ᠨᠢᠶᠸ ᠡᠯᠦᠨ ᠨᠠᠰᠤ ᠪᠠᠷᠠᠭ᠍ᠰᠠᠨ 90 ᠵᠢᠯ᠎ᠦᠨ ᠣᠶ᠎ᠶ᠋ᠢ ᠳᠤᠷᠠᠰᠭᠠᠬᠤ᠎ᠶ᠋ᠢᠨ ᠲᠥᠯᠥᠭᠡ᠂ ᠳᠤᠮᠳᠠᠳᠤ ᠤᠯᠤᠰ᠎ᠤᠨ ᠳᠠᠭᠤᠤ ᠬᠥᠭ᠌ᠵᠢᠮ᠎ᠦᠨ ᠳᠡᠭᠡᠳᠦ ᠰᠤᠷᠭᠠᠭᠤᠯᠢ᠎ᠶ᠋ᠢᠨ ᠵᠤᠬᠢᠶᠠᠬᠰᠡᠨ ᠣᠯᠠᠨ ᠵᠠᠭᠤᠴᠢ᠎ᠳᠤ ᠨᠠᠢᠷᠠᠯ ᠳᠠᠭᠤᠤ ᠵᠦᠴᠦᠭᠡ 《ᠨᠢᠶᠸ ᠡᠯᠦᠨ ᠳᠠᠭᠤᠤ》 ᠶ᠋ᠢ 10 ᠰᠠᠷ᠎ᠠ᠎ᠶ᠋ᠢᠨ 18 — 19 ᠤ᠋ ᠡᠳᠦᠷ ᠪᠡᠭᠡᠵᠢᠩ᠎ᠦᠨ ᠤᠯᠤᠰ᠎ᠤᠨ ᠶᠡᠬᠡ ᠲᠢᠶᠠᠲ᠋ᠷ᠎ᠲᠤ ᠲᠣᠭ᠍ᠯᠠᠪᠠ᠃ ᠲᠤᠰ ᠵᠦᠴᠦᠭᠡ ᠨᠢ ᠬᠠᠮᠲᠤᠷᠠᠨ ᠳᠠᠭᠤᠯᠠᠬᠤ ᠤᠷᠠᠯᠢᠭ ᠪᠠ ᠰᠢ ᠵᠦᠴᠦᠭᠡ᠎ᠶ᠋ᠢᠨ ᠬᠦᠦᠷᠨᠢᠯ ᠢ ᠠᠭᠤᠰᠭᠠᠨ᠂ ᠨᠢᠶᠸ ᠡᠯᠦᠨ ᠳᠠᠭᠤᠤ ᠬᠥᠭ᠌ᠵᠢᠮ᠎ᠦᠨ ᠠᠮᠵᠢᠯᠲᠠ ᠪᠦᠲᠦᠮᠵᠢ ᠪᠠ ᠤᠯᠤᠰ᠎ᠢᠶᠠᠨ ᠬᠠᠢᠷᠠᠯᠠᠬᠤ ᠰᠡᠳᠭᠢᠯᠭᠡ᠎ᠶ᠋ᠢ ᠢᠯᠡᠷᠡᠭᠦᠯᠦᠭ᠌ᠰᠡᠨ ᠪᠠᠢᠨ᠎ᠠ᠃
《ᠨᠠᠢᠷᠠᠯ ᠳᠠᠭᠤᠤ ᠵᠦᠴᠦᠭᠡ 〈ᠨᠢᠶᠸ ᠡᠯᠦᠨ ᠳᠠᠭᠤᠤ〉 ᠶ᠋ᠢ ᠵᠣᠬᠢᠶᠠᠨ ᠪᠦᠲᠦᠭᠡᠬᠦ᠌ ᠣᠢᠯᠠᠭᠠᠭ᠍ᠳᠠᠬᠤᠨ ᠪᠣᠯ ᠳᠠᠭᠤᠤ ᠬᠥᠭ᠌ᠵᠢᠮ᠎ᠢᠶᠡᠷ ᠬᠥᠭ᠌ᠵᠢᠮᠴᠢᠨᠦ ᠥᠯᠢᠭᠡᠷ᠎ᠢ ᠶᠠᠷᠢᠬᠤ ᠶᠠᠪᠤᠳᠠᠯ ᠪᠣᠯᠤᠨ᠎ᠠ᠃ ᠲᠤᠰ ᠵᠦᠴᠦᠭᠡ᠎ᠶ᠋ᠢᠨ ᠶᠡᠷᠦᠩᠬᠡᠢ ᠤᠬᠠᠭᠠᠯᠠᠯ᠂ ᠳᠤᠮᠳᠠᠳᠤ ᠤᠯᠤᠰ᠎ᠤᠨ ᠳᠠᠭᠤᠤ ᠬᠥᠭ᠌ᠵᠢᠮ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ ᠯᠢ ᠱᠢᠨ ᠼᠤᠤ᠂ ᠨᠠᠢᠷᠠᠯ ᠬᠥᠭ᠌ᠵᠢᠮ᠎ᠢ ᠵᠣᠬᠢᠶᠠᠨ ᠪᠦᠲᠦᠭᠡᠬᠦ᠌ ᠠᠷᠭ᠎ᠠ᠎ᠪᠠᠷ ᠨᠢᠶ᠍ᠸ ᠡᠯᠦᠨ ᠪᠦᠲᠦᠭᠡᠯ᠎ᠢ ᠳᠠᠬᠢᠨ ᠱᠢᠨ᠎ᠡ᠎ᠪᠡᠷ ᠵᠣᠬᠢᠶᠠᠨ ᠪᠦᠲᠦᠭᠡᠭ᠌ᠰᠡᠨ ᠪᠥᠭᠡᠳ ᠪᠥᠵᠢᠭ᠎ᠦᠨ ᠬᠦᠳᠡᠯᠭᠡᠭᠡᠨ ᠵᠢᠡᠷ ᠢᠯᠡᠳᠭᠡᠬᠦ ᠵᠢ ᠨᠢᠮᠪᠠᠢ ᠬᠠᠷᠠᠭᠤᠯᠵᠤ᠂ ᠭᠡᠷᠡᠯ᠎ᠦᠨ ᠳᠣᠯᠭᠢᠶᠠᠨ᠎ᠤ ᠡᠷᠭᠢᠯᠲᠡ᠎ᠶ᠋ᠢᠨ ᠳᠤᠮᠳᠠ ᠨᠢᠶ᠍ᠸ ᠡᠯᠦᠨ ᠣᠬᠣᠷᠬᠠᠨ ᠨᠢᠭᠡ ᠨᠠᠰᠤᠨ᠎ᠤ ᠬᠠᠯᠠᠭᠤᠨ ᠰᠡᠳᠭᠢᠯᠭᠡ᠂ ᠲᠡᠯᠴᠢᠯᠡᠯ᠂ ᠬᠦᠰᠡᠯ ᠪᠠ ᠪᠠᠷᠢᠮᠲᠠᠯᠠᠯ᠎ᠢ ᠢᠯᠡᠷᠡᠭᠦᠯᠬᠦ ᠪᠤᠯᠤᠨ᠎ᠠ ᠭᠡᠵᠦ᠍ ᠬᠡᠯᠡᠪᠡ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号