​《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ ᠲᠥᠪᠡᠳ᠎ᠦᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ》 ᠪᠣᠯᠪᠠᠰᠤᠷᠠᠯ᠎ᠤᠨ ᠠᠩᠭᠢ ᠪᠡᠭᠡᠵᠢᠩ᠎ᠳᠦ ᠶᠠᠪᠤᠭ᠍ᠳᠠᠪᠠ
2025-10-28 17:34:01
ᠵᠣᠬᠢᠶᠠᠭ᠍ᠴᠢ᠄
ᠠᠭᠤᠯᠠ
ᠣᠩᠱᠢᠭ᠍ᠰᠠᠨ ᠣᠳᠠᠭ᠎ᠠ᠄
★★★☆☆

 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ ᠲᠥᠪᠡᠳ᠎ᠦᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ》 ᠪᠣᠯᠪᠠᠰᠤᠷᠠᠯ᠎ᠤᠨ ᠠᠩᠬᠢ 17 ᠎ᠤ᠋ ᠡᠳᠦᠷ ᠪᠡᠭᠡᠵᠢᠩ᠎ᠳᠦ ᠬᠢᠴᠢᠶᠡᠯ ᠡᠬᠢᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠳᠠᠷᠤᠭ᠎ᠠ ᠯᠣᠪᠰᠠᠩᠵᠠᠯᠰᠠᠨ ᠰᠤᠷᠤᠯᠭ᠎ᠠ ᠡᠬᠢᠯᠡᠬᠦ᠌ ᠶᠣᠰᠣᠯᠠᠯ᠎ᠳᠤ ᠣᠷᠣᠯᠴᠠᠵᠤ ᠮᠡᠳᠡᠭᠦᠯᠦᠯᠲᠡ ᠬᠢᠪᠡ᠃

 ᠯᠤᠪᠰᠠᠩᠵᠠᠯᠰᠠᠨ᠂ ᠲᠥᠪᠡᠳ᠎ᠦᠨ ᠣᠯᠤᠭ᠍ᠰᠠᠨ ᠬᠥᠭ᠌ᠵᠢᠯᠲᠡ ᠳᠠᠪᠱᠢᠯᠲᠠ᠎ᠶ᠋ᠢᠨ ᠯᠤᠲᠤ ᠶᠡᠬᠡ ᠠᠮᠵᠢᠯᠲᠠ ᠪᠦᠲᠦᠮᠵᠢ᠎ᠶ᠋ᠢᠨ ᠦᠨᠳᠦᠰᠦ᠎ᠶ᠋ᠢ ᠭᠦᠨᠵᠡᠭᠡᠶ ᠣᠢᠯᠠᠭᠠᠬᠤ ᠬᠡᠷᠡᠭ᠌ᠲᠡᠶ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠲᠥᠪᠡᠳ᠎ᠦᠨ ᠠᠵᠢᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠠ ᠱᠢᠨ᠎ᠡ ᠴᠠᠭ ᠦᠶ᠎ᠡ᠎ᠶ᠋ᠢᠨ ᠨᠠᠮ᠎ᠤᠨ ᠲᠥᠪᠡᠳ᠎ᠢ ᠵᠠᠰᠠᠬᠤ ᠠᠷᠭ᠎ᠠ ᠪᠣᠳᠣᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ 《ᠳᠥᠷᠪᠡᠨ ᠶᠡᠬᠡ ᠶᠠᠪᠤᠳᠠᠯ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠂ 《ᠳᠥᠷᠪᠡ᠎ᠶ᠋ᠢ ᠡᠭᠦᠳᠦᠨ ᠪᠠᠢᠭᠤᠯᠬᠤ》᠎ᠳ᠋ᠦ᠍ ᠬᠦᠴᠦ᠍᠎ᠪᠡᠨ ᠲᠥᠪᠯᠡᠷᠡᠭᠦᠯᠵᠦ᠂ ᠦᠨᠳᠦᠰᠦᠲᠡᠨ᠎ᠦ ᠪᠦᠯᠬᠦᠮᠳᠡᠯ᠎ᠢ ᠡᠷᠡᠰ ᠭᠤᠢᠪᠢᠰᠢ ᠦᠭᠡᠢ ᠪᠡᠬᠢᠵᠢᠭᠦᠯᠦᠨ ᠬᠥᠭ᠌ᠵᠢᠭᠦᠯᠵᠦ᠂ ᠲᠥᠪᠡᠳ᠎ᠦᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ 《ᠳᠥᠷᠪᠡᠨ ᠪᠠᠢᠭᠤᠯᠭ᠎ᠠ》 ᠶ᠋ᠢᠨ ᠪᠠᠢᠭᠤᠯᠤᠯᠲᠠ᠎ᠶ᠋ᠢ ᠴᠢᠩᠭᠠᠳᠬᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠱᠢᠨ᠎ᠡ ᠲᠥᠪᠡᠳ᠎ᠢ ᠪᠦᠲᠦᠭᠡᠨ ᠪᠠᠢᠭᠤᠯᠬᠤ᠎ᠳᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠬᠦ ᠬᠡᠷᠡᠭᠳᠡᠢ ᠭᠡᠵᠦ ᠵᠢᠭᠠᠵᠤ ᠭᠠᠷᠭᠠᠪᠠ᠃

ᠲᠥᠪᠡᠳ᠎ᠦᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ᠂ ᠱᠢᠶᠠᠩ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠷᠢᠭᠤᠴᠠᠯᠭᠠᠲᠠᠨ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠺᠠᠳ᠋ᠷ ᠵᠡᠷᠭᠡ 120 ᠬᠥᠮᠦᠨ ᠪᠣᠯᠪᠠᠰᠤᠷᠠᠯ᠎ᠳᠤ ᠣᠷᠣᠯᠴᠠᠪᠠ᠃ 

              ( ᠢᠷᠡᠯᠲᠡ᠄ ᠰᠢᠨᠬᠤᠸᠠ ᠬᠤᠷᠢᠶ᠎ᠠ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号