— ᠣᠮᠠᠷᠠᠲᠣ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠣᠯᠠᠷᠢᠯ ᠤ᠋ᠨ ᠬᠠᠯᠠᠮᠰᠢᠯ ᠪᠤᠯᠤᠭᠰᠠᠨ ᠠᠨᠢᠰᠤ ᠵᠢ ᠲᠠᠢᠯᠬᠤᠢ
6 ᠰᠠᠷ᠎ᠠ ᠡᠴᠡ 9 ᠰᠠᠷ᠎ᠠ ᠪᠣᠯᠲᠠᠯ᠎ᠠ᠂ ᠤᠮᠠᠷᠠᠲᠤ ᠬᠢᠯᠢ ᠵᠢᠨ ᠡᠬᠡ ᠭᠠᠵᠠᠷ ᠬᠠᠷᠠᠭ᠎ᠠ ᠠᠯᠲᠠᠮᠠ ᠬᠠᠯᠢᠭᠣᠷᠠᠨ ᠨᠣᠭᠣᠭᠠᠷᠠᠵᠦ ᠪᠠᠢᠬ᠍ᠰᠠᠨ ᠡᠴᠡ ᠪᠠᠨ ᠬᠦᠬᠡ ᠲᠡᠭᠷᠢ ᠡᠴᠡ ᠠᠰᠬᠠᠬᠰᠠᠨ ᠲᠣᠰᠣᠨ ᠪᠣᠲᠣᠬ ᠤ᠋ᠨ ᠵᠢᠷᠣᠬ ᠮᠡᠲᠦ ᠢᠯᠭᠠᠷᠠᠵᠦ᠂ ᠬᠠᠷᠠᠬᠰᠠᠨ ᠪᠣᠯᠭᠠᠨ ᠤ᠋ ᠨᠢᠲᠣ ᠰᠡᠳᠭᠢᠯ ᠢ᠋ ᠪᠣᠯᠢᠶᠠᠨ᠎ᠠ᠃ ᠣᠯᠠᠷᠢᠯ ᠤ᠋ᠨ ᠰᠠᠢᠬᠠᠨ ᠡᠨᠡ ᠴᠠᠭ ᠲᠦ᠍ ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠨᠢ 《ᠠᠶᠠᠯᠭᠣᠲᠣ ᠵᠢᠭᠣᠯᠴᠢᠯᠠᠯ ᠥᠪᠥᠷ ᠮᠣᠩᠭᠤᠯ》 ᠶ᠋ᠢᠡᠷ ᠭᠤᠣᠯ ᠰᠡᠳᠦᠪ ᠪᠣᠯᠭᠠᠨ᠂ ᠠᠷᠠᠳ ᠣᠯᠠᠨ ᠳ᠋ᠤ ᠡᠯᠪᠡᠭ ᠪᠠᠶᠠᠯᠢᠬ ᠰᠣᠶᠣᠯ ᠤ᠋ᠨ ᠦᠪᠡᠳᠡᠭ᠌ᠰᠢ ᠨᠠᠢᠷ ᠬᠠᠩᠭᠠᠵᠦ᠂ ᠤᠮᠠᠷᠠᠲᠤ ᠬᠢᠯᠢ ᠵᠢᠨ ᠰᠣᠶᠣᠯ ᠢ᠋ ᠠᠮᠢᠯᠠᠭᠤᠯᠵᠤ᠂ ᠠᠰᠠᠭᠠᠵᠦ ᠬᠦᠭᠵᠢᠭᠡᠭᠰᠡᠨ ᠪᠠᠢᠨ᠎ᠠ᠃
ᠦᠷᠬᠡᠨ ᠲᠠᠯᠬᠡᠷ ᠤᠬᠠᠭᠤᠯᠵᠤ ᠤᠮᠠᠷᠠᠲᠤ ᠬᠢᠯᠢ ᠵᠢᠨ ᠰᠣᠶᠣᠯ ᠵᠢᠭᠤᠯᠴᠢᠯᠠᠯ ᠢ᠋ ᠠᠬᠢᠭᠣᠯᠪᠠ
ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠤ᠋ᠨ ᠭᠤᠣᠯᠳᠠᠯᠭ᠎ᠠ ᠲᠠᠢ ᠠᠵᠢᠯᠯᠠᠭ᠎ᠠ ᠨᠢᠭᠡᠪᠦᠷᠢ ᠶ᠋ᠢ ᠴᠥᠮ ᠤᠬᠠᠭᠤᠯᠬᠤ ᠰᠠᠯᠠᠭ᠎ᠠ ᠮᠥᠴᠢᠷ ᠡᠴᠡ ᠣᠷᠢᠳᠴᠢᠯᠡᠨ ᠣᠯᠠᠨ ᠵᠠᠭᠤᠴᠢᠯᠠᠭᠤᠷ ᠲᠦ᠍ ᠲᠥᠪᠯᠡᠷᠡᠭᠦᠯᠦᠨ ᠢᠯᠡᠷᠡᠭᠦᠯᠪᠡ᠄ 《ᠤᠮᠠᠷᠠᠲᠤ ᠬᠢᠯᠢ ᠶ᠋ᠢ ᠮᠠᠭ᠍ᠲᠠᠨ ᠳᠠᠭᠤᠯᠠᠶ᠎ᠠ》 ᠪᠦᠬᠦ᠌ ᠣᠷᠣᠨ ᠤ᠋ ᠳᠣᠯᠣᠳᠤᠭᠠᠷ ᠬᠤᠭᠤᠴᠠᠭᠠᠨ ᠤ᠋ ᠣᠯᠠᠨ ᠲᠦᠮᠡᠨᠴᠢ ᠳᠠᠭᠤᠤ ᠵᠢᠨ ᠣᠷᠣᠯᠲᠣᠭᠠᠨ ᠵᠢᠴᠢ ᠬᠠᠲᠤᠨ ᠭᠤᠣᠯ ᠤ᠋ᠨ ᠭᠤᠣᠯ ᠰᠡᠳᠦᠪᠲᠦ ᠨᠠᠢᠷᠠᠯ ᠳᠠᠭᠤᠤ ᠵᠢᠨ ᠦᠵᠡᠬᠦᠯᠭᠡ ᠵᠢᠨ ᠲᠣᠭ᠍ᠯᠠᠯᠲᠠ ᠨᠢ ᠠᠶ᠎ᠠ ᠲᠠᠭᠣᠣ ᠪᠡᠷ ᠲᠠᠮᠵᠢᠭᠣᠯᠣᠨ ᠤᠮᠠᠷᠠᠲᠤ ᠬᠢᠯᠢ ᠵᠢᠨ ᠰᠣᠶᠣᠯ ᠤ᠋ᠨ ᠷᠢᠳᠢ ᠱᠢᠳᠢ ᠶ᠋ᠢ ᠬᠠᠷᠠᠭᠣᠯᠪᠠ; 《ᠣᠷᠠᠨ ᠪᠦᠵᠢᠭ ᠤ᠋ᠨ ᠣᠮᠠᠷᠠᠲᠣ ᠬᠢᠯᠢ》᠂ 《ᠲᠣᠰᠬᠣᠨ ᠤ᠋ ᠲᠠᠭᠣᠣ ᠬᠠᠩᠬᠢᠨᠠᠨ ᠴᠣᠣᠷᠢᠶᠠᠲᠣᠨᠠᠮ》 ᠣᠯᠠᠨ ᠲᠦᠮᠡᠨᠴᠢ ᠰᠢᠷᠢᠰ ᠰᠣᠶᠣᠯ ᠤ᠋ᠨ ᠠᠵᠢᠯᠯᠠᠭ᠎ᠠ ᠨᠢ ᠣᠯᠠᠨ ᠲᠦᠮᠡᠨ ᠢ᠋ ᠣᠷᠢᠶᠠᠯᠠᠨ ᠲᠠᠢᠴᠢᠯᠠᠪᠠ; ᠠᠢᠮᠠᠬ ᠬᠣᠲᠠ ᠬᠣᠯᠪᠣᠭᠠᠯᠠᠨ ᠬᠦᠲᠡᠯᠦᠯᠴᠡᠵᠦ᠂ ᠲᠣᠮᠲᠠᠲᠣ ᠣᠯᠣᠰ ᠤ᠋ᠨ ᠬᠦᠭᠵᠢᠮᠲᠡᠬᠦᠷ ᠤ᠋ᠨ ᠦᠵᠡᠬᠦᠯᠭᠡ ᠵᠢᠨ ᠲᠣᠬᠯᠠᠯᠲᠠ ᠲᠦᠩᠯᠢᠶᠣᠣ ᠬᠣᠲᠠ ᠳ᠋ᠦ ᠬᠦᠰᠢᠭᠡ ᠪᠠᠨ ᠰᠡᠬᠦᠪᠡ ᠁
ᠥᠪᠥᠷ ᠮᠣᠩᠭᠤᠯ ᠤ᠋ᠨ ᠮᠤᠵᠢ ᠵᠢᠨ ᠲᠡᠰ ᠤ᠋ᠨ ᠡᠯ᠎ᠡ ᠵᠠᠭᠤᠴᠢᠯᠠᠭᠤᠷ ᠤ᠋ᠨ ᠬᠢᠨ ᠭᠤᠣᠯ ᠵᠠᠭᠤᠴᠢᠯᠠᠭᠤᠷ ᠤ᠋ᠨ ᠦᠢᠯᠡᠳᠦᠯ ᠵᠢᠡᠨ ᠢᠳᠡᠪᠬᠢᠲᠡᠢ ᠪᠠᠳᠠᠷᠠᠭᠤᠯᠵᠤ᠂ ᠤᠬᠠᠭᠤᠯᠬᠤ ᠪᠦᠯᠬᠦᠮ ᠪᠠᠢᠭᠤᠯᠣᠨ ᠠᠵᠢᠯ ᠤ᠋ᠨ ᠬᠤᠪᠢᠶᠠᠷᠢᠯᠠᠯ ᠵᠢᠡᠨ ᠨᠠᠷᠢᠯᠢᠬ᠍ᠵᠢᠭᠤᠯᠵᠤ᠂ ᠠᠵᠢᠯᠯᠠᠭ᠎ᠠ ᠵᠢᠨ ᠶᠠᠪᠣᠴᠠ ᠵᠢ ᠴᠠᠭ ᠲᠤᠬᠠᠢ ᠳ᠋ᠤᠨᠢ ᠮᠡᠳᠡᠭᠡᠯᠡᠵᠦ᠍᠂ ᠡᠯ᠎ᠡ ᠲᠦᠷᠦᠯ ᠤ᠋ᠨ ᠠᠵᠢᠯᠯᠠᠭ᠎ᠠ ᠵᠢᠨ ᠣᠨᠴᠠᠯᠢᠭᠲᠦ ᠬᠢᠯᠠᠰ ᠴᠡᠭ ᠢ᠋ ᠠᠷᠠᠳ ᠣᠯᠠᠨ ᠳ᠋ᠦ ᠱᠢᠭᠤᠳ ᠤᠢ᠍ᠢᠯᠠᠭᠠᠭᠤᠯᠵᠠᠢ᠃
ᠵᠦᠭ ᠪᠦᠬᠦᠨ ᠡᠴᠡ ᠢᠷᠡᠭᠰᠡᠨ ᠵᠢᠭᠤᠯᠴᠢᠯᠠᠭᠰᠠᠳ ᠲᠠᠯ᠎ᠠ ᠨᠤᠲᠤᠭ ᠲᠦ᠍ ᠳᠠᠭᠤᠯᠠᠨ ᠪᠦᠵᠢᠭ᠌ᠯᠡᠯᠲᠦᠵᠦ᠍᠂ ᠰᠦ ᠰᠠᠭᠠᠬᠤ᠂ ᠬᠠᠲᠠᠭᠠᠬᠰᠠᠨ ᠪᠣᠷᠴᠠ ᠠᠮᠲᠠᠯᠠᠬᠣ ᠁ ᠵᠡᠷᠭᠡ ᠵᠢ ᠪᠡᠶᠡᠴᠢᠯᠡᠨ ᠣᠢᠯᠠᠭᠠᠨ᠎ᠠ᠃ ᠴᠤᠤᠷᠢᠶ᠎ᠠ᠂ ᠥᠨᠥᠳᠦᠷ ᠤ᠋ᠨ ᠲᠡᠷᠢᠭᠦᠨ ᠮᠡᠳᠡᠭᠡ ᠵᠡᠷᠭᠡ ᠱᠢᠨ᠎ᠡ ᠵᠠᠭᠤᠴᠢᠯᠠᠭᠤᠷ ᠤ᠋ᠨ ᠲᠠᠪᠴᠠᠩ ᠳ᠋ᠦ 《ᠠᠶᠠᠯᠭᠣᠲᠣ ᠵᠢᠭᠣᠯᠴᠢᠯᠠᠯ ᠥᠪᠥᠷ ᠮᠣᠩᠭᠤᠯ》 ᠵᠡᠷᠭᠡ ᠱᠢᠷᠢᠰ ᠣᠬᠤᠷ ᠸᠢᠳᠢᠣ᠋ᠶ᠋ᠢ ᠵᠠᠯᠭᠠᠭ᠎ᠠ ᠪᠡᠷ ᠨᠡᠪᠲᠡᠷᠡᠬᠦᠯᠵᠦ᠂ ᠲᠦᠷᠪᠡᠨ ᠵᠦᠭ ᠨᠠᠢ᠍ᠮᠠᠨ ᠵᠣᠪᠬᠢᠰ ᠤ᠋ᠨ ᠵᠢᠭᠤᠯᠴᠢᠯᠠᠭᠰᠠᠳ ᠢ᠋ ᠸᠢᠳᠢᠣ᠋ ᠪᠠᠷ ᠤᠷᠢᠵᠤ᠂ ᠤᠬᠠᠭᠤᠯᠭ᠎ᠠ ᠵᠢᠨ ᠬᠠᠯᠠᠮᠰᠢᠯ ᠢ᠋ ᠪᠣᠢ ᠪᠣᠯᠭᠠᠪᠠ᠃
ᠰᠦᠯᠵᠢᠶᠡᠨ ᠳᠡᠭᠡᠷᠡᠬᠢ ᠤᠬᠠᠭᠤᠯᠭ᠎ᠠ ᠢᠲᠡ ᠬᠦᠭ ᠲᠠᠢ ᠶᠠᠪᠤᠭ᠍ᠳᠠᠬᠣ ᠵᠢᠨ ᠰᠠᠴᠠᠭᠣ ᠲᠤᠬᠠᠢ ᠵᠢᠨ ᠲᠠᠯᠠᠪᠠᠢ ᠵᠢᠨ ᠤᠬᠠᠭᠤᠯᠭ᠎ᠠ ᠴᠦ᠍ ᠤᠯᠠᠨ ᠲᠠᠯ᠎ᠠ ᠪᠠᠷ ᠦᠷᠨᠢᠪᠡ᠃ ᠲᠠᠪᠣᠨ ᠰᠠᠷ᠎ᠠ ᠵᠢᠨ ᠨᠢᠬᠡᠨ ᠤ᠋ ᠠᠮᠠᠷᠠᠯᠳᠠ ᠡᠴᠡ ᠡᠮᠤᠨ᠎ᠠ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠲᠠᠷᠤᠢ ᠤᠬᠠᠭᠤᠯᠭ᠎ᠠ ᠮᠡᠳᠡᠭᠡᠯᠡᠯ ᠶ᠋ᠢᠡᠨ ᠰᠣᠶᠣᠯ ᠵᠢᠭᠤᠯᠴᠢᠯᠠᠯ ᠤ᠋ᠨ ᠬᠡᠷᠡᠭ᠌ᠴᠡᠭᠡ ᠪᠡᠷ ᠥᠷᠨᠢᠭᠦᠨ ᠪᠠᠢᠭ᠎ᠠ ᠬᠥᠬᠡᠮᠥ᠋ᠷᠡᠨ ᠤ᠋ ᠭᠤᠷᠪᠠᠯᠵᠢᠨ ᠬᠤᠢᠭ ᠤ᠋ᠨ ᠭᠠᠵᠠᠷ ᠣᠷᠣᠨ ᠳ᠋ᠤ ᠬᠦᠷᠲᠡᠯ᠎ᠡ ᠥᠷᠭᠡᠳᠭᠡᠵᠦ᠍᠂ 《ᠠᠶᠠᠯᠭᠣᠲᠣ ᠵᠢᠭᠣᠯᠴᠢᠯᠠᠯ ᠦᠪᠦᠷ ᠮᠣᠩᠭᠣᠯ》 ᠤ᠋ᠨ ᠲᠤᠬᠠᠢ ᠵᠢᠨ ᠲᠠᠯᠠᠪᠠᠢ ᠵᠢᠨ ᠤᠬᠠᠭᠤᠯᠤᠨ ᠳᠡᠯᠭᠡᠷᠡᠭᠦᠯᠬᠦ᠌ ᠠᠵᠢᠯᠯᠠᠭ᠎ᠠ ᠵᠢ ᠥᠷᠨᠢᠭᠦᠯᠵᠦ᠂ ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠤ᠋ᠨ ᠠᠭᠣᠷ ᠠᠮᠢᠰᠬᠣᠯ ᠢ᠋ ᠣᠷᠢᠳᠴᠢᠯᠡᠨ ᠪᠣᠢ ᠪᠣᠯᠭᠠᠵᠠᠢ᠃
ᠰᠦᠯᠵᠢᠶᠡᠨ ᠳᠡᠭᠡᠷᠡᠬᠢ ᠲᠠᠮᠵᠢᠭᠣᠯᠭᠠ ᠨᠢ ᠣᠷᠣᠨ ᠴᠠᠬ ᠤ᠋ᠨ ᠬᠢᠵᠠᠭᠠᠷᠯᠠᠯ ᠢ᠋ ᠬᠠᠯᠢᠨ ᠲᠠᠪᠠᠵᠦ᠂ ᠲᠤᠬᠠᠢ ᠵᠢᠨ ᠲᠠᠯᠠᠪᠠᠢ ᠵᠢᠨ ᠣᠬᠠᠭᠣᠯᠭ᠎ᠠ ᠨᠢ ᠪᠣᠳᠠᠲᠤ ᠦᠵᠡᠮᠵᠢ ᠵᠢᠨ ᠪᠠᠶᠠᠴᠢᠯᠡᠨ ᠣᠢᠯᠠᠭᠠᠯᠲᠠᠶ᠋ᠢ ᠴᠢᠩᠭᠠᠳᠭᠠᠪᠠ᠃ ᠡᠢᠨ ᠬᠦ᠌ ᠬᠤᠶᠠᠷ ᠲᠠᠯ᠎ᠠ ᠪᠠᠷ ᠬᠠᠮᠵᠢᠯᠴᠠᠨ ᠬᠦᠴᠦᠯᠡᠵᠦ᠍᠂ ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠤ᠋ᠨ ᠤᠬᠠᠭᠤᠯᠭ᠎ᠠ ᠵᠢᠨ ᠲᠣᠣᠷ ᠢ᠋ ᠪᠦᠷᠢᠯᠲᠦᠬᠦᠯᠵᠦ᠂ ᠣᠯᠠᠮ ᠰᠠᠢᠨ ᠤᠬᠠᠭᠤᠯᠭ᠎ᠠ ᠵᠢᠨ ᠦᠷ᠎ᠡ ᠪᠦᠲᠦᠮᠵᠢ ᠶ᠋ᠢ ᠤᠯᠵᠤ᠂ ᠠᠷᠠᠳ ᠤᠯᠠᠨ ᠳ᠋ᠤ ᠬᠠᠮᠤᠭ ᠤ᠋ᠨ ᠶᠡᠭᠡ ᠪᠡᠷ ᠠᠱᠢᠭ ᠬᠦᠷᠲᠡᠭᠡᠭᠰᠡᠨ ᠪᠠᠢᠨ᠎ᠠ᠃
ᠤᠬᠠᠭᠤᠯᠭ᠎ᠠ ᠵᠢᠨ ᠲᠣᠣᠷ ᠢ᠋ ᠨᠢᠭ᠍ᠲᠠ ᠰᠦᠯᠵᠢᠵᠦ᠍ ᠦᠨᠳᠦᠰᠦᠨ ᠱᠠᠲᠤᠨ ᠳ᠋ᠤ ᠦᠢᠯᠡᠴᠢᠯᠡᠪᠠ
ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠤ᠋ᠨ ᠠᠷᠠᠳ ᠲᠦ᠍ ᠠᠱᠢᠭ ᠬᠦᠷᠲᠡᠭᠡᠬᠦ᠌ ᠬᠠᠷᠢᠭᠤᠯᠲᠠ ᠵᠢᠨ ᠬᠠᠭᠤᠳᠠᠰᠤ ᠪᠣᠯ ᠤᠬᠠᠭᠤᠯᠭ᠎ᠠ ᠵᠢᠨ ᠪᠠᠢᠷᠢᠱᠢᠭᠤᠯᠤᠯᠲᠠ ᠵᠢᠨ ᠨᠠᠷᠢᠨ ᠨᠢᠮᠪᠠᠶ ᠲᠥᠰᠦᠪᠯᠡᠯ ᠡᠴᠡ ᠡᠬᠢᠯᠡᠵᠦ᠍᠂ ᠤᠬᠠᠭᠤᠯᠭ᠎ᠠ ᠵᠢᠨ ᠦᠷ᠎ᠡ ᠪᠦᠲᠦᠮᠵᠢ ᠵᠢᠨ ᠭᠦᠨᠵᠡᠭᠡᠶ ᠨᠠᠢᠳᠠᠪᠤᠷᠢᠵᠢᠭᠤᠯᠤᠯᠲᠠ ᠪᠡᠷ ᠪᠦᠷᠢᠯᠲᠦᠭᠰᠡᠨ ᠶᠣᠮ᠃ ᠬᠠᠮᠤᠭ ᠤ᠋ᠨ ᠳᠣᠤᠷ᠎ᠠ ᠦᠨ᠎ᠡ 9.9 ᠲᠥᠭᠦᠷᠢᠭ᠂ ᠬᠠᠮᠤᠭ ᠤ᠋ᠨ ᠥᠨᠳᠥᠷ ᠦᠨ᠎ᠡ 49.9 ᠲᠥᠭᠦᠷᠢᠭ ᠪᠣᠯᠬᠣ ᠠᠷᠠᠳ ᠲᠦ᠍ ᠠᠱᠢᠭ ᠬᠦᠷᠲᠡᠭᠡᠬᠦ᠌ ᠪᠢᠯᠧᠲ ᠢ᠋ ᠬᠥᠮᠦᠨ ᠪᠣᠯᠭᠠᠨ ᠳ᠋ᠤ ᠥᠷᠭᠡᠨ ᠵᠢᠡᠷ ᠣᠢᠯᠠᠭᠠᠭᠤᠯᠵᠤ᠂ ᠱᠢᠯᠢᠳᠡᠭ ᠰᠣᠶᠣᠯ ᠤ᠋ᠨ ᠦᠢᠯᠡᠴᠢᠯᠡᠭᠡ ᠵᠢ 《ᠬᠡᠷ ᠲᠦ᠍ᠨᠢ ᠬᠦᠷᠭᠡᠬᠦ᠌》 ᠶ᠋ᠢ ᠦᠨᠳᠦᠰᠦᠨ ᠱᠠᠲᠤᠨ ᠳ᠋ᠤ ᠣᠯᠠᠮᠵᠢᠯᠠᠭᠰᠠᠨ ᠠᠵᠢ᠃
ᠤᠬᠠᠭᠤᠯᠬᠤ ᠠᠷᠭ᠎ᠠ ᠬᠡᠮᠵᠢᠶ᠎ᠡ ᠵᠢᠨ ᠲᠠᠯ᠎ᠠ ᠪᠠᠷ᠂ 《ᠬᠡᠰᠡᠭ᠌ᠴᠢᠯᠡᠭᠰᠡᠨ》 ᠵᠠᠭ᠍ᠪᠤᠷ ᠢ᠋ ᠣᠭᠣᠷᠴᠣ᠂ ᠱᠢᠰᠲ᠋ᠧᠮ ᠤ᠋ᠨ ᠴᠢᠨᠠᠷᠲᠠᠶ ᠲᠥᠯᠥᠪᠵᠢᠭᠦᠯᠭᠡ ᠪᠠᠷ ᠲᠠᠮᠵᠢᠭᠣᠯᠭᠠ ᠵᠢᠨ ᠰᠠᠭᠤᠷᠢᠶ᠋ᠢ ᠪᠠᠬᠢᠵᠢᠭᠦᠯᠪᠡ᠃ ᠲᠤᠰᠭᠠᠶ ᠤᠬᠠᠭᠤᠯᠭ᠎ᠠ ᠵᠢᠨ ᠲᠥᠰᠦᠯ ᠲᠣᠭ᠍ᠲᠠᠭᠠᠬᠤ ᠪᠠᠷ ᠳᠠᠮᠵᠢᠨ ᠡᠯ᠎ᠡ ᠱᠠᠲᠤ ᠬᠣᠭᠣᠴᠠᠭ᠎ᠠ ᠵᠢᠨ ᠤᠬᠠᠭᠤᠯᠭ᠎ᠠ ᠵᠢᠨ ᠭᠤᠤᠯᠳᠠᠯᠭ᠎ᠠ᠂ ᠬᠠᠷᠢᠭᠤᠴᠠᠯᠭ᠎ᠠ ᠵᠢᠨ ᠭᠤᠤᠯ ᠴᠣᠭ᠍ᠴᠠ ᠪᠣᠯᠣᠨ ᠲᠠᠮᠵᠢᠭᠣᠯᠭᠠ ᠵᠢᠨ ᠵᠠᠮ ᠰᠣᠪᠠᠬ ᠢ᠋ ᠲᠣᠳᠣᠷᠬᠠᠢᠯᠠᠵᠤ᠂ ᠰᠣᠨᠢᠨ ᠮᠡᠳᠡᠭᠡᠨ ᠤ᠋ ᠤᠬᠠᠭᠤᠯᠭ᠎ᠠ᠂ ᠨᠡᠢᠭᠡᠮ ᠤ᠋ᠨ ᠤᠬᠠᠭᠤᠯᠭ᠎ᠠ ᠬᠢᠭᠡᠳ ᠤᠳᠭ᠎ᠠ ᠤᠷᠠᠯᠢᠭ ᠤ᠋ᠨ ᠤᠬᠠᠭᠤᠯᠭ᠎ᠠ ᠵᠢᠨ ᠬᠠᠮᠳᠤᠷᠠᠯ ᠬᠦᠴᠦᠨ ᠢ᠋ ᠪᠦᠷᠢᠯᠳᠦᠭᠦᠯᠪᠡ᠃
ᠤᠬᠠᠭᠤᠯᠭ᠎ᠠ ᠵᠢᠨ ᠡᠴᠦᠰ ᠤ᠋ᠨ ᠦᠷᠳᠡᠭ ᠨᠢ ᠠᠷᠠᠳ ᠲᠦ᠍ ᠠᠱᠢᠭ ᠬᠦᠷᠲᠡᠭᠡᠬᠦ᠌ ᠪᠣᠳᠠᠲᠤ ᠦᠷ᠎ᠡ ᠪᠦᠲᠦᠮᠵᠢ ᠶ᠋ᠢ ᠭᠦᠢᠴᠡᠳ ᠪᠠᠳᠠᠷᠠᠭᠤᠯᠬᠤ ᠳ᠋ᠤ ᠪᠤᠢ᠃ ᠥᠷᠭᠡᠨ ᠳᠡᠯᠭᠡᠷ ᠪᠥᠭᠡᠳ ᠨᠠᠷᠢᠯᠢᠭ ᠣᠨᠣᠴᠠᠲᠠᠶ ᠤᠬᠠᠭᠤᠯᠭ᠎ᠠ ᠡᠴᠡ ᠠᠷᠠᠳ ᠣᠯᠠᠨ 《ᠡᠭᠦᠳᠡᠨ ᠲᠡᠷᠭᠡᠲᠡᠬᠢ ᠦᠪᠡᠳᠡᠭ᠌ᠰᠢ ᠨᠠᠢᠷ》 ᠢ᠋ ᠣᠢᠯᠠᠭᠠᠵᠤ ᠮᠡᠳᠡᠪᠠ; ᠨᠡᠢᠭᠡᠮ ᠲᠣᠭᠤᠷᠢᠭ ᠤ᠋ᠨ ᠤᠳᠭ᠎ᠠ ᠤᠷᠠᠯᠢᠭ ᠤ᠋ᠨ ᠲᠣᠭ᠍ᠯᠠᠯᠲᠠ᠂ ᠬᠥᠳᠡᠭᠡ ᠲᠣᠰᠭᠤᠨ ᠤ᠋ ᠠᠭᠣᠲᠠᠮ ᠲᠠᠯᠠᠪᠠᠶ ᠵᠢᠨ ᠪᠥᠵᠢᠭ ᠤ᠋ᠨ ᠤᠷᠤᠯᠳᠤᠭᠠᠨ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠨᠡᠢᠭᠡᠮ ᠲᠣᠭᠤᠷᠢᠭ ᠲᠦ᠍ ᠬᠦᠷᠭᠡᠬᠦ ᠵᠡᠷᠭᠡ ᠠᠵᠢᠯᠯᠠᠭ᠎ᠠ ᠨᠢ ᠣᠯᠠᠨ ᠲᠦᠮᠡᠨ ᠢ᠋ ᠦᠵᠡᠭ᠌ᠴᠢᠳ ᠡᠴᠡ ᠪᠠᠨ ᠣᠷᠣᠯᠴᠠᠭ᠍ᠴᠢ ᠪᠣᠯᠭᠠᠨ ᠬᠣᠪᠢᠷᠠᠭᠣᠯᠪᠠ; 《ᠠᠭᠤᠯᠠ ᠤᠰᠤᠨ ᠤ᠋ ᠣᠶᠠᠩᠭ᠎ᠠ ᠳᠠᠭᠤᠤ》 ᠨᠠᠢᠷᠠᠯ ᠬᠦᠭᠵᠢᠮ᠂ ᠥᠪᠡᠷᠲᠡᠭᠡᠨ ᠵᠠᠰᠠᠬᠤ ᠣᠷᠣᠨ ᠤ᠋ 《ᠤᠳᠤᠳ ᠤ᠋ᠨ ᠱᠠᠩᠨᠠᠯ》 ᠤ᠋ᠨ ᠱᠢᠯᠢᠳᠡᠭ ᠪᠦᠲᠦᠭᠡᠯ ᠤ᠋ᠨ ᠲᠣᠭᠤᠷᠢᠨ ᠲᠣᠭ᠍ᠯᠠᠯᠲᠠ ᠵᠡᠷᠭᠡ ᠴᠢᠨᠠᠷ ᠰᠠᠢᠲᠠᠶ ᠠᠵᠢᠯᠯᠠᠭ᠎ᠠ ᠨᠢ ᠣᠯᠠᠨ ᠲᠦᠮᠡᠨ ᠳ᠋ᠤ ᠰᠣᠶᠣᠯ ᠤ᠋ᠨ ᠷᠢᠳᠢ ᠱᠢᠳᠢ ᠶ᠋ᠢ ᠡᠳ᠋ᠯᠡᠭᠦᠯᠪᠡ; ᠰᠦᠢᠳᠭᠡᠯ ᠬᠤᠷᠢᠶᠠᠬᠤ ᠦᠭᠡᠢ ᠨᠡᠭᠡᠭᠡᠯᠲᠡᠲᠦ ᠦᠵᠡᠬᠦᠯᠭᠡ ᠵᠢᠨ ᠲᠣᠭ᠍ᠯᠠᠯᠲᠠ ᠨᠢ ᠣᠯᠠᠨ ᠬᠥᠮᠦᠨ ᠢ᠋ ᠣᠷᠢᠨ ᠲᠠᠲᠠᠵᠦ᠂ ᠴᠢᠨᠠᠷ ᠰᠠᠢᠲᠠᠶ ᠰᠣᠶᠣᠯ ᠤ᠋ᠨ ᠦᠢᠯᠡᠴᠢᠯᠡᠭᠡ ᠬᠦᠷᠲᠡᠭᠡᠭᠰᠡᠨ ᠪᠠᠢᠨ᠎ᠠ᠃
ᠲᠤᠰ ᠤᠳᠠᠭ᠎ᠠ ᠵᠢᠨ ᠰᠣᠶᠣᠯ ᠤ᠋ᠨ ᠦᠪᠡᠳᠡᠭ᠌ᠰᠢ ᠴᠤᠭ᠍ᠯᠠᠭᠠᠨ ᠢ᠋ ᠤᠬᠠᠭᠤᠯᠬᠣ ᠠᠵᠢᠯ ᠨᠢ 《ᠰᠣᠶᠣᠯ ᠤ᠋ᠨ ᠬᠠᠯᠠᠮᠱᠢᠯ》 ᠢ᠋ ᠥᠷᠭᠡᠨ ᠲᠠᠯᠬᠡᠷ ᠲᠠᠮᠵᠢᠭᠣᠯᠬᠣ ᠶ᠋ᠢ ᠪᠡᠶᠡᠯᠡᠭᠦᠯᠦᠭ᠌ᠰᠡᠨ ᠵᠢᠡᠷ ᠪᠠᠷᠠᠬᠤ ᠦᠭᠡᠢ᠂ ᠨᠡᠩ ᠴᠤ᠌ 《ᠵᠢᠭᠤᠯᠴᠢᠯᠠᠯ ᠤ᠋ᠨ ᠬᠦᠭᠵᠢᠶᠡᠨᠲᠦ》 ᠦᠷ᠎ᠡ ᠪᠦᠲᠦᠮᠵᠢ ᠶ᠋ᠢ ᠠᠬᠢᠭᠤᠯᠪᠠ᠃ ᠪᠦᠬᠦ᠌ ᠬᠡᠯᠬᠢᠶ᠎ᠡ ᠵᠢᠨ ᠤᠬᠠᠭᠤᠯᠭ᠎ᠠ ᠨᠢ ᠭᠤᠤᠯᠳᠠᠯᠭ᠎ᠠ ᠲᠠᠢ ᠣᠷᠣᠨ ᠪᠦᠰᠡ ᠶ᠋ᠢ ᠬᠠᠮᠤᠷᠴᠣ᠂ ᠣᠯᠠᠨ ᠲᠦᠮᠡᠨ ᠳ᠋ᠤ ᠨᠠᠷᠢᠯᠢᠭ ᠣᠨᠣᠴᠠᠲᠠᠶ ᠪᠠᠷ ᠤᠯᠠᠮᠵᠢᠯᠠᠨ ᠦᠢᠯᠡᠴᠢᠯᠡᠵᠦ᠍᠂ ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠳ᠋ᠤ 《ᠤᠬᠠᠭᠤᠯᠭ᠎ᠠ ᠡᠷᠴᠢᠮ ᠲᠠᠢ᠂ ᠠᠷᠠᠳ ᠲᠦ᠍ ᠠᠱᠢᠭ ᠬᠦᠷᠲᠡᠭᠡᠬᠦ᠌ ᠪᠣᠳᠠᠲᠤ ᠦᠷ᠎ᠡ ᠪᠦᠲᠦᠮᠵᠢ ᠲᠠᠢ》 ᠭᠡᠬᠦ᠌ ᠰᠠᠢᠨ ᠰᠠᠢᠬᠠᠨ ᠬᠠᠷᠢᠭᠤᠯᠲᠠ ᠵᠢᠨ ᠬᠠᠭᠤᠳᠠᠰᠤ ᠵᠢ ᠲᠣᠰᠢᠶᠠᠬᠰᠠᠨ ᠪᠠᠢᠨ᠎ᠠ᠃
ᠰᠣᠲᠣᠨ ᠠᠭᠤᠯᠭ᠎ᠠ ᠵᠢᠨ ᠲᠦᠰᠦᠪᠯᠡᠯ ᠡᠴᠡ ᠤᠮᠠᠷᠠᠲᠤ ᠬᠢᠯᠢ ᠵᠢᠨ ᠰᠣᠶᠣᠯ ᠣᠯᠠᠨ ᠤ᠋ ᠠᠩᠬᠠᠷᠣᠯ ᠢ᠋ ᠲᠠᠲᠠᠪᠠ
9 ᠰᠠᠷ᠎ᠠ ᠵᠢᠨ 13 ᠤ᠋ ᠤᠷᠤᠢ 《ᠣᠷᠠᠨ ᠪᠦᠵᠢᠭ ᠤ᠋ᠨ ᠤᠮᠠᠷᠠᠳᠤ ᠬᠢᠯᠢ》 — ᠦᠪᠦᠷ ᠮᠣᠩᠭᠣᠯ ᠬᠠᠷᠠᠮᠦᠢ᠍ᠷᠡᠨ ᠬᠢᠷᠢᠨ ᠯᠢᠶᠣᠣᠨᠢᠩ ᠲᠦᠷᠪᠡᠨ ᠮᠤᠵᠢ ᠤᠷᠤᠨ ᠤ᠋ ᠠᠭᠤᠳᠠᠮ ᠲᠠᠯᠠᠪᠠᠢ ᠵᠢᠨ ᠪᠦᠵᠢᠭ ᠤ᠋ᠨ ᠦᠵᠡᠬᠦᠯᠬᠡ ᠬᠦᠬᠡᠬᠤᠳᠠ ᠵᠢᠨ ᠪᠤᠤ ᠳ᠋ᠢᠩ ᠠᠭᠤᠳᠠᠮ ᠲᠠᠯᠠᠪᠠᠢ ᠳ᠋ᠤ ᠬᠦᠰᠢᠭᠡ ᠪᠠᠨ ᠰᠡᠬᠦᠵᠤ᠂ 《ᠳᠣᠷᠣᠨ᠎ᠠ ᠵᠦᠭ ᠲᠣᠶᠠᠭᠠᠷᠠᠯᠠ》᠂ 《ᠬᠦᠷ ᠪᠢᠯᠬᠠᠬᠰᠠᠨ ᠣᠮᠠᠷᠠᠲᠣ ᠬᠢᠯᠢ》 ᠁ ᠵᠡᠷᠭᠡ ᠪᠦᠵᠢᠭ ᠨᠢ ᠣᠷᠬᠢᠯᠣᠮ᠎ᠠ ᠬᠠᠯᠠᠭᠣᠨ ᠰᠡᠳᠬᠢᠯ ᠢ᠋ ᠠᠴᠢᠶᠠᠯᠠᠨ ᠤᠮᠠᠷᠠᠲᠤ ᠬᠢᠯᠢ ᠵᠢᠨ ᠰᠣᠶᠣᠯ ᠤ᠋ᠨ ᠠᠮᠢᠵᠢᠷᠠᠯ ᠤ᠋ᠨ ᠬᠦᠴᠦᠨ ᠢ᠋ ᠦᠵᠡᠭ᠌ᠴᠢᠳ ᠲᠦ᠍ ᠳᠠᠮᠵᠢᠭᠤᠯᠪᠠ᠃
《ᠤᠮᠠᠷᠠᠲᠤ ᠬᠢᠯᠢ ᠵᠢᠨ ᠰᠣᠶᠣᠯ》 ᠤ᠋ᠨ ᠬᠠᠯᠠᠮᠰᠢᠯ ᠪᠤᠯ ᠭᠡᠨᠡᠳᠲᠡ ᠵᠢᠨ ᠶᠠᠪᠣᠲᠠᠯ ᠪᠢᠰᠢ ᠶᠤᠮ᠃ ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠡᠬᠢᠯᠡᠭ᠌ᠰᠡᠨ ᠡᠴᠡ ᠨᠠᠭᠠᠰᠢ 《ᠠᠭᠤᠯᠭ᠎ᠠ ᠵᠢ ᠲᠡᠷᠢᠬᠦᠨ ᠳ᠋ᠦ ᠲᠠᠯᠪᠢᠬᠣ》 ᠶ᠋ᠢ ᠢᠮᠠᠭ᠍ᠲᠠ ᠪᠠᠷᠢᠮᠲᠠᠯᠠᠵᠦ᠂ ᠲᠤᠰᠭᠠᠶ ᠮᠡᠷᠭᠡᠵᠢᠯ ᠤ᠋ᠨ ᠪᠦᠯᠬᠦᠮ ᠤ᠋ᠨ ᠪᠦᠲᠦᠭᠡᠯᠴᠢ ᠤᠬᠠᠭᠠᠯᠠᠭ᠎ᠠ ᠳ᠋ᠤ ᠲᠦᠱᠢᠭ᠌ᠯᠡᠨ ᠱᠢᠷᠢᠰ ᠰᠣᠲᠣᠨ ᠠᠭᠤᠯᠭ᠎ᠠ ᠶ᠋ᠢ ᠦᠷᠭᠦᠯᠵᠢᠯᠡᠨ ᠪᠦᠲᠦᠭᠡᠵᠦ᠂ ᠤᠮᠠᠷᠠᠲᠤ ᠬᠢᠯᠢ ᠵᠢᠨ ᠰᠣᠶᠣᠯ ᠨᠢ ᠣᠷᠢᠨ ᠬᠠᠪᠤᠷ ᠤ᠋ᠨ ᠰᠢᠪᠡᠷᠡᠭᠡ ᠪᠣᠷᠣᠭᠠᠨ ᠮᠡᠲᠦ ᠪᠡᠷ ᠠᠷᠠᠳ ᠤ᠋ᠨ ᠰᠡᠳᠭᠢᠯ ᠢ᠋ ᠣᠮᠲᠠᠯᠠᠬᠰᠠᠨ ᠠᠵᠢ᠃
7 ᠰᠠᠷ᠎ᠠ ᠵᠢᠨ 1 ᠦ᠌ ᠡᠳᠦᠷ᠂ ᠬᠥᠬᠡᠬᠣᠲᠠ ᠵᠢᠨ ᠰᠢᠨ᠎ᠡ ᠬᠣᠲᠠ ᠲᠣᠭᠣᠷᠢᠭ ᠤ᠋ᠨ ᠬᠠᠷᠠᠴᠢᠨ ᠲᠣᠰᠭᠣᠨ ᠳ᠋ᠦ ᠢᠨᠢᠶᠡᠲᠦ ᠪᠠᠶᠠᠷ ᠤ᠋ᠨ ᠲᠠᠭᠣᠨ ᠪᠢᠯᠬᠠᠨ᠎ᠠ᠃ 《ᠠᠶᠠᠯᠭᠣᠲᠣ ᠵᠢᠭᠣᠯᠴᠢᠯᠠᠯ ᠦᠪᠦᠷ ᠮᠣᠩᠭᠣᠯ》 ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠤ᠋ᠨ 《ᠪᠠᠶᠠᠷ ᠬᠥᠷ ᠬᠢᠭᠡᠳ ᠪᠣᠯᠪᠠᠰᠤᠨ ᠢ᠋ ᠬᠦᠷᠭᠡᠬᠦ᠌》 ᠦᠨᠳᠦᠰᠦᠨ ᠱᠠᠲᠤᠨ ᠤ᠋ ᠲᠣᠭ᠍ᠯᠠᠯᠲᠠ ᠡᠨᠲᠡ ᠢᠲᠡ ᠬᠦᠭ ᠲᠠᠢ ᠶᠠᠪᠤᠭ᠍ᠳᠠᠵᠤ ᠪᠠᠢᠯ᠎ᠠ᠃ ᠬᠣᠶᠠᠳᠤᠭᠠᠷ ᠬᠤᠭᠤᠴᠠᠭᠠᠨ ᠤ᠋ 《ᠳᠤᠮᠳᠠᠳᠤ ᠤᠯᠤᠰ ᠤ᠋ᠨ ᠼᠢᠷᠺ ᠤ᠋ᠨ ᠤᠮᠠᠷᠠᠲᠤ ᠬᠢᠯᠢ ᠵᠢᠨ ᠠᠶᠠᠯᠠᠯ》 ᠤ᠋ᠨ ᠰᠣᠳᠣᠨ ᠦᠵᠡᠭᠦᠯᠭᠡ ᠵᠢᠨ ᠲᠣᠭ᠍ᠯᠠᠯᠲᠠ ᠨᠢ ᠪᠦᠬᠦ᠌ ᠤᠯᠤᠰ ᠤ᠋ᠨ ᠡᠯ᠎ᠡ ᠭᠠᠵᠠᠷ ᠤ᠋ᠨ ᠼᠢᠷᠺ ᠤ᠋ᠨ ᠶᠡᠬᠡ ᠪᠠᠬᠰᠢᠳᠠᠨ ᠨᠠᠷ ᠤ᠋ᠨ ᠲᠣᠬᠯᠠᠯᠲᠠ ᠪᠡᠷ ᠦᠵᠡᠭ᠌ᠴᠢᠳ ᠤ᠋ᠨ ᠨᠢᠲᠦ ᠵᠢ ᠬᠣᠵᠢᠷᠯᠠᠪᠠ; 《ᠰᠦᠷᠯᠢᠭ ᠰᠠᠢᠬᠠᠨ ᠬᠠᠲᠤᠨ ᠭᠣᠣᠯ》 ᠭᠡᠬᠦ᠌ ᠨᠠᠢᠷᠠᠯ ᠬᠥᠭ᠌ᠵᠢᠮ ᠤ᠋ᠨ ᠦᠳᠡᠰᠢᠯᠡᠭᠡ ᠨᠢ ᠬᠠᠲᠣᠨ ᠭᠣᠣᠯ ᠤ᠋ᠨ ᠰᠦᠷᠯᠢᠭ ᠰᠠᠢᠬᠠᠨ ᠦᠵᠡᠮᠵᠢ ᠵᠢ ᠮᠠᠬᠲᠠᠨ ᠲᠠᠭᠣᠯᠠᠨᠠ ᠁ ᠰᠣᠳᠣᠨ ᠲᠣᠬᠯᠠᠯᠲᠠ ᠦᠵᠡᠬᠦᠯᠭᠡ ᠪᠣᠯᠣᠨ ᠠᠢᠮᠠᠭ ᠬᠤᠲᠠ ᠬᠤᠯᠪᠣᠭᠠᠯᠠᠨ ᠬᠥᠳᠡᠯᠦᠯᠴᠡᠬᠦ ᠵᠢᠨ ᠴᠠᠭᠠᠨ᠎ᠠ ᠣᠬᠠᠭᠠᠯᠠᠨ ᠲᠦᠰᠦᠪᠯᠡᠬᠦ ᠪᠦᠯᠬᠦᠮ ᠤ᠋ᠨ ᠤᠷᠠᠨ ᠰᠡᠳᠭᠢᠮᠵᠢ ᠪᠠ ᠣᠷᠣᠯᠲᠣᠯᠭᠠ ᠵᠢᠳᠬᠦᠯ ᠢ᠋ ᠬᠠᠷᠠᠭᠣᠯᠵᠦ᠂ 《ᠠᠶᠠᠯᠭᠣᠲᠣ ᠵᠢᠭᠣᠯᠴᠢᠯᠠᠯ ᠥᠪᠥᠷ ᠮᠣᠩᠭᠤᠯ》 ᠲᠦᠷᠦᠯ ᠲᠡᠮᠳᠡᠭ ᠢ᠋ ᠬᠥᠮᠦᠰ ᠤ᠋ᠨ ᠰᠡᠳᠭᠢᠯ ᠳ᠋ᠤ ᠬᠠᠳᠠᠩᠱᠢᠭᠤᠯᠵᠠᠶ᠃
《ᠤᠮᠠᠷᠠᠲᠤ ᠬᠢᠯᠢ ᠵᠢᠨ ᠰᠣᠶᠣᠯ ᠤ᠋ᠨ ᠠᠵᠢᠯᠯᠠᠭ᠎ᠠ ᠵᠢᠨ ᠤᠯᠠᠷᠢᠯ ᠡᠬᠢᠯᠡᠭ᠌ᠰᠡᠨ ᠡᠴᠡ ᠨᠠᠭᠠᠰᠢ᠂ ᠪᠢᠳᠡ ᠪᠥᠬᠦ᠌ ᠣᠷᠣᠨ ᠤ᠋ ᠡᠯ᠎ᠡ ᠱᠠᠲᠤᠨ ᠤ᠋ ᠡᠯ᠎ᠡ ᠲᠥᠷᠥᠯ ᠤ᠋ᠨ ᠰᠣᠶᠣᠯ ᠤ᠋ᠨ ᠡᠬᠢ ᠪᠠᠶᠠᠯᠢᠭ ᠢ᠋ ᠨᠢᠭᠡᠳᠦᠯᠲᠡᠶ ᠲᠥᠯᠥᠪᠯᠡᠵᠦ᠍᠂ 〈ᠤᠮᠠᠷᠠᠲᠤ ᠬᠢᠯᠢ ᠵᠢᠨ ᠰᠣᠶᠣᠯ〉 ᠤ᠋ᠨ ᠲᠦᠷᠦᠯ ᠲᠡᠮᠳᠡᠭ ᠵᠢᠡᠷ ᠭᠤᠤᠯ ᠪᠣᠯᠭᠠᠨ᠂ ᠣᠯᠠᠨ ᠲᠦᠮᠡᠨ ᠤ᠋ ᠰᠣᠶᠣᠯ ᠤ᠋ᠨ ᠬᠡᠷᠡᠭ᠌ᠴᠡᠭᠡ ᠱᠠᠭᠠᠷᠳᠠᠯᠭ᠎ᠠ ᠳ᠋ᠤ ᠦᠢᠯᠡᠴᠢᠯᠡᠬᠦ᠌ ᠪᠠᠷ ᠪᠠᠷᠠᠬᠤ ᠥᠬᠡᠶ ᠵᠠᠬ᠎ᠠ ᠳᠡᠯᠭᠡᠭᠦᠷᠴᠢᠯᠡᠭ᠌ᠰᠡᠨ ᠠᠵᠢᠯᠯᠠᠭ᠎ᠠ ᠵᠢᠨ ᠵᠠᠭ᠍ᠪᠤᠷ ᠢ᠋ ᠢᠳᠡᠪᠬᠢᠲᠡᠶ ᠰᠦᠪᠡᠭ᠌ᠴᠢᠯᠡᠵᠦ᠍᠂ ᠡᠯ᠎ᠡ ᠲᠥᠷᠥᠯ ᠤ᠋ᠨ ᠠᠵᠢᠯᠯᠠᠭᠠᠶ᠋ᠢ 〈ᠬᠠᠯᠠᠮᠱᠢᠯ〉 ᠲᠠᠢ ᠪᠦᠬᠡᠤᠨ 〈ᠭᠦᠨᠴᠡ〉 ᠲᠠᠢ ᠪᠣᠯᠭᠠᠵᠤ᠂ ᠣᠯᠠᠨ ᠲᠦᠮᠡᠨ ᠤ᠋ ᠰᠣᠶᠣᠯ ᠤ᠋ᠨ ᠠᠮᠢᠳᠤᠷᠠᠯ ᠢ᠋ ᠪᠠᠶᠠᠯᠢᠭ᠍ᠵᠢᠭᠤᠯᠤᠭ᠍ᠰᠠᠨ ᠲᠡᠳᠦᠢ ᠦᠭᠡᠢ ᠰᠣᠶᠣᠯ ᠵᠢᠭᠤᠯᠴᠢᠯᠠᠯ ᠤ᠋ᠨ ᠭᠦᠨᠵᠡᠭᠡᠶ ᠠᠭᠤᠰᠤᠯᠴᠠᠯ ᠢ᠋ ᠪᠦᠲᠦᠮᠵᠢᠲᠡᠶ ᠠᠬᠢᠭᠤᠯᠪᠠ》 ᠬᠡᠵᠤ 9 ᠰᠠᠷ᠎ᠠ ᠵᠢᠨ 1 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶ᠎ᠠ ᠵᠢᠨ ᠤᠬᠠᠭᠤᠯᠬᠤ ᠬᠡᠯᠲᠡᠰ ᠤ᠋ᠨ ᠳᠡᠳ᠋ ᠳᠠᠷᠤᠭ᠎ᠠ ᠰᠦᠩ ᠦ᠋ ᠭᠤᠸᠠᠨ ᠰᠤᠷᠪᠤᠯᠵᠢᠯᠠᠭ᠎ᠠ ᠬᠦᠯᠢᠶᠡᠬᠦ ᠳ᠋ᠡᠭᠡᠨ ᠬᠡᠯᠡᠨ᠎ᠠ᠃ 《ᠲᠠᠷᠠᠭᠠᠴᠢ ᠪᠡᠷ ᠪᠢᠳᠡ ᠬᠠᠮᠢᠶ᠎ᠠ ᠪᠦᠬᠦᠢ ᠠᠵᠢᠯᠯᠠᠭ᠎ᠠ ᠵᠢ ᠲᠦᠰᠦᠪᠯᠡᠬᠦ ᠳ᠋ᠡᠭᠡᠨ ᠣᠯᠠᠨ ᠲᠦᠮᠡᠨ ᠤ᠋ ᠬᠡᠷᠡᠭ᠌ᠴᠡᠭᠡ ᠱᠠᠭᠠᠷᠳᠠᠯᠭ᠎ᠠ ᠳ᠋ᠤ ᠨᠠᠩ ᠣᠢᠷᠠᠲᠤᠭᠤᠯᠵᠤ᠂ ᠤᠬᠠᠭᠤᠯᠤᠨ ᠳᠡᠯᠭᠡᠷᠡᠭᠦᠯᠬᠦ᠌ ᠲᠠᠯ᠎ᠠ ᠪᠠᠷ ᠠᠷᠭ᠎ᠠ ᠵᠠᠮ ᠵᠢᠡᠨ ᠥᠷᠭᠡᠳᠭᠡᠨ᠂ ᠨᠠᠩ ᠣᠯᠠᠨ ᠬᠥᠮᠦᠨ ᠳ᠋ᠤ ᠠᠵᠢᠯᠯᠠᠭ᠎ᠠ ᠵᠢ ᠮᠡᠳᠡᠬᠦᠯᠵᠦ᠂ ᠠᠵᠢᠯᠯᠠᠭ᠎ᠠ ᠳ᠋ᠤ ᠣᠷᠣᠯᠴᠠᠬᠣ ᠳ᠋ᠣᠨᠢ ᠲᠥᠬᠦᠮ ᠪᠣᠯᠭᠠᠵᠤ᠂ ᠤᠮᠠᠷᠠᠲᠤ ᠬᠢᠯᠢ ᠵᠢᠨ ᠰᠣᠶᠣᠯ ᠢ᠋ ᠡᠳᠦᠷ ᠲᠤᠲᠤᠮ ᠤ᠋ᠨ ᠠᠮᠢᠳᠤᠷᠠᠯ ᠳ᠋ᠤ ᠦᠨᠡᠨ ᠬᠦ᠌ ᠠᠭᠤᠰᠤᠯᠴᠠᠭᠤᠯᠵᠤ᠂ ᠨᠢᠳᠤᠨ ᠳ᠋ᠤ ᠦᠵᠡᠭ᠌ᠳᠡᠵᠦ᠍ ᠭᠠᠷ ᠲᠦ᠍ ᠪᠠᠷᠢᠭ᠍ᠳᠠᠮᠠ ᠣᠶᠤᠨ ᠰᠠᠨᠠᠭᠠᠨ ᠤ᠋ ᠱᠢᠮ᠎ᠡ