ᠣᠯᠠᠨ ᠡᠱᠢᠲᠦ ᠡᠡᠭᠨᠡᠭᠡ ᠪᠡᠷ ᠲᠥᠷᠥ ᠢ᠋ᠢᠨ ᠪᠣᠳᠣᠯᠭ᠎ᠠ ᠢ᠋ᠢ ᠲᠤᠭᠤᠰᠢᠳᠠᠢ ᠤᠬᠠᠭᠤᠯᠤᠨ ᠲᠠᠢᠯᠪᠤᠷᠢᠯᠠᠨ᠎ᠠ
2025-10-28 09:24:17
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

《ᠥᠩᠭᠡᠷᠡᠭ᠌ᠰᠡᠨ ᠤ᠋ ᠲᠥᠷᠥ ᠢ᠋ᠢᠨ ᠪᠣᠳᠣᠯᠭ᠎ᠠ ᠢ᠋ᠢᠨ ᠮᠠᠲ᠋ᠧᠷᠢᠶᠠᠯ ᠲᠡᠡᠭᠳᠠᠭᠦᠤ ᠪᠤᠳᠤᠯᠢᠶᠠᠨᠲᠠᠢ᠂ ᠪᠢᠳᠡ ᠦᠵᠡᠬᠡᠳ ᠤᠢᠯᠠᠭᠠᠬᠤ ᠦᠭᠡᠢ ᠪᠠᠢᠭᠰᠠᠨ᠃ ᠤᠳᠤ ᠤᠬᠠᠭᠤᠯᠤᠨ ᠲᠠᠢᠯᠪᠤᠷᠢᠯᠠᠭ᠍ᠴᠢ ᠭᠡᠷ ᠲᠦ᠍ ᠢᠷᠡᠬᠡᠳ ᠵᠣᠭᠣᠭ᠍ᠳᠠᠬᠤ ᠢ᠋ᠢᠨ ᠳᠠᠭᠠᠤ ᠲᠠᠢᠯᠪᠤᠷᠢᠯᠠᠵᠤ᠂ ᠠᠰᠠᠭᠤᠳᠠᠯ ᠢ᠋ ᠪᠦᠷ ᠨᠡᠪᠲᠡ ᠵᠠᠳᠠᠯᠤᠨ ᠦᠭᠴᠤ ᠪᠠᠢᠨ᠎ᠠ》 ᠬᠡᠵᠤ ᠸᠠᠩ ᠵᠠᠨ ᠱᠠᠨ ᠬᠡᠯᠡᠨ᠎ᠠ᠃ ᠠᠯᠲᠠᠨ ᠨᠠᠮᠤᠷ ᠤ᠋ᠨ ᠴᠠᠭ ᠲᠤ᠌ ᠬᠢᠩᠭᠠᠨ ᠠᠢᠮᠠᠭ ᠤ᠋ᠨ ᠵᠠᠯᠠᠢᠳ ᠬᠣᠱᠢᠭᠤᠨ ᠤ᠋ ᠪᠤᠯᠠᠭ ᠤ᠋ᠨ ᠬᠤᠸᠠ ᠰᠤᠮᠤ ᠢ᠋ᠢᠨ ᠸᠠᠩ ᠵᠠᠨ ᠱᠠᠨ ᠤ᠋ ᠬᠡᠷ ᠲᠦ᠍ 《ᠥᠯᠵᠡᠢᠲᠦ ᠨᠤᠲᠤᠭ ᠤ᠋ᠨ ᠠᠶᠠᠯᠭᠤ》 ᠤᠬᠠᠭᠤᠯᠤᠨ ᠲᠠᠢᠯᠪᠤᠷᠢᠯᠠᠬᠤ ᠠᠩᠭᠢ ᠢ᠋ᠢᠨ ᠭᠡᠱᠢᠭᠦᠳ ᠬᠠᠨᠵᠤᠨ ᠳ᠋ᠤᠨᠢ ᠲᠤᠭᠤᠢᠯᠠᠨ ᠰᠠᠭᠤᠵᠤ᠂ 《ᠬᠡᠷᠡᠭ᠌ᠴᠡᠭᠡ ᠱᠠᠭᠠᠷᠳᠠᠯᠭ᠎ᠠ ᠢ᠋ᠢᠨ ᠳᠠᠡᠭᠰᠠ》 ᠢ᠋ᠢ ᠠᠳᠬᠤᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠨᠥᠬᠥᠪᠥᠷᠢ᠂ ᠡᠮᠴᠢᠯᠡᠬᠡᠨ ᠤ᠋ ᠳᠠᠭᠠᠳᠭᠠᠯ ᠤ᠋ᠨ ᠳᠠᠩᠰᠠᠨ ᠡᠴᠡ ᠲᠠᠢᠯᠬᠤ ᠲᠥᠷᠥ ᠢ᠋ᠢᠨ ᠪᠣᠳᠣᠯᠭ᠎ᠠ ᠢ᠋ᠢ ᠲᠠᠢᠯᠪᠤᠷᠢᠯᠠᠨ᠎ᠠ᠃ ᠸᠠᠩ ᠵᠠᠨ ᠱᠠᠨ ᠨᠠᠷᠢᠨ ᠬᠢᠨᠠᠮᠠᠭᠠᠢ ᠰᠤᠨᠤᠰᠴᠤ᠂ ᠨᠢᠭᠤᠷ ᠳᠦᠭᠦᠷᠡᠩ ᠪᠠᠶᠠᠰᠤᠯ ᠲᠠᠢ ᠪᠠᠢᠯ᠎ᠠ᠃

