ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ᠋ ᠡᠷᠡᠭᠦᠯ ᠬᠠᠮᠠᠭᠠᠯᠠᠯ ᠡᠷᠡᠭᠦᠯ ᠮᠠᠨᠳᠤ ᠵᠢᠨ ᠵᠦᠪᠯᠡᠯ ᠡᠴᠡ ᠤᠢᠯᠠᠭᠠᠭᠰᠠᠨ ᠵᠢᠡᠷ᠂ ᠲᠦᠷᠦᠭᠦᠭᠡᠨ ᠤᠯᠠᠭᠠᠨᠴᠠᠪ ᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ ᠡᠴᠡ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠦᠢᠯᠡᠰ ᠤ᠋ᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠢᠷᠠᠭᠤᠯᠤᠨ ᠵᠣᠬᠢᠶᠠᠬᠤ ᠠᠵᠢᠯ ᠡᠬᠢᠯᠡᠭᠦ ᠬᠤᠷᠠᠯ ᠬᠤᠷᠠᠯᠳᠤᠭᠤᠯᠵᠤ᠂ ᠲᠥᠯᠥᠪᠵᠢᠭᠦᠯᠭᠡ ᠵᠢ ᠨᠠᠢᠷᠠᠭᠤᠯᠤᠨ ᠵᠣᠬᠢᠶᠠᠬᠤ ᠡᠯ᠎ᠡ ᠵᠦᠢᠯ ᠤ᠋ᠨ ᠠᠵᠢᠯ ᠢ᠋ ᠰᠢᠰᠲ᠋ᠧᠮ ᠲᠡᠢ ᠪᠠᠢᠷᠢᠯᠠᠭᠤᠯᠪᠠ᠃
ᠬᠤᠷᠠᠯ ᠡᠴᠡ᠂ 《ᠠᠷᠪᠠᠨ ᠳᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭ᠎ᠠ ᠪᠣᠯ ᠠᠷᠠᠳ ᠲᠦᠮᠡᠨ ᠤ᠋ ᠡᠷᠡᠭᠦᠯ ᠮᠡᠨᠳᠦ ᠵᠢ ᠪᠥᠬᠥ ᠲᠠᠯ᠎ᠠ ᠪᠠᠷ ᠪᠦᠬᠦ ᠦᠶᠡᠯᠡᠬᠦ ᠬᠤᠭᠤᠴᠠᠭ᠎ᠠ ᠲᠠᠢ ᠪᠠᠲᠤᠯᠠᠬᠤ ᠵᠠᠩᠭᠢᠯᠠᠭ᠎ᠠ ᠵᠢᠨ ᠱᠠᠲᠤ ᠦᠶ᠎ᠡ ᠪᠤᠯᠤᠨ᠎ᠠ᠂ ᠲᠥᠯᠥᠪᠵᠢᠭᠦᠯᠭᠡ ᠵᠢ ᠨᠠᠢᠷᠠᠭᠤᠯᠤᠨ ᠵᠣᠬᠢᠶᠠᠬᠤ ᠳ᠋ᠤ᠌ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠳ᠋ᠦ᠍ ᠰᠠᠭᠤᠷᠢᠯᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠬᠦᠷᠢᠶ᠎ᠡ ᠴᠠᠷᠠᠭ᠎ᠠ ᠳ᠋ᠠᠬᠢ ᠪᠠᠭᠤᠷᠠᠢ ᠲᠠᠯ᠎ᠠ ᠳ᠋ᠤ᠌ ᠠᠩᠬᠠᠷᠤᠯ ᠵᠢᠠᠨ ᠬᠠᠨᠳᠤᠭᠤᠯᠵᠤ᠂ 《ᠣᠨᠣᠴᠠᠲᠠᠢ ᠦᠨᠡᠯᠡᠨ ᠵᠢᠱ᠌ᠢᠬᠦ ᠪᠡᠷ ᠰᠠᠭᠤᠷᠢ ᠵᠢ ᠪᠡᠬᠢᠵᠢᠭᠦᠯᠵᠦ᠂ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠪᠡᠷ ᠢᠷᠡᠭᠡᠳᠦᠢ ᠵᠢ ᠬᠥᠲᠥᠯᠦᠨ ᠳᠠᠭᠠᠭᠤᠯᠬᠤ》 ᠬᠠᠷᠠᠯᠲᠠ ᠵᠢ ᠪᠡᠶᠡᠯᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃
ᠬᠤᠷᠠᠯ ᠡᠴᠡ᠂ ᠤᠯᠤᠰ ᠲᠥᠷᠥ ᠵᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠯᠥᠪᠵᠢᠭᠦᠯᠭᠡ ᠵᠢ ᠨᠠᠢᠷᠠᠭᠤᠯᠬᠤ ᠪᠠ ᠰᠡᠭᠦᠯᠴᠢ ᠵᠢᠨ ᠬᠤᠭᠤᠴᠠᠭᠠᠨ ᠤ᠋ ᠦᠨᠡᠯᠡᠯᠲᠡ ᠬᠢᠬᠦ ᠵᠢᠨ ᠴᠢᠬᠤᠯᠠ ᠶᠡᠬᠡ ᠠᠴᠢ ᠬᠣᠯᠪᠣᠭᠳᠠᠯ ᠢ᠋ ᠭᠦᠨᠵᠡᠭᠡᠢ ᠲᠠᠨᠢᠬᠤ ᠬᠡᠷᠡᠭᠲᠡᠢ; ᠭᠣᠣᠯ ᠡᠭᠦᠷᠭᠡ ᠳ᠋ᠤ ᠬᠠᠨᠳᠤᠭᠤᠯᠤᠨ᠂ ᠬᠣᠶᠠᠷ ᠲᠥᠷᠥᠯ ᠤ᠋ᠨ ᠭᠣᠣᠯᠳᠠᠯᠭ᠎ᠠ ᠲᠠᠢ ᠠᠵᠢᠯ ᠢ᠋ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠲᠥᠯᠥᠪᠵᠢᠭᠦᠯᠭᠡ ᠵᠢᠨ ᠰᠡᠭᠦᠯᠴᠢ ᠵᠢᠨ ᠬᠤᠭᠤᠴᠠᠭᠠᠨ ᠤ᠋ ᠦᠷ᠎ᠡ ᠪᠦᠲᠦᠮᠵᠢ ᠵᠢ ᠴᠢᠨᠠᠷ ᠰᠠᠢᠳᠠᠢ ᠪᠠᠷ ᠦᠨᠡᠯᠡᠨ ᠵᠢᠱ᠌ᠢᠬᠦ ᠵᠢ ᠥᠷᠨᠢᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ ᠵᠢᠨ ᠰᠡᠳᠬᠢᠴᠡ ᠵᠢ ᠥᠨᠳᠥᠷ ᠡᠬᠢᠯᠡᠯᠲᠡ ᠲᠡᠢ ᠪᠡᠷ ᠲᠥᠯᠥᠪᠯᠡᠬᠦ ᠬᠡᠷᠡᠭᠲᠡᠢ; ᠵᠣᠬᠢᠶᠠᠨ ᠪᠠᠢᠭᠤᠯᠤᠯᠲᠠ ᠵᠢᠨ ᠪᠠᠲᠤᠯᠠᠭ᠎ᠠ ᠵᠢ ᠴᠢᠩᠭᠠᠷᠠᠭᠤᠯᠵᠤ᠂ ᠡᠭᠦᠷᠭᠡ ᠵᠢ ᠬᠥᠮᠦᠨ ᠳ᠋ᠦ᠍ᠨᠢ ᠬᠦᠷᠦᠭᠦᠯᠬᠦ᠂ ᠬᠠᠷᠢᠭᠤᠴᠠᠯᠭ᠎ᠠ ᠵᠢ ᠠᠵᠢᠯ ᠤ᠋ᠨ ᠪᠠᠢᠷᠢ ᠳ᠋ᠤ᠌ ᠬᠦᠷᠦᠭᠦᠯᠬᠦ ᠵᠢ ᠦᠨᠡᠨ ᠬᠦ᠌ ᠪᠠᠲᠤᠯᠠᠵᠤ᠂ ᠬᠠᠮᠵᠢᠯᠴᠠᠨ ᠬᠠᠮᠲᠤᠷᠠᠨ ᠬᠥᠳᠡᠯᠦᠯᠴᠡᠬᠦ ᠵᠢ ᠴᠢᠬᠤᠯᠠᠴᠢᠯᠠᠨ᠂ ᠳᠡᠭᠡᠳᠦ ᠱᠠᠲᠤᠨ ᠤ᠋ ᠰᠠᠯᠠᠭ᠎ᠠ ᠮᠥᠴᠢᠷ ᠤ᠋ᠨ ᠲᠥᠯᠥᠪᠵᠢᠭᠦᠯᠭᠡᠯᠦ᠍ᠭᠡ ᠵᠣᠯᠭᠠᠭᠤᠯᠬᠤ ᠵᠢ ᠴᠢᠩᠭᠠᠳᠬᠠᠵᠤ᠂ ᠰᠠᠨᠠᠯ ᠢ᠋ ᠥᠷᠭᠡᠨ ᠵᠢᠡᠷ ᠰᠢᠩᠭᠡᠭᠡᠨ ᠠᠪᠴᠤ᠂ ᠶᠠᠰᠤ ᠴᠢᠨᠠᠷ ᠢ᠋ ᠴᠢᠩᠭ᠎ᠠ ᠡᠵᠡᠮᠳᠡᠨ᠂ ᠲᠥᠯᠥᠪᠵᠢᠭᠦᠯᠭᠡ ᠵᠢ ᠰᠢᠨᠵᠢᠯᠡᠬᠦ ᠤᠬᠠᠭᠠᠨᠴᠢ ᠪᠥᠭᠡᠳ ᠣᠨᠣᠴᠠᠲᠠᠢ᠂ ᠨᠠᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠤ ᠱᠠᠭᠠᠷᠳᠠᠭᠰᠠᠨ ᠪᠠᠢᠨ᠎ᠠ᠃