᠶ᠋ᠢ ᠪᠠᠳᠠᠷᠠᠭᠤᠯᠪᠠ᠃ ᠠᠮᠧᠷᠢᠺᠠ᠎ᠶ᠋ᠢ ᠡᠰᠡᠷᠭᠦᠴᠡᠵᠦ᠍ ᠰᠣᠯᠣᠩᠭᠣᠰ᠎ᠢ ᠲᠤᠰᠠᠯᠠᠬᠤ ᠲᠠᠢᠨ᠎ᠳᠤ ᠤᠷᠤᠯᠴᠠᠬᠰᠠᠨ ᠠᠬᠠᠮᠠᠳ ᠴᠡᠷᠢᠭ ᠵᠧᠦ ᠹᠦ᠋ ᠼᠠᠢ ᠲᠦᠷᠦᠭᠦᠯᠡᠨ《ᠬᠤᠪᠢᠰᠭᠠᠯ᠎ᠤᠨ ᠦᠯᠢᠭᠡᠷ᠎ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ》ᠠᠵᠢᠯᠯᠠᠭ᠎ᠠ᠎ᠳᠤ ᠣᠷᠣᠯᠴᠠᠵᠤ᠂ ᠪᠠᠢᠯᠳᠤᠭᠠᠨᠳ᠋ᠤ ᠤᠷᠤᠯᠴᠠᠬᠰᠠᠨ ᠥᠩᠭᠡᠷᠡᠯᠲᠡ᠎ᠪᠡᠨ ᠶᠠᠷᠢᠪᠠ;30 ᠭᠠᠷᠤᠢ ᠠᠵᠢᠯ ᠡᠴᠡ᠎ᠪᠠᠨ ᠠᠮᠠᠷᠠᠭ᠍ᠰᠠᠨ ᠺᠠᠳ᠋ᠷ ᠨᠡᠢᠭᠡᠮ ᠲᠣᠭᠣᠷᠢᠭ᠎ᠤᠨ《ᠪᠤᠭᠤᠷᠤᠯᠴᠤᠳ᠎ᠤᠨ ᠲᠤᠤᠷᠵᠢᠯ᠎ᠤᠨ ᠠᠵᠢᠯᠲᠠᠨ》 ᠤ᠋ ᠲᠤᠱᠢᠶᠠᠯ᠎ᠢ ᠡᠭᠦᠷᠭᠡᠯᠡᠵᠦ᠍᠂ ᠵᠥᠷᠢᠴᠡᠯ ᠵᠠᠭᠤᠷᠠᠯᠳᠤᠭᠠᠨ᠎ᠢ ᠬᠠᠪᠰᠤᠷᠤᠨ ᠱᠢᠢᠳᠪᠦᠷᠢᠯᠡᠵᠦ᠍᠂ ᠡᠶ᠎ᠡ ᠵᠣᠬᠢᠴᠠᠩᠭᠤᠢ ᠨᠡᠢᠭᠡᠮ ᠲᠣᠭᠣᠷᠢᠭ᠎ᠢ ᠪᠠᠢᠭᠤᠯᠬᠤ᠎ᠳᠤ ᠬᠦᠴᠦᠨ ᠨᠡᠮᠡᠷᠢᠯᠡᠨ᠎ᠠ ᠁ ᠲᠡᠳᠡ ᠬᠡᠭᠦᠳᠡᠭ ᠳᠦᠭᠦᠷᠡᠩ ᠬᠠᠯᠠᠭᠤᠨ ᠰᠡᠳᠭᠢᠯᠭᠡ᠎ᠪᠡᠷ᠂ ᠤᠯᠤᠰ᠂ ᠨᠡᠢᠭᠡᠮ᠂ ᠠᠷᠠᠳ ᠲᠦᠮᠡᠨ᠎ᠤ ᠲᠦᠯᠦᠭᠡ ᠦᠢᠯᠡᠴᠢᠯᠡᠵᠦ᠂ ᠦᠯᠡᠳᠡᠪᠦᠷᠢ ᠢᠯᠴᠢ᠎ᠪᠡᠨ ᠪᠠᠳᠠᠷᠠᠭᠤᠯᠬᠤ ᠴᠢᠩ ᠦᠨᠡᠨᠴᠢ ᠬᠦᠰᠡᠯ ᠡᠷᠡᠮᠡᠯᠵᠡᠯ᠎ᠢ ᠡᠪᠦᠷᠯᠡᠨ ᠥᠭᠡᠷᠡᠴᠢᠯᠡᠯᠲᠡ ᠬᠥᠭ᠌ᠵᠢᠯᠲᠡ᠂ ᠦᠨᠳᠦᠰᠦᠨ ᠱᠠᠲᠤᠨ᠎ᠤ ᠵᠠᠰᠠᠯᠲᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠂ ᠬᠠᠢᠷᠠᠯᠠᠨ ᠬᠠᠯᠠᠮᠵᠢᠯᠠᠵᠤ ᠬᠠᠪᠰᠤᠷᠤᠨ ᠲᠡᠳᠬᠦᠬᠦ᠌ ᠵᠡᠷᠭᠡ ᠡᠯ᠎ᠡ ᠬᠦᠷᠢᠶ᠎ᠠ ᠴᠠᠷᠠᠭᠠᠨ᠎ᠳᠦ ᠬᠦᠴᠦᠨ ᠴᠢᠳᠠᠯ᠎ᠢᠶᠠᠨ ᠡᠷᠭᠦᠪᠡ᠃
《ᠱᠢᠶᠠᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠵᠤᠬᠢᠴᠠᠭᠤᠯᠵᠦ᠂ 2 ᠵᠠᠯᠠᠭᠤ ᠺᠠᠳ᠋ᠷ᠎ᠢ ᠰᠣᠩᠭᠣᠨ ᠲᠣᠮᠢᠯᠠᠵᠤ ᠠᠵᠢᠯ᠎ᠡᠴᠠ᠎ᠪᠠᠨ ᠲᠠᠷᠬᠠᠯᠠᠬᠳᠠᠬᠰᠠᠨ ᠠᠵᠢᠯ ᠡᠴᠡ ᠪᠠᠨ ᠠᠮᠠᠷᠠᠬᠰᠠᠨ ᠺᠠᠳ᠋ᠷᠴᠤᠳ᠎ᠤᠨ ᠦᠶ᠋ᠯᠡᠴᠢᠯᠡᠭᠡ ᠬᠠᠮᠢᠶᠠᠷᠤᠯᠲᠠ᠎ᠶ᠋ᠢᠨ ᠡᠩᠨᠡᠭᠡ᠎ᠳᠦ ᠤᠷᠤᠯᠴᠠᠭᠤᠯᠤᠨ᠂ 〈1 + N〉 ᠬᠠᠪᠰᠤᠷᠤᠯᠴᠠᠭ᠎ᠠ ᠪᠠᠢᠭᠤᠯᠤᠨ ᠬᠠᠷᠢᠯᠴᠠᠬᠤ ᠲᠦᠷᠢᠮ᠎ᠢ ᠪᠠᠢᠭᠤᠯᠵᠤ᠂ ᠠᠵᠢᠯ᠎ᠡᠴᠠ᠎ᠪᠠᠨ ᠲᠠᠷᠬᠠᠯᠠᠬᠳᠠᠬᠰᠠᠨ ᠠᠵᠢᠯ ᠡᠴᠡ ᠪᠠᠨ ᠠᠮᠠᠷᠠᠬᠰᠠᠨ ᠺᠠᠳ᠋ᠷᠴᠤᠳ᠎ᠤᠨ ᠨᠠᠮ᠎ᠤᠨ ᠡᠭᠦᠷ᠎ᠤᠨ ᠨᠡᠢᠭᠡᠮ ᠲᠣᠭᠣᠷᠢᠭ᠂ ᠰᠤᠷᠭᠠᠭᠤᠯᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠲᠠᠶ ᠬᠠᠪᠰᠤᠷᠤᠯᠴᠠᠭ᠎ᠠ ᠪᠠᠢᠭᠤᠯᠵᠤ ᠬᠠᠮᠲᠤ᠎ᠪᠠᠷ ᠪᠠᠢᠭᠤᠯᠬᠤ ᠠᠵᠢᠯᠯᠠᠭ᠎ᠠ᠎ᠶ᠋ᠢ ᠥᠷᠨᠢᠭᠦᠯᠬᠦ᠎ᠶᠢ ᠵᠤᠬᠢᠴᠠᠭᠤᠯᠵᠦ᠂ ᠵᠠᠯᠠᠭᠤ ᠺᠠᠳ᠋ᠷ᠂ ᠠᠬᠠᠮᠠᠳ ᠺᠠᠳ᠋ᠷ᠂ ᠪᠤᠰᠤᠳ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠣᠭᠣᠷᠣᠨᠳᠣᠬᠢ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠡᠬᠢ ᠪᠠᠶᠠᠯᠢᠭ᠎ᠤᠨ ᠳᠠᠪᠠᠭᠤᠯᠢᠭ ᠲᠠᠯ᠎ᠠ᠎ᠪᠠᠷ᠎ᠢᠶᠠᠨ ᠬᠠᠷᠢᠯᠴᠠᠨ ᠨᠥᠬᠥᠪᠥᠷᠢᠯᠡᠬᠦ᠌᠎ᠶ᠋ᠢ ᠪᠡᠶᠡᠯᠡᠭᠦᠯᠪᠡ》 ᠭᠡᠵᠦ᠍ ᠺᠠᠢᠯᠦ᠍ ᠱᠢᠶᠠᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ᠂ ᠠᠬᠠᠮᠠᠳ ᠺᠠᠳ᠋ᠷ᠎ᠤᠨ ᠲᠣᠪᠴᠢᠶᠠᠨ᠎ᠤ ᠳᠠᠷᠤᠭ᠎ᠠ ᠸᠠᠩ ᡁᠢ ᠪᠥᠸᠧ ᠬᠡᠯᠡᠨ᠎ᠠ᠃