《ᠬᠠᠨᠵᠤᠨ ᠳᠡᠭᠡᠷ᠎ᠡ ᠤᠬᠠᠭᠤᠯᠤᠨ ᠲᠠᠢᠯᠪᠤᠷᠢᠯᠠᠬᠤ》 ᠬᠠᠯᠠᠭᠤᠨ ᠳᠤᠯᠠᠭᠠᠨ ᠦᠢᠯᠡᠴᠢᠯᠡᠭᠡ ᠨᠢ ᠬᠢᠩᠭᠠᠨ ᠠᠢᠮᠠᠭ ᠤ᠋ᠨ ᠲᠥᠷᠥ ᠢ᠋ᠢᠨ ᠪᠣᠳᠣᠯᠭ᠎ᠠ ᠢ᠋ᠢ ᠤᠬᠠᠭᠤᠯᠤᠨ ᠲᠠᠢᠯᠪᠤᠷᠢᠯᠠᠬᠤ ᠨᠢᠭᠡᠨ ᠬᠤᠷᠢᠶᠠᠩᠭᠤᠢ ᠵᠢᠱ᠌ᠢᠶ᠎ᠡ ᠲᠡᠳᠦᠢ ᠶᠤᠮ᠃ ᠲᠠᠷᠢᠶᠠᠴᠢᠨ ᠠᠢᠯ ᠤ᠋ᠨ ᠬᠦᠷᠢᠶ᠎ᠡ ᠬᠠᠱᠢᠶ᠎ᠠ ᠡᠴᠡ ᠨᠡᠢᠭᠡᠮ ᠲᠣᠭᠣᠷᠢᠭ ᠤ᠋ᠨ ᠠᠭᠤᠳᠠᠮ ᠲᠠᠯᠠᠪᠠᠶ᠂ ᠲᠠᠯ᠎ᠠ ᠢ᠋ᠢᠨ ᠭᠦᠨ᠂ ᠬᠢᠯᠢ ᠬᠢᠵᠠᠭᠠᠷ ᠤ᠋ᠨ ᠵᠢᠵᠢᠭ ᠪᠠᠯᠭᠠᠰᠤ ᠬᠦᠷᠲᠡᠯ᠎ᠡ᠂ ᠤᠬᠠᠭᠤᠯᠤᠨ ᠲᠠᠢᠯᠪᠤᠷᠢᠯᠠᠬᠤ ᠪᠦᠯᠬᠦᠮ ᠨᠢ ᠨᠤᠲᠤᠭ ᠤ᠋ᠨ ᠠᠶᠠᠯᠭᠤ ᠪᠠᠷ ᠨᠠᠮ ᠤ᠋ᠨ ᠲᠠᠭᠤᠨ ᠢ᠋ ᠳᠠᠮᠵᠢᠭᠤᠯᠵᠤ᠂ ᠨᠠᠮ ᠤ᠋ᠨ ᠠᠷᠠᠳ ᠲᠤ᠌ ᠠᠱᠢᠭ ᠬᠦᠷᠲᠡᠭᠡᠬᠦ᠌ ᠲᠥᠷᠥ ᠢ᠋ᠢᠨ ᠪᠣᠳᠣᠯᠭ᠎ᠠ ᠢ᠋ᠢ ᠣᠯᠠᠨ ᠲᠦᠮᠡᠨ ᠤ᠋ ᠰᠣᠨᠣᠰᠴᠤ᠌ ᠣᠢᠯᠠᠭᠠᠬᠤ ᠡᠩ ᠤ᠋ᠨ ᠬᠡᠯᠡᠯᠭᠡ᠂ ᠬᠡᠷᠡᠭ᠌ᠯᠡᠵᠦ᠍ ᠪᠣᠯᠬᠤ ᠲᠣᠳᠣᠷᠬᠠᠶ ᠺᠠᠷᠲ ᠪᠣᠯᠭᠠᠨ ᠬᠤᠪᠢᠷᠠᠭᠤᠯᠵᠡᠢ᠃

ᠡᠨᠡ ᠵᠢᠯ ᠬᠢᠩᠭᠠᠨ ᠠᠢᠮᠠᠭ ᠤ᠋ᠨ ᠡᠯ᠎ᠡ ᠭᠠᠵᠠᠷ ᠤ᠋ᠨ ᠬᠢᠨ ᠣᠯᠠᠨ ᠲᠦᠮᠡᠨ ᠤ᠋ ᠬᠡᠷᠡᠭ᠌ᠴᠡᠭᠡ ᠱᠠᠭᠠᠷᠳᠠᠯᠭ᠎ᠠ ᠪᠠᠷ ᠭᠤᠤᠯ ᠪᠤᠯᠭᠠᠨ《ᠠᠰᠢᠭ ᠲᠤᠰᠠ᠂ ᠳᠡᠷᠭᠡᠳᠡᠬᠢ ᠬᠥᠮᠦᠰ》᠂ 《ᠬᠡᠷ ᠤ᠋ᠨ ᠡᠭᠦᠳᠡᠨ ᠳ᠋ᠡᠬᠢ ᠵᠣᠭᠣᠭ᠍ᠳᠠᠬᠤ ᠠᠩᠭᠢ 》᠂ 《ᠠᠢᠯ ᠬᠣᠲᠠ ᠵᠦᠭᠡᠷ ᠪᠠᠢᠨ᠎ᠠ》 ᠵᠡᠷᠭᠡ ᠤᠨᠴᠠᠯᠢᠬ᠍ᠳᠤ ᠤᠬᠠᠭᠤᠯᠤᠨ ᠲᠠᠢᠯᠪᠤᠷᠢᠯᠠᠬᠤ ᠡᠩᠨᠡᠭᠡ ᠢ᠋ᠢᠨ ᠳᠠᠪᠠᠭᠤᠯᠢᠭ ᠢ᠋ ᠢᠳᠡᠪᠬᠢᠲᠡᠶ ᠪᠠᠳᠠᠷᠠᠭᠤᠯᠵᠤ᠂ 《ᠪᠢᠴᠢᠬᠠᠨ ᠺᠤᠸᠠᠢ ᠯᠢᠩ》 ᠨᠡᠷᠡᠮᠵᠢᠲᠦ ᠲᠥᠷᠥᠯ ᠲᠡᠮᠳᠡᠭᠳᠤ ᠤᠬᠠᠭᠤᠯᠤᠨ ᠲᠠᠢᠯᠪᠤᠷᠢᠯᠠᠬᠤ ᠡᠩᠨᠡᠭᠡ ᠪᠡᠷ ᠲᠤᠤᠷᠵᠢᠯ ᠪᠣᠯᠭᠠᠨ᠂ ᠤᠯᠠᠮᠵᠢᠯᠠᠨ ᠳᠡᠯᠭᠡᠷᠡᠭᠦᠯᠬᠦ᠌ ᠠᠷᠭ᠎ᠠ ᠪᠠᠷᠢᠯ ᠤ᠋ᠨ ᠱᠢᠨ᠎ᠡ ᠢ᠋ᠢ ᠡᠭᠦᠳᠴᠦ᠍᠂ 《ᠤᠬᠠᠭᠤᠯᠤᠨ ᠲᠠᠢᠯᠪᠤᠷᠢᠯᠠᠬᠤ +  ᠤᠳᠭ᠎ᠠ ᠤᠷᠠᠯᠢᠭ》 ᠤ᠋ᠨ ᠬᠠᠷᠢᠭᠤ ᠮᠡᠳᠡᠭᠦᠯᠦᠯᠲᠡ ᠢ᠋ᠢᠨ ᠲᠣᠭ᠍ᠯᠠᠯᠲᠠ᠂ 《ᠤᠬᠠᠭᠤᠯᠤᠨ ᠲᠠᠢᠯᠪᠤᠷᠢᠯᠠᠬᠤ + ᠲᠤᠬᠠᠢ ᠢ᠋ᠢᠨ ᠭᠠᠵᠠᠷ ᠲᠤᠨᠢ ᠰᠤᠳᠤᠯᠤᠨ ᠰᠤᠷᠤᠯᠴᠠᠬᠤ》᠂ 《ᠤᠬᠠᠭᠤᠯᠤᠨ ᠲᠠᠢᠯᠪᠤᠷᠢᠯᠠᠬᠤ + ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠬᠦ᠌ 》᠂ 《ᠤᠬᠠᠭᠤᠯᠤᠨ ᠲᠠᠢᠯᠪᠤᠷᠢᠯᠠᠬᠤ + AI ᠤᠶᠤᠨᠲᠤ ᠬᠢᠴᠢᠶᠡᠯ ᠤ᠋ᠨ ᠲᠠᠩᠬᠢᠮ》 ᠵᠡᠷᠭᠡ ᠬᠡᠯᠪᠡᠷᠢ ᠪᠡᠷ ᠨᠡᠢᠲᠡ 2500 ᠭᠠᠷᠤᠶ ᠤᠳᠠᠭ᠎ᠠ ᠵᠢᠨ ᠤᠬᠠᠭᠤᠯᠬᠤ ᠲᠠᠢᠯᠪᠤᠷᠢᠯᠠᠯᠳᠠ ᠬᠢᠵᠤ᠂ 4.5 ᠲᠦᠮᠡᠨ ᠬᠦᠮᠦᠨ ᠤᠳᠠᠭ᠎ᠠ ᠢ᠋ᠢᠨ ᠣᠯᠠᠨ ᠲᠦᠮᠡᠨ ᠢ᠋ ᠬᠠᠮᠤᠷᠤᠨ᠂ 《ᠨᠠᠮ ᠤ᠋ᠨ ᠠᠴᠢ ᠳ᠋ᠤ ᠲᠠᠯᠠᠷᠬᠠᠵᠤ᠂ ᠨᠠᠮ ᠤ᠋ᠨ ᠦᠭᠡ ᠢ᠋ᠢ ᠰᠤᠨᠤᠰᠴᠦ᠂ ᠨᠠᠮ ᠢ᠋ᠢᠡᠨ ᠳᠠᠭᠠᠨ ᠤᠷᠤᠭᠰᠢᠯᠠᠬᠤ》 ᠤᠯᠠᠨ ᠲᠦᠮᠡᠨ ᠤ᠋ ᠬᠦᠮᠦᠵᠢᠯ ᠤ᠋ᠨ ᠪᠤᠳᠠᠳᠠᠢᠵᠢᠨ ᠭᠦᠨᠵᠡᠭᠡᠢᠷᠡᠬᠦ ᠢ᠋ᠢ ᠠᠬᠢᠭᠤᠯᠪᠠ᠃

ᠲᠥᠷᠥ ᠢ᠋ᠢᠨ ᠪᠣᠳᠣᠯᠭ᠎ᠠ ᠢ᠋ᠢᠨ ᠤᠬᠠᠭᠤᠯᠤᠨ ᠲᠠᠢᠯᠪᠤᠷᠢᠯᠠᠬᠤ ᠠᠵᠢᠯ ᠢ᠋ ᠠᠳᠠᠯᠢ ᠪᠤᠰᠤ ᠬᠥᠮᠦᠰ ᠲᠦ᠍ ᠨᠠᠷᠢᠯᠢᠭ ᠣᠨᠣᠴᠠᠲᠠᠶ ᠬᠦᠷᠲᠡᠭᠡᠬᠦ᠌ ᠢ᠋ᠢᠨ ᠲᠥᠯᠥᠭᠡ᠂ ᠬᠢᠩᠭᠠᠨ ᠠᠢᠮᠠᠭ 《ᠳᠣᠯᠣᠭ᠎ᠠ ᠳ᠋ᠤ ᠣᠷᠣᠭᠤᠯᠬᠤ》 ᠤᠬᠠᠭᠤᠯᠤᠨ ᠲᠠᠢᠯᠪᠤᠷᠢᠯᠠᠬᠤ ᠠᠴᠢᠶᠠᠯᠠᠪᠤᠷᠢ ᠢ᠋ᠢ ᠨᠠᠷᠢᠯᠢᠬ᠍ᠵᠢᠭᠤᠯᠵᠤ᠂ ᠠᠬᠤᠶ ᠪᠠᠢᠳᠠᠯ᠂ ᠠᠭᠤᠯᠭ᠎ᠠ ᠪᠠ ᠳᠠᠮᠵᠢᠭᠤᠯᠭ᠎ᠠ ᠢ᠋ᠢ ᠣᠯᠠᠨ ᠲᠦᠮᠡᠨᠴᠢᠯᠡᠪᠡ᠃ ᠦᠨᠳᠦᠰᠦᠨ ᠱᠠᠲᠤᠨ ᠤ᠋ ᠠᠷᠠᠳ ᠲᠦᠮᠡᠨ ᠳ᠋ᠤ ᠬᠠᠨᠳᠤᠭᠤᠯᠤᠨ ᠨᠡᠢᠭᠡᠮ ᠲᠣᠭᠣᠷᠢᠭ ᠤ᠋ᠨ 《ᠰᠠᠨᠳᠠᠯᠢ ᠬᠢᠴᠢᠶᠡᠯ ᠤ᠋ᠨ ᠲᠠᠩᠬᠢᠮ》᠂ ᠭᠠᠴᠠᠭ᠎ᠠ ᠲᠣᠰᠭᠣᠨ ᠤ᠋ 《ᠬᠠᠨᠵᠤᠨ ᠳᠡᠭᠡᠷᠡᠬᠢ ᠬᠢᠴᠢᠶᠡᠯ ᠤ᠋ᠨ ᠲᠠᠩᠬᠢᠮ》 ᠢ᠋ ᠭᠠᠷᠭᠠᠪᠠ; ᠰᠤᠷᠤᠭ᠍ᠴᠢᠳ ᠲᠤ᠌ ᠬᠠᠨᠳᠤᠭᠤᠯᠤᠨ ᠤᠯᠤᠰ ᠢ᠋ᠢᠡᠨ ᠬᠠᠢᠷᠠᠯᠠᠬᠤ ᠦᠵᠡᠯ ᠤ᠋ᠨ ᠬᠥᠮᠦᠵᠢᠯ ᠤ᠋ᠨ ᠰᠠᠭᠤᠷᠢᠨ ᠳ᠋ᠤ 《ᠪᠢᠴᠢᠬᠠᠨ ᠤᠯᠠᠭᠠᠨ ᠤᠬᠠᠭᠤᠯᠤᠨ ᠲᠠᠢᠯᠪᠤᠷᠢᠯᠠᠬᠤ ᠲᠠᠩᠬᠢᠮ》 ᠢ᠋ ᠭᠠᠷᠭᠠᠪᠠ; ᠠᠵᠤ ᠠᠬᠤᠢᠯᠠᠯ ᠤ᠋ᠨ ᠠᠵᠢᠯᠴᠢᠨ ᠳ᠋ᠤ ᠬᠠᠨᠳᠤᠭᠤᠯᠤᠨ 《ᠦᠶ᠋ᠯᠡᠳᠪᠦᠷᠢ ᠢ᠋ᠢᠨ ᠲᠠᠰᠤᠭ ᠤ᠋ᠨ ᠪᠢᠴᠢᠯ ᠬᠢᠴᠢᠶᠡᠯ》 ᠭᠠᠷᠭᠠᠪᠠ; ᠪᠠᠢᠭᠤᠯᠭ᠎ᠠ ᠢ᠋ᠢᠨ ᠺᠠᠳ᠋ᠷ ᠲᠤ᠌ ᠬᠠᠨᠳᠤᠭᠤᠯᠤᠨ 《ᠰᠤᠷᠤᠯᠴᠠᠯᠭ᠎ᠠ ᠢ᠋ᠢᠨ ᠬᠢᠴᠢᠶᠡᠯ ᠤ᠋ᠨ ᠲᠠᠩᠬᠢᠮ》 ᠢ᠋ ᠪᠠᠢᠭᠤᠯᠵᠤ᠂ ᠤᠨᠤᠯ ᠢ᠋ ᠪᠤᠳᠠᠳᠠᠢ ᠳ᠋ᠤ ᠬᠦᠷᠬᠡᠬᠦ᠌ ᠨᠤᠷᠮ᠎ᠠ ᠢ᠋ᠢ ᠦᠨᠡᠨ ᠬᠦ᠌ ᠳᠡᠭᠡᠭ᠌ᠰᠢᠯᠡᠭᠦᠯᠦᠭᠰᠡᠨ ᠠᠵᠢ᠃

《ᠡᠨᠡ ᠡᠳᠤᠷ ᠪᠢᠳᠡ ᠪᠢᠴᠢᠭ ᠮᠠᠲ᠋ᠧᠷᠢᠶᠠᠯ ᠤᠩᠱᠢᠬᠤ ᠥᠬᠡᠶ ᠪᠡᠷ ᠡᠮᠴᠢᠯᠡᠬᠡᠨ ᠤ᠋ ᠳᠠᠭᠠᠳᠭᠠᠯ ᠢ᠋ ᠶᠠᠭᠠᠬᠢᠵᠤ ᠲᠠᠩᠰᠠ ᠡᠴᠡ ᠲᠠᠢᠯᠬᠤ ᠂ ᠨᠠᠭᠠᠳᠤ ᠵᠠᠬ᠎ᠠ ᠢ᠋ᠢᠨ ᠠᠮᠢᠳᠤᠷᠠᠯ ᠤ᠋ᠨ ᠪᠠᠲᠤᠯᠠᠭ᠎ᠠ ᠢ᠋ᠢ ᠶᠠᠭᠠᠬᠢᠵᠤ ᠭᠤᠶᠤᠴᠢᠯᠠᠬᠤ ᠲᠤᠬᠠᠶ ᠶᠠᠷᠢᠯᠴᠠᠶ᠎ᠠ》 ᠬᠡᠵᠤ ᠲᠦᠴᠢᠦᠸᠠᠨ ᠱᠢᠶᠠᠨ ᠤ᠋ ᠲᠣᠸᠠᠨ ᠵᠢᠶᠧ ᠨᠡᠢᠭᠡᠮ ᠲᠣᠭᠣᠷᠢᠭ ᠤ᠋ᠨ ᠠᠭᠤᠳᠠᠮ ᠲᠠᠯᠠᠪᠠᠶ ᠳ᠋ᠤ ᠨᠡᠢᠭᠡᠮ ᠲᠣᠭᠣᠷᠢᠭ ᠤ᠋ᠨ ᠱᠦᠵᠢ ᠵᠧᠸ᠋ ᠴᠦᠨ ᠨᠢᠢ ᠲᠠᠢᠯᠪᠤᠷᠢᠯᠠᠯᠳᠠ ᠪᠠᠨ ᠡᠬᠢᠯᠡᠬᠦᠯᠬᠦ ᠳ᠋ᠤ ᠠᠷᠪᠠᠨ ᠬᠡᠳᠦᠨ ᠰᠠᠭᠤᠭᠠᠯᠢ ᠠᠷᠠᠳ 《ᠵᠢᠵᠢᠭ ᠰᠠᠨᠳᠠᠯᠢ》 ᠳ᠋ᠤ ᠳᠤᠭᠤᠢᠯᠠᠨ ᠰᠠᠭᠤᠭᠠᠳ ᠲᠡᠬᠦᠨ ᠤ᠋ ᠲᠠᠢᠯᠪᠤᠷᠢᠯᠡᠬᠤ ᠵᠢ ᠰᠣᠨᠣᠰᠤᠨ᠎ᠠ᠃ 《ᠨᠠᠰᠤᠵᠢᠯ ᠤ᠋ᠨ ᠠᠰᠠᠷᠠᠮᠵᠢ ᠢ᠋ᠢᠨ ᠮᠥᠩᠭᠥ ᠢ᠋ᠢᠨ ᠭᠡᠷᠡᠴᠢᠯᠡᠯ ᠢ᠋ ᠨᠡᠯᠢᠶᠡᠳ ᠪᠤᠳᠤᠯᠢᠶᠠᠨᠲᠠᠶ ᠭᠡᠵᠦ᠍ ᠪᠤᠳᠤᠵᠤ ᠪᠠᠢᠭ᠍ᠰᠠᠨ᠂ ᠤᠤᠯ ᠨᠢ ᠡᠢᠮᠦ᠍ ᠳᠥᠭᠥᠮᠬᠡᠨ ᠪᠠᠢᠵᠤ ᠰᠢᠳᠠ!》 ᠭᠡᠵᠤ ᠰᠠᠭᠤᠭᠠᠯᠢ ᠠᠷᠠᠳ ᠶᠠᠩ ᠢᠦᠢ ᠱᠢᠶᠠ ᠭᠠᠢᠬᠠᠰᠢ ᠠᠯᠳᠠᠪᠠ᠃ ᠡᠢᠮᠦᠷᠬᠦᠦ 《ᠵᠢᠵᠢᠭ ᠰᠠᠨᠳᠠᠯᠢ ᠢ᠋ᠢᠨ ᠰᠤᠷᠤᠯᠴᠠᠯᠭ᠎ᠠ ᠢ᠋ᠢᠨ ᠲᠤᠭᠤᠷᠢᠭ》 ᠨᠢ ᠲᠦᠴᠢᠦᠸᠠᠨ ᠱᠢᠶᠠᠨ ᠤ᠋ ᠭᠠᠵᠠᠷ ᠪᠣᠯᠭᠠᠨ ᠳ᠋ᠤ ᠬᠠᠷᠠᠭᠳᠠᠨ᠎ᠠ᠃

ᠷᠠᠱᠢᠶᠠᠨ ᠬᠣᠲᠠ ᠢ᠋ᠢᠨ ᠢᠷᠪᠢᠰᠲᠠᠢ ᠵᠡᠭᠡᠯᠢ ᠭᠤᠳᠤᠮᠵᠢ ᠳ᠋ᠤ 《ᠲᠥᠷᠥ ᠢ᠋ᠢᠨ ᠪᠣᠳᠣᠯᠭ᠎ᠠ ᠢ᠋ᠢᠨ ᠲᠦᠷᠭᠡᠨ ᠳᠠᠮᠵᠢᠭᠤᠯᠭ᠎ᠠ + ᠬᠠᠤᠯᠢ ᠪᠠᠷ ᠵᠠᠰᠠᠬᠤ ᠢ᠋ᠢ ᠲᠦᠭᠡᠮᠡᠯᠵᠢᠭᠦᠯᠬᠦ᠌ + ᠦᠨᠳᠦᠰᠦᠲᠡᠨ ᠤ᠋ ᠪᠦᠯᠬᠦᠮᠳᠡᠯ》 ᠤ᠋ᠨ ᠬᠠᠮ ᠤᠬᠠᠭᠤᠯᠭ᠎ᠠ ᠬᠥᠷ ᠬᠥᠭ᠌ᠵᠢᠶᠡᠨ ᠲᠡᠶ ᠶᠠᠪᠤᠭᠳᠠᠵᠤ᠂ ᠷᠠᠰᠢᠶᠠᠨ ᠬᠤᠳᠠ ᠵᠢᠨ ᠬᠠᠤᠯᠢ ᠴᠠᠭᠠᠵᠠ ᠢ᠋ᠢᠨ ᠲᠣᠪᠴᠢᠶ᠎ᠠ ᠢ᠋ᠢᠨ ᠺᠠᠳ᠋ᠷ ᠬᠠᠤᠯᠢ ᠴᠠᠭᠠᠵᠠ ᠢ᠋ᠢᠨ ᠲᠤᠰᠠᠯᠠᠮᠵᠢ ᠭᠤᠶᠤᠴᠢᠯᠠᠬᠤ ᠳᠡᠰ ᠳᠠᠷᠠᠭᠠᠯᠠᠯ ᠢ᠋ ᠬᠡᠷᠡᠭ ᠤ᠋ᠨ ᠵᠢᠱ᠌ᠢᠶ᠎ᠡ ᠲᠡᠶ ᠤᠶᠠᠯᠳᠤᠭᠤᠯᠤᠨ ᠲᠠᠢᠯᠪᠤᠷᠢᠯᠠᠵᠤ᠂ ᠠᠷᠠᠳ ᠤ᠋ᠨ ᠶᠠᠪᠤᠳᠠᠯ ᠤ᠋ᠨ ᠲᠣᠪᠴᠢᠶ᠎ᠠ ᠢ᠋ᠢᠨ ᠠᠵᠢᠯᠲᠠᠨ ᠰᠠᠭᠤᠭᠠᠯᠢ ᠠᠷᠠᠳ ᠲᠤ᠌ ᠰᠦᠯᠵᠢᠶᠡᠨ ᠳᠡᠭᠡᠷ᠎ᠡ ᠨᠠᠭᠠᠳᠤ ᠵᠠᠬ᠎ᠠ ᠢ᠋ᠢᠨ ᠠᠮᠢᠳᠤᠷᠠᠯ ᠤ᠋ᠨ ᠪᠠᠲᠤᠯᠠᠭ᠎ᠠ ᠭᠤᠶᠤᠴᠢᠯᠠᠬᠤ ᠢ᠋ᠢ ᠵᠢᠭᠠᠵᠤ ᠦᠭᠬᠦᠨ᠎ᠠ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ ᠤ᠋ ᠠᠭᠤᠳᠠᠮ ᠲᠠᠯᠠᠪᠠᠢ ᠳ᠋ᠡᠬᠢ 《ᠠᠰᠢᠭ ᠲᠦ᠍ ᠬᠦᠷᠲᠡᠭᠡᠭᠦ ᠲᠦᠷᠦ ᠢ᠋ᠢᠨ ᠪᠤᠳᠤᠯᠭ᠎ᠠ ᠢ᠋ᠢ ᠱᠢᠭᠤᠳ ᠬᠦᠷᠭᠡᠬᠦ》 ᠦᠵᠡᠭᠦᠯᠭᠡ ᠢ᠋ᠢᠨ ᠲᠠᠢᠰᠠᠨ ᠲᠠᠬᠡᠷ᠎ᠠ ᠠᠵᠢᠯᠲᠠᠳ ᠮᠠᠯᠴᠢᠨ ᠲᠠᠷᠢᠶᠠᠴᠢᠨ ᠤ᠋ ᠨᠠᠮᠤᠷ ᠤ᠋ᠨ ᠬᠤᠷᠢᠶᠠᠯᠲᠠ ᠢ᠋ᠢᠨ ᠨᠥᠬᠥᠪᠥᠷᠢ᠂ ᠲᠠᠷᠢᠶᠠᠯᠠᠩ ᠤ᠋ᠨ ᠮᠠᠱᠢᠨ ᠬᠤᠳᠠᠯᠳᠤᠨ ᠠᠪᠬᠤ ᠵᠡᠷᠬᠡ ᠠᠰᠠᠭᠤᠯᠲᠠ ᠳ᠋ᠤ ᠨᠠᠷᠢᠯᠢᠭ ᠬᠠᠷᠢᠭᠤᠯᠲᠠ ᠥᠭ᠌ᠴᠦ ᠪᠠᠢᠯ᠎ᠠ᠃ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠤᠯᠠᠭᠠᠨᠮᠣᠳᠣ ᠰᠤᠮᠤ ᠳ᠋ᠤ ᠬᠤᠪᠢᠶᠠᠷᠢ ᠤᠬᠠᠭᠤᠯᠤᠨ ᠲᠠᠢᠯᠪᠤᠷᠢᠯᠠᠬᠤ ᠪᠦᠯᠬᠦᠮ ᠤ᠋ᠨ ᠬᠢᠨ 《 ᠬᠠᠮᠲᠤ ᠵᠢᠨ ᠣᠳᠣᠬᠢᠴᠢᠯᠠᠯᠳᠠ ᠵᠢᠨ ᠲᠤᠷᠱᠢᠯᠲᠠ ᠢ᠋ᠢᠨ ᠴᠡᠭ ᠤ᠋ᠨ ᠲᠥᠷᠥ ᠢ᠋ᠢᠨ ᠪᠣᠳᠣᠯᠭ᠎ᠠ》 ᠶ᠋ᠢ ᠬᠦᠰᠦᠨᠦᠭ ᠪᠣᠯᠭᠠᠨ ᠵᠣᠬᠢᠶᠠᠭᠠᠳ ᠲᠠᠯᠬᠡᠬᠦ ᠳ᠋ᠤ ᠮᠠᠯᠴᠢᠳ ᠭᠠᠷ ᠤᠲᠠᠰᠤ ᠪᠠᠨ ᠭᠠᠷᠭᠠᠨ ᠬᠡᠷᠡᠯ ᠵᠢᠷᠤᠭ ᠠᠪᠴᠤ᠌ ᠬᠠᠳᠠᠭᠠᠯᠠᠵᠤ ᠪᠠᠢᠯ᠎ᠠ᠃

