ᠡᠮᠡᠭᠲᠡᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ ᠎ᠦᠨ ᠠᠵᠢᠯᠲᠠᠳ ᠎ᠢ ᠲᠣᠬᠣᠨᠢᠭᠤᠯᠬᠤ ᠠᠵᠢᠯᠯᠠᠭ᠎ᠠ ᠶᠠᠪᠤᠬᠲᠠᠪᠠ
2025-10-28 11:50:18
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ 28᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠨᠡᠢᠭᠡᠮᠯᠢᠭ ᠬᠠᠮᠲᠤᠷᠠᠨ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠣᠷᠳᠣᠨ᠎ᠳᠤ ᠬᠦᠷᠴᠦ᠂ ᠡᠮᠡᠭᠲᠡᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠠᠵᠢᠯᠲᠠᠳ᠎ᠢ ᠲᠣᠬᠣᠨᠢᠭᠤᠯᠬᠤ ᠵᠢᠴᠢ ᠬᠠᠮᠲᠤᠷᠠᠭᠰᠠᠨ ᠭᠣᠣᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠥᠷᠨᠢᠭᠦᠯᠵᠠᠢ᠃ 

ᠠᠵᠢᠯᠯᠠᠭ᠎ᠠ᠎ᠦᠷᠨᠢᠭᠦᠯᠦᠭᠰᠡᠨ ᠴᠠᠬ ᠨᠢ ᠶᠠᠬ ᠤᠯᠤᠰ᠎ᠤᠨ ᠪᠠᠶᠠᠷ᠂ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠡᠴᠡ ᠡᠮᠦᠨᠡᠭᠡᠨ ᠪᠠᠢᠬᠰᠠᠨ ᠪᠤᠯᠬᠤᠷ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠡᠴᠡ ᠪᠦᠬᠦ ᠣᠷᠣᠨ ᠎ᠤ ᠡᠯ᠎ᠡ ᠬᠦᠷᠢᠶ᠎ᠡ᠂ ᠡᠯ᠎ᠡ ᠹᠷᠣᠨᠲ᠎ᠤᠨ 120 ᠡᠮᠡᠭᠲᠡᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ ᠎ᠦᠨ ᠠᠵᠢᠯᠲᠠᠨ᠎ᠤ ᠲᠥᠯᠥᠭᠡᠯᠡᠭᠴᠢ᠎ᠳᠦ ᠴᠢᠩ ᠰᠡᠳᠬᠢᠯ ᠎ᠦᠨ ᠬᠦᠨᠳᠦᠳᠬᠡᠯ ᠵᠢᠴᠢ ᠪᠠᠶᠠᠷ ᠎ᠤᠨ ᠡᠳᠦᠷ ᠎ᠦᠨ ᠮᠡᠨᠳᠦᠴᠢᠯᠡᠯ ᠬᠦᠷᠭᠡᠬᠦ᠎ᠶᠢᠨ ᠬᠠᠮᠲᠤ ᠲᠡᠳᠡᠨ᠎ᠳᠦ ᠲᠣᠬᠣᠨᠢᠭᠤᠯᠬᠤ ᠪᠣᠳᠠᠰ ᠬᠦᠷᠭᠡᠪᠡ᠃ 

ᠲᠣᠰ ᠤᠳᠠᠭᠠᠨ ᠎ᠤ ᠠᠵᠢᠯᠯᠠᠭ᠎ᠠ ᠪᠣᠯ ᠠᠵᠢᠯᠴᠢᠨ ᠎ᠤ ᠡᠪᠯᠡᠯ ᠎ᠦᠨ ᠪᠣᠳᠠᠲᠤ ᠠᠵᠢᠯᠯᠠᠭ᠎ᠠ᠎ᠪᠠᠷ᠎ᠢᠶᠠᠨ ᠡᠮᠡᠭᠲᠡᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ ᠎ᠦᠨ ᠠᠵᠢᠯᠲᠠᠳ᠎ᠢ ᠬᠠᠯᠠᠮᠵᠢᠯᠠᠬᠤ᠂ ᠪᠠᠶᠠᠷ᠎ᠤᠨ ᠡᠳᠦᠷ᠎ᠦᠨ ᠬᠠᠢᠷ᠎ᠠ ᠬᠠᠯᠠᠮᠵᠢ᠎ᠶᠢ ᠳᠠᠮᠵᠢᠭᠤᠯᠬᠤ ᠰᠡᠳᠬᠢᠯ᠎ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠪᠣᠯᠬᠤ ᠪᠥᠭᠡᠳ ᠨᠠᠩ ᠴᠤ᠌ ᠰᠢᠨ᠎ᠡ ᠎ᠶᠢ ᠡᠭᠦᠳᠬᠦ ᠬᠠᠯᠠᠭᠤᠨ ᠰᠡᠳᠬᠢᠯᠭᠡ᠎ᠶᠢ ᠬᠥᠭᠵᠢᠭᠡᠬᠦ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ ᠎ᠦᠨ ᠬᠦᠴᠦᠨ᠎ᠢ ᠨᠢᠭ᠍ᠲᠠᠷᠠᠭᠤᠯᠬᠤ᠂ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢᠶᠡᠷ ᠥᠪᠥᠷ ᠮᠣᠩᠭᠣᠯ ᠎ᠢ ᠬᠥᠭᠵᠢᠭᠦᠯᠬᠦ᠎ᠳᠦ ᠬᠦᠴᠦᠨ ᠨᠡᠮᠡᠷᠢᠯᠡᠬᠦ ᠨᠢᠭᠡ ᠤᠳᠠᠭᠠᠨ᠎ᠤ ᠠᠮᠢᠳᠤᠯᠢᠭ᠋ ᠦᠢᠯᠡᠳᠦᠯᠭᠡ ᠪᠣᠯᠬᠤ ᠶᠤᠮ᠃ ᠳᠠᠷᠠᠭᠠᠴᠢ᠎ᠶᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠨᠡᠩ ᠡᠯᠪᠡᠭ ᠪᠠᠶᠠᠯᠢᠭ᠋ ᠤᠯᠠᠨ ᠶᠠᠩᠵᠤ᠎ᠶᠢᠨ ᠬᠡᠯᠪᠡᠷᠢ᠎ᠪᠡᠷ ᠤᠮᠠᠷᠠᠲᠤ ᠬᠢᠯᠢ᠎ᠶᠢᠨ ᠨᠡᠩ ᠤᠯᠠᠨ ᠡᠮᠡᠭᠲᠡᠢᠴᠦᠳ ᠎ᠦᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠦᠢᠯᠡᠰ᠎ᠲᠦ ᠣᠷᠣᠯᠴᠠᠬᠤ᠎ᠶᠢ ᠴᠢᠨᠠᠭᠰᠢᠳᠠ ᠵᠣᠷᠢᠭ᠍ᠵᠢᠭᠤᠯᠵᠤ᠂ ᠡᠮᠡᠭᠲᠡᠢᠴᠦᠳ ᠎ᠦᠨ ᠤᠶᠤᠨ ᠤᠬᠠᠭᠠᠨ᠎ᠢᠶᠠᠷ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠰᠢᠨ᠎ᠡ᠎ᠶᠢ ᠡᠭᠦᠳᠬᠦ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠦ᠂ ᠨᠢᠭᠡ ᠭᠣᠣᠯ ᠰᠢᠵᠢᠮ ᠎ᠦᠨ ᠲᠣᠭᠣᠷᠢᠨ᠎ᠳᠤ᠂ ᠬᠣᠶᠠᠷ ᠶᠡᠬᠡ ᠶᠠᠪᠤᠳᠠᠯ ᠎ᠢ ᠰᠠᠢᠲᠤᠷ ᠬᠢᠬᠦ ᠳᠤᠮᠳᠠ ᠨᠡᠩ ᠤᠯᠠᠨ ᠠᠵᠢᠯᠴᠢᠨ ᠎ᠤ ᠡᠪᠯᠡᠯ᠎ᠦᠨ ᠬᠦᠴᠦᠨ᠎ᠢ ᠨᠡᠮᠡᠷᠢᠯᠡᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号