ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠤ ᠵᠢᠨ ᠵᠦᠪᠯᠡᠯ ᠡᠴᠡ ᠤᠢᠯᠠᠭᠠᠭᠰᠠᠨ ᠵᠢᠡᠷ᠂ ᠲᠦᠷᠦᠭᠦᠭᠡᠨ ᠬᠥᠯᠥᠨ ᠪᠤᠢᠷ ᠬᠣᠲᠠ 2025 ᠣᠨ ᠤ᠋ ᠭᠤᠷᠪᠠᠳᠤᠭᠠᠷ ᠤᠯᠠᠷᠢᠯ ᠤ᠋ᠨ ᠬᠤᠯᠤᠭᠠᠨ᠎ᠠ ᠬᠢᠵᠢᠭ ᠢ᠋ ᠬᠠᠮᠲᠤᠷᠠᠨ ᠰᠤᠳᠤᠯᠤᠨ ᠮᠠᠭᠠᠳᠯᠠᠬᠤ ᠬᠤᠷᠠᠯ ᠬᠤᠷᠠᠯᠳᠤᠭᠤᠯᠵᠤ᠂ ᠬᠣᠲᠠ ᠵᠢᠨ ᠬᠤᠯᠤᠭᠠᠨ᠎ᠠ ᠬᠢᠵᠢᠭ ᠢ᠋ ᠬᠠᠮᠲᠤᠷᠠᠨ ᠰᠡᠷᠭᠡᠢᠯᠡᠵᠦ ᠬᠠᠮᠲᠤᠷᠠᠨ ᠡᠵᠡᠮᠳᠡᠬᠦ ᠪᠦᠷᠢᠯᠳᠦᠬᠦᠨ ᠨᠢᠭᠡᠴᠢ ᠵᠢᠴᠢ ᠬᠠᠮᠢᠶ᠎ᠠ ᠪᠦᠬᠦᠢ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠮᠵᠢ ᠬᠤᠷᠠᠯ ᠳ᠋ᠤ᠌ ᠣᠷᠣᠯᠴᠠᠵᠤ᠂ ᠰᠠᠯᠠᠭ᠎ᠠ ᠮᠥᠴᠢᠷ ᠤ᠋ᠨ ᠬᠣᠭᠣᠷᠣᠨᠳᠣᠬᠢ ᠣᠢᠯᠠᠭᠠᠯᠴᠠᠭ᠎ᠠ ᠵᠢ ᠴᠢᠩᠭᠠᠳᠬᠠᠨ᠂ ᠬᠤᠯᠤᠭᠠᠨ᠎ᠠ ᠬᠢᠵᠢᠭ ᠢ᠋ ᠰᠡᠷᠭᠡᠢᠯᠡᠨ ᠡᠵᠡᠮᠳᠡᠬᠦ ᠪᠠᠢᠳᠠᠯ ᠢ᠋ ᠣᠨᠣᠴᠠᠲᠠᠢ ᠰᠤᠳᠤᠯᠤᠨ ᠮᠠᠭᠠᠳᠯᠠᠵᠤ᠂ ᠳᠥᠷᠪᠡᠳᠦᠭᠡᠷ ᠤᠯᠠᠷᠢᠯ ᠤ᠋ᠨ ᠭᠣᠣᠯᠳᠠᠯᠭ᠎ᠠ ᠲᠠᠢ ᠠᠵᠢᠯ ᠢ᠋ ᠲᠣᠬᠢᠷᠠᠭᠤᠯᠤᠨ ᠪᠠᠢᠷᠢᠯᠠᠭᠤᠯᠪᠠ᠃
ᠬᠤᠷᠠᠯ ᠳᠡᠭᠡᠷ᠎ᠡ᠂ ᠬᠥᠯᠥᠨ ᠪᠤᠢᠷ ᠬᠣᠲᠠ ᠵᠢᠨ ᠬᠤᠯᠤᠭᠠᠨ᠎ᠠ ᠬᠢᠵᠢᠭ ᠢ᠋ ᠬᠠᠮᠲᠤᠷᠠᠨ ᠰᠡᠷᠭᠡᠢᠯᠡᠬᠦ ᠬᠠᠮᠲᠤᠷᠠᠨ ᠡᠵᠡᠮᠳᠡᠭᠦ ᠡᠯ᠎ᠡ ᠪᠦᠷᠢᠯᠳᠦᠬᠦᠨ ᠨᠢᠭᠡᠴᠢ᠂ ᠬᠣᠲᠠ ᠵᠢᠨ ᠭᠡᠮ ᠬᠢᠵᠢᠭ ᠢ᠋ ᠰᠡᠷᠭᠡᠢᠯᠡᠨ ᠡᠵᠡᠮᠳᠡᠭᠦ ᠲᠥᠪ᠂ ᠬᠣᠲᠠ ᠵᠢᠨ ᠠᠷᠠᠳ ᠤ᠋ᠨ ᠡᠮᠨᠡᠯᠭᠡ ᠵᠢᠨ ᠬᠣᠷᠢᠶ᠎ᠠ ᠣᠢᠷ᠎ᠠ ᠵᠢᠨ ᠬᠤᠭᠤᠴᠠᠭᠠᠨ ᠤ᠋ ᠬᠤᠯᠤᠭᠠᠨ᠎ᠠ ᠬᠢᠵᠢᠭ ᠢ᠋ ᠰᠡᠷᠭᠡᠢᠯᠡᠨ ᠡᠵᠡᠮᠳᠡᠭᠦ ᠠᠵᠢᠯ ᠤ᠋ᠨ ᠠᠬᠢᠴᠠ ᠵᠢᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠣᠳᠣᠬᠠᠨ ᠤ᠋ ᠬᠤᠯᠤᠭᠠᠨ᠎ᠠ ᠬᠢᠵᠢᠭ ᠢ᠋ ᠰᠡᠷᠭᠡᠢᠯᠡᠨ ᠡᠵᠡᠮᠳᠡᠭᠦ ᠪᠠᠢᠳᠠᠯ ᠳ᠋ᠤ᠌ ᠵᠠᠳᠠᠯᠤᠯᠲᠠ ᠰᠤᠳᠤᠯᠤᠯᠲᠠ ᠬᠢᠵᠦ᠂ ᠰᠡᠷᠭᠡᠢᠯᠡᠨ ᠡᠵᠡᠮᠳᠡᠭᠦ ᠰᠠᠨᠠᠭᠤᠯᠭ᠎ᠠ ᠳᠤᠷᠠᠳᠪᠠ᠃
ᠬᠤᠷᠠᠯᠠ᠋ᠴᠠ᠂ ᠡᠯ᠎ᠡ ᠰᠠᠯᠠᠭ᠎ᠠ ᠮᠥᠴᠢᠷ ᠬᠤᠯᠤᠭᠠᠨ᠎ᠠ ᠬᠢᠵᠢᠭ ᠢ᠋ ᠰᠡᠷᠭᠡᠢᠯᠡᠨ ᠡᠵᠡᠮᠳᠡᠭᠦ ᠠᠵᠢᠯ ᠤ᠋ᠨ ᠴᠢᠬᠤᠯᠠ ᠴᠢᠨᠠᠷ ᠢ᠋ ᠲᠠᠨᠢᠵᠤ᠂ ᠠᠶᠤᠯ ᠲᠦᠭᠰᠢᠭᠦᠷᠢ ᠵᠢᠨ ᠤᠬᠠᠮᠰᠠᠷ ᠵᠢᠠᠨ ᠴᠢᠩᠭᠠᠳᠬᠠᠵᠤ᠂ ᠬᠢᠵᠠᠭᠠᠷ ᠱᠤᠭᠤᠮ ᠤ᠋ᠨ ᠰᠡᠳᠬᠢᠬᠦᠢ ᠵᠢ ᠪᠠᠷᠢᠮᠲᠠᠯᠠᠨ᠂ ᠰᠡᠷᠭᠡᠢᠯᠡᠨ ᠡᠵᠡᠮᠳᠡᠭᠦ ᠡᠯ᠎ᠡ ᠵᠦᠢᠯ ᠤ᠋ᠨ ᠠᠷᠭ᠎ᠠ ᠬᠡᠮᠵᠢᠶ᠎ᠡ ᠵᠢ ᠨᠠᠷᠢᠨ ᠨᠠᠢᠳᠠᠪᠤᠷᠢᠵᠢᠭᠤᠯᠵᠤ᠂ ᠵᠢᠯᠣᠭᠣᠳᠬᠤ ᠰᠢᠰᠲ᠋ᠧᠮ ᠤ᠋ᠨ ᠥᠨᠳᠥᠷ ᠦᠷ᠎ᠡ ᠠᠰᠢᠭ ᠲᠠᠢ ᠪᠡᠷ ᠠᠵᠢᠯᠯᠠᠬᠤ᠂ ᠮᠡᠳᠡᠭᠡ ᠵᠠᠩᠭᠢ ᠵᠢᠨ ᠰᠠᠭᠠᠳ ᠦᠭᠡᠢ ᠨᠡᠪᠳᠡᠷᠡᠭᠦ᠂ ᠦᠳᠲᠡᠷ ᠲᠦᠷᠭᠡᠨ ᠴᠤᠤᠷᠢᠶᠠᠳᠤᠨ ᠳᠠᠭᠠᠵᠤ ᠠᠵᠢᠯᠯᠠᠬᠤ ᠵᠢ ᠪᠠᠲᠤᠯᠠᠬᠤ ᠬᠡᠷᠡᠭᠲᠡᠢ᠃ ᠰᠠᠯᠠᠭ᠎ᠠ ᠮᠥᠴᠢᠷ ᠤ᠋ᠨ ᠬᠠᠷᠢᠭᠤᠴᠠᠯᠭ᠎ᠠ ᠵᠢ ᠨᠠᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠵᠢᠨ ᠵᠢᠡᠨ ᠶᠣᠰᠣᠭᠠᠷ ᠡᠯ᠎ᠡ ᠵᠦᠢᠯ ᠤ᠋ᠨ ᠠᠵᠢᠯ ᠢ᠋ ᠱᠠᠯᠠᠪᠳᠠᠨ ᠨᠠᠢᠳᠠᠪᠤᠷᠢᠵᠢᠭᠤᠯᠵᠤ᠂ ᠬᠤᠯᠤᠭᠠᠨ᠎ᠠ ᠬᠢᠵᠢᠭ ᠢ᠋ ᠰᠡᠷᠭᠡᠢᠯᠡᠨ ᠡᠵᠡᠮᠳᠡᠭᠦ 《ᠭᠤᠷᠪᠠᠨ ᠰᠡᠷᠭᠡᠢᠯᠡᠯᠲᠡ ᠵᠢᠨ ᠱᠤᠭᠤᠮ》 ᠢ᠋ ᠪᠠᠲᠤ ᠪᠡᠬᠢ ᠪᠠᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