ᠲᠤᠬᠠᠢ ᠵᠢᠨ ᠭᠠᠵᠠᠷ ᠤ᠋ᠨ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠬᠥᠷ ᠬᠥᠭ᠌ᠵᠢᠶᠡᠨ ᠲᠡᠶ ᠶᠠᠪᠤᠭ᠍ᠳᠠᠬᠤ ᠳ᠋ᠤ ᠰᠦᠯᠵᠢᠶᠡᠨ ᠳᠡᠭᠡᠷᠡᠬᠢ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠴᠤ᠌ ᠢᠳᠡ ᠬᠦᠭ ᠲᠠᠢ ᠦᠷᠨᠢᠨ᠎ᠠ᠃ ᠡᠨᠡ ᠵᠢᠯ ᠡᠴᠡ ᠨᠠᠭᠠᠰᠢ᠂ ᠬᠢᠩᠭᠠᠨ ᠠᠢᠮᠠᠭ 《ᠬᠢᠩᠭᠠᠨ ᠤ᠋ ᠶᠣᠰᠣ ᠰᠤᠷᠲᠠᠬᠤᠨ》 ᠵᠠᠯᠠᠭᠤᠴᠤᠳ ᠤ᠋ᠨ ᠯᠧᠺᠲ᠋ᠣᠷ ᠤ᠋ᠨ ᠪᠦᠯᠬᠦᠮ ᠳ᠋ᠤ ᠲᠦᠱᠢᠭ᠌ᠯᠡᠨ ᠰᠦᠯᠵᠢᠶ᠎ᠡ ᠪᠡᠷ ᠤᠬᠠᠭᠤᠯᠤᠨ ᠲᠠᠢᠯᠪᠤᠷᠢᠯᠠᠬᠤ ᠱᠢᠨ᠎ᠡ ᠵᠢᠭ᠍ᠰᠠᠭᠠᠯ ᠤ᠋ᠨ ᠭᠠᠵᠠᠷ ᠢ᠋ ᠢᠳᠡᠪᠬᠢᠲᠡᠶ ᠥᠷᠭᠡᠳᠭᠡᠵᠦ᠍᠂ ᠢᠨᠲ᠋ᠧᠷ ᠰᠦᠯᠵᠢᠶᠡᠨ ᠤ᠋ ᠠᠵᠢᠯ ᠲᠥᠷᠥᠯ ᠤ᠋ᠨ ᠨᠠᠮ ᠤ᠋ᠨ ᠪᠠᠢᠭᠤᠯᠤᠯᠲᠠ ᠢ᠋ᠢᠨ ᠬᠤᠪᠢᠰᠭᠠᠯ ᠤ᠋ᠨ ᠱᠢᠭᠤᠳ ᠨᠡᠪᠲᠡᠷᠡᠭᠦᠯᠭᠡ ᠢ᠋ᠢᠨ ᠲᠠᠰᠤᠭ ᠪᠣᠯᠤᠨ《ᠬᠢᠩᠭᠠᠨ ᠤ᠋ ᠶᠣᠰᠣ ᠰᠤᠷᠲᠠᠬᠤᠨ》 ᠤ᠋ ᠣᠨᠣᠯ ᠤ᠋ᠨ ᠪᠢᠴᠢᠯ ᠬᠢᠴᠢᠶᠡᠯ ᠤ᠋ᠨ ᠲᠠᠩᠬᠢᠮ ᠢ᠋ ᠪᠠᠢᠭᠤᠯᠪᠠ᠃ ᠣᠳᠣᠬᠠᠨ ᠳ᠋ᠤ ᠨᠢᠭᠡᠨᠲᠡ ᠱᠢᠷᠢᠰ ᠲᠤᠰᠭᠠᠶ ᠰᠡᠳᠦᠪᠲᠦ ᠱᠢᠭᠤᠳ ᠨᠡᠪᠲᠡᠷᠡᠭᠦᠯᠭᠡ ᠢ᠋ᠢᠨ ᠬᠢᠴᠢᠶᠡᠯ ᠢ᠋ 20 ᠭᠠᠷᠤᠶ ᠬᠤᠭᠤᠴᠠᠭ᠎ᠠ ᠨᠡᠬᠡᠬᠡᠵᠤ᠂ ᠱᠢᠭᠤᠳ ᠨᠡᠪᠲᠡᠷᠡᠭᠦᠯᠭᠡ ᠢ᠋ᠢᠨ ᠬᠢᠴᠢᠶᠡᠯ ᠪᠤᠯᠤᠨ ᠣᠬᠣᠷ ᠸᠢᠳᠢᠣ᠋ ᠪᠠᠷ ᠳᠠᠮᠵᠢᠨ ᠤᠯᠠᠮᠵᠢᠯᠠᠯᠲᠤ ᠤᠬᠠᠭᠤᠯᠤᠨ ᠲᠠᠢᠯᠪᠤᠷᠢᠯᠠᠬᠤ ᠴᠠᠭ ᠬᠤᠭᠤᠴᠠᠭ᠎ᠠ ᠪᠠ ᠣᠷᠣᠨ ᠵᠠᠶ ᠢ᠋ᠢᠨ ᠬᠢᠵᠠᠭᠠᠷᠯᠠᠯ ᠢ᠋ ᠡᠪᠳᠡᠨ᠂ ᠣᠨᠣᠯ ᠤ᠋ᠨ ᠰᠤᠷᠤᠯᠴᠠᠯᠭ᠎ᠠ ᠢ᠋ᠢ ᠪᠠᠢᠩᠭᠤᠵᠢᠭᠤᠯᠵᠤ᠂ ᠨᠡᠪᠲᠡᠷᠡᠭᠦᠯᠭᠡ ᠢ᠋ᠢᠨ ᠳᠠᠷᠤᠮ ᠤ᠋ᠨ ᠲᠤᠭ᠎ᠠ 30 ᠲᠦᠮᠡᠨ ᠤᠳᠠᠭ᠎ᠠ ᠢ᠋ᠢ ᠳᠠᠪᠠᠨ᠂ ᠥᠷᠭᠡᠨ ᠣᠯᠠᠨ ᠨᠠᠮ ᠤ᠋ᠨ ᠭᠡᠱᠢᠭᠦᠨ ᠺᠠᠳ᠋ᠷ᠂ ᠵᠠᠯᠠᠭᠤᠴᠤᠳ ᠪᠤᠯᠤᠨ ᠦᠨᠳᠦᠰᠦᠨ ᠱᠠᠲᠤᠨ ᠤ᠋ ᠣᠯᠠᠨ ᠲᠦᠮᠡᠨ ᠤ᠋ ᠬᠦᠷᠢᠶᠡᠯᠡᠯ ᠢ᠋ ᠣᠯᠵᠠᠢ᠃

ᠡᠭᠦᠨ ᠡᠴᠡ ᠭᠠᠳᠠᠨ᠎ᠠ᠂ ᠬᠢᠩᠭᠠᠨ ᠠᠢᠮᠠᠭ ᠪᠠᠰᠠ 《ᠬᠢᠩᠭᠠᠨ ᠤ᠋ ᠶᠣᠰᠣ ᠰᠤᠷᠲᠠᠬᠤᠨ》 AI ᠤᠶᠤᠨᠲᠤ ᠬᠢᠴᠢᠶᠡᠯ ᠤ᠋ᠨ ᠲᠠᠩᠬᠢᠮ — 《ᠨᠠᠮ ᠤ᠋ᠨ ᠠᠴᠢ ᠳ᠋ᠤ ᠲᠠᠯᠠᠷᠬᠠᠵᠤ᠂ ᠨᠠᠮ ᠤ᠋ᠨ ᠦᠭᠡ ᠢ᠋ᠢ ᠰᠣᠨᠣᠰᠴᠤ᠌᠂ ᠨᠠᠮ ᠢ᠋ᠢᠡᠨ ᠳᠠᠭᠠᠨ ᠤᠷᠤᠭᠰᠢᠯᠠᠬᠤ》 ᠣᠯᠠᠨ ᠲᠦᠮᠡᠨ ᠤ᠋ ᠬᠥᠮᠦᠵᠢᠯ ᠤ᠋ᠨ ᠤᠬᠠᠭᠤᠯᠤᠨ ᠲᠠᠢᠯᠪᠤᠷᠢᠯᠠᠬᠤ ᠲᠤᠰᠭᠠᠶ ᠪᠤᠯᠤᠩ᠂ ᠣᠶᠤᠨᠲᠤ ᠤᠬᠠᠭᠤᠯᠤᠨ ᠲᠠᠢᠯᠪᠤᠷᠢᠯᠠᠭ᠍ᠴᠢ 《AI ᠱᠢᠶᠤᠤ ᠱᠢᠩ》 ᠤ᠋ᠨ ᠵᠣᠬᠢᠶᠠᠮᠠᠯ ᠣᠶᠤᠨ ᠴᠢᠳᠠᠪᠤᠷᠢ ᠪᠣᠯᠤᠨ ᠲᠥᠷᠥ ᠢ᠋ᠢᠨ ᠪᠣᠳᠣᠯᠭ᠎ᠠ ᠢ᠋ᠢᠨ ᠦᠶ᠋ᠯᠡᠴᠢᠯᠡᠭᠡ ᠢ᠋ᠢ ᠠᠭᠤᠰᠤᠯᠴᠠᠭᠤᠯᠵᠤ᠂ ᠵᠠᠭᠤᠴᠢᠯᠠᠭᠤᠷ ᠤ᠋ᠨ ᠲᠠᠪᠴᠠᠩ᠂ ᠱᠢᠨ᠎ᠡ ᠴᠠᠭ ᠦᠶ᠎ᠡ ᠢ᠋ᠢᠨ ᠪᠣᠯᠪᠠᠰᠤᠨ ᠤ᠋ ᠦᠶ᠋ᠯᠡᠳᠦᠯᠭᠡ ᠢ᠋ᠢᠨ ᠲᠥᠪ ᠵᠡᠷᠭᠡ ᠵᠢᠭ᠍ᠰᠠᠭᠠᠯ ᠤ᠋ᠨ ᠭᠠᠵᠠᠷ ᠢ᠋ᠢᠡᠷ ᠳᠠᠮᠵᠢᠨ ᠮᠠᠯ ᠠᠵᠤ ᠠᠬᠤᠢ ᠲᠠᠷᠢᠶᠠᠯᠠᠩ ᠤ᠋ᠨ ᠨᠥᠬᠥᠪᠥᠷᠢ᠂ ᠡᠮᠴᠢᠯᠡᠭᠡᠨ ᠤ᠋ ᠳᠠᠭᠠᠳᠭᠠᠯ᠂ ᠨᠠᠰᠤᠵᠢᠯ ᠤ᠋ᠨ ᠠᠰᠠᠷᠠᠮᠵᠢ ᠵᠡᠷᠭᠡ ᠲᠥᠷᠥ ᠢ᠋ᠢᠨ ᠪᠣᠳᠣᠯᠭ᠎ᠠ ᠢ᠋ᠢ ᠲᠠᠨᠢᠯᠴᠠᠭᠤᠯᠤᠨ ᠬᠦᠷᠭᠡᠪᠡ᠃

ᠬᠢᠩᠭᠠᠨ ᠠᠢᠮᠠᠭ ᠤ᠋ᠨ ᠡᠯ᠎ᠡ ᠭᠠᠵᠠᠷ ᠤ᠋ᠨ ᠬᠢᠨ 《ᠪᠠᠢᠩᠭᠤᠵᠢᠭᠰᠠᠨ + ᠤᠶᠤᠨᠴᠢᠯᠠᠬᠰᠠᠨ》 ᠲᠥᠷᠥ ᠢ᠋ᠢᠨ ᠪᠣᠳᠣᠯᠭ᠎ᠠ ᠢ᠋ᠢᠨ ᠤᠬᠠᠭᠤᠯᠭ᠎ᠠ ᠢ᠋ᠢ ᠣᠷᠳᠣ ᠬᠤᠭᠤᠴᠠᠭᠠᠨ ᠤ᠋ ᠪᠦᠲᠦᠮᠵᠢᠲᠡᠶ ᠲᠣᠭ᠍ᠲᠠᠴᠠ ᠢ᠋ᠢ ᠴᠢᠷᠮᠠᠢᠨ ᠰᠦᠪᠡᠭ᠌ᠴᠢᠯᠡᠪᠡ᠃ ᠤᠯᠠᠭᠠᠨᠬᠣᠲᠠ ᠢ᠋ᠢᠨ ᠲᠢᠶᠧ ᠰᠢ ᠵᠡᠭᠡᠯᠢ ᠢ᠋ᠢᠨ ᠭᠠᠩ ᠬᠤᠸᠠ ᠨᠡᠢᠭᠡᠮ ᠲᠣᠭᠣᠷᠢᠭ ᠤ᠋ᠨ 《ᠠᠰᠢᠭ ᠲᠤᠰᠠ·ᠳᠡᠷᠭᠡᠳᠡᠬᠢ ᠬᠦᠮᠦᠰ》 ᠤᠬᠠᠭᠤᠯᠤᠨ ᠲᠠᠢᠯᠪᠤᠷᠢᠯᠠᠬᠤ ᠠᠩᠭᠢ ᠢ᠋ᠢᠨ᠎ᠬᠢᠨ ᠲᠣᠭ᠍ᠲᠠᠮᠠᠯ ᠬᠤᠭᠤᠴᠠᠭ᠎ᠠ ᠲᠠᠶ ᠪᠠᠷ 《ᠲᠥᠷᠥ ᠢ᠋ᠢᠨ ᠪᠣᠳᠣᠯᠭ᠎ᠠ ᠢ᠋ᠢᠨ ᠴᠤᠭ᠍ᠯᠠᠷᠠᠯ》 ᠡᠷᠭᠢᠯᠡᠬᠦ ᠡᠴᠡ ᠭᠠᠳᠠᠨ᠎ᠠ ᠪᠠᠰᠠ ᠡᠮᠨᠡᠯᠭᠡ ᠢ᠋ᠢᠨ ᠬᠣᠷᠢᠶ᠎ᠠ᠂ ᠬᠠᠤᠯᠢ ᠴᠠᠭᠠᠵᠠ ᠢ᠋ᠢᠨ ᠭᠠᠵᠠᠷ ᠲᠠᠶ ᠬᠠᠮᠲᠤᠷᠠᠨ ᠠᠯᠪᠠᠨ ᠵᠢᠷᠤᠮ ᠤ᠋ᠨ ᠡᠮᠴᠢᠯᠡᠭᠡᠨ ᠤ᠋ ᠦᠶ᠋ᠯᠡᠴᠢᠯᠡᠭᠡ ᠬᠠᠩᠭᠠᠵᠤ᠂ ᠮᠡᠬᠡᠯᠡᠯ ᠢ᠋ ᠰᠡᠷᠭᠡᠢᠯᠡᠬᠦ᠌ ᠤᠬᠠᠭᠤᠯᠭ᠎ᠠ ᠬᠢᠵᠤ ᠪᠤᠢ᠃ 《ᠲᠦᠷᠦ᠍ ᠢ᠋ᠢᠨ ᠪᠤᠳᠤᠯᠭ᠎ᠠ ᠢ᠋ᠢ ᠰᠣᠨᠣᠰᠴᠤ᠌ ᠳᠡᠢᠯᠬᠦ᠌ ᠮᠥᠷᠲᠡᠭᠡᠨ ᠪᠠᠰᠠ ᠴᠢᠰᠤᠨ ᠳᠠᠷᠤᠯᠲᠠ ᠪᠡᠨ ᠬᠡᠮᠵᠢᠬᠦᠯᠵᠤ᠂ ᠮᠡᠬᠡᠯᠡᠯ ᠢ᠋ ᠰᠡᠷᠭᠡᠢᠯᠡᠵᠤ ᠳᠠᠢᠯᠤᠨ᠎ᠠ᠂ ᠪᠢᠳᠡ ᠪᠦᠷ ᠰᠣᠨᠣᠰᠭᠤ ᠳᠤᠷᠠᠲᠠᠢ!》 ᠭᠡᠵᠦ᠍ ᠰᠠᠭᠤᠭᠠᠯᠢ ᠠᠷᠠᠳ ᠯᠢᠦ ᠱᠢᠤ ᠯᠠᠨ ᠬᠡᠯᠡᠨ᠎ᠠ᠃

《ᠲᠠᠷᠠᠭᠠᠴᠢ ᠪᠡᠷ ᠪᠢᠳᠡ 〈ᠵᠢᠵᠢᠭ ᠰᠠᠨᠲᠠᠯᠢ ᠬᠢᠴᠢᠶᠡᠯ ᠤ᠋ᠨ ᠲᠠᠩᠬᠢᠮ〉᠂ 〈AI ᠤᠶᠤᠨᠲᠤ ᠬᠢᠴᠢᠶᠡᠯ ᠤ᠋ᠨ ᠲᠠᠩᠬᠢᠮ ᠤ᠋ᠨ ᠡᠭᠦᠯᠡᠨ ᠦᠵᠦᠭᠦᠷ ᠤ᠋ᠨ ᠤᠬᠠᠭᠤᠯᠤᠨ ᠲᠠᠢᠯᠪᠤᠷᠢᠯᠠᠯᠲᠠ〉 ᠵᠡᠷᠭᠡ ᠬᠡᠯᠪᠡᠷᠢ ᠢ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠨᠠᠮ ᠤ᠋ᠨ ᠠᠷᠠᠳ ᠲᠤ᠌ ᠠᠱᠢᠭ ᠬᠦᠷᠲᠡᠭᠡᠬᠦ᠌ ᠲᠥᠷᠥ ᠢ᠋ᠢᠨ ᠪᠣᠳᠣᠯᠭ᠎ᠠ ᠢ᠋ᠢ ᠨᠡᠩ ᠠᠮᠢᠳᠤᠯᠢᠭ᠂ ᠨᠡᠩ ᠬᠦᠨᠵᠡᠬᠡᠢ ᠪᠡᠷ ᠣᠯᠠᠨ ᠲᠦᠮᠡᠨ ᠳ᠋ᠤ ᠤᠢᠯᠠᠭᠠᠭᠤᠯᠤᠨ᠎ᠠ》 ᠭᠡᠵᠦ᠍ ᠬᠢᠩᠭᠠᠨ ᠠᠢᠮᠠᠭ ᠤ᠋ᠨ ᠨᠠᠮ ᠤ᠋ᠨ ᠬᠤᠷᠢᠶ᠎ᠠ ᠵᠢᠨ ᠯᠧᠺᠲ᠋ᠣᠷ ᠤ᠋ᠨ ᠪᠦᠯᠬᠦᠮ ᠤ᠋ᠨ ᠳᠠᠷᠤᠭ᠎ᠠ ᠰᠦᠨ ᠵᠧ ᠯᠢᠨ ᠰᠤᠷᠪᠤᠯᠵᠢᠯᠠᠭᠴᠢ ᠳ᠋ᠤ ᠬᠡᠯᠡᠵᠤ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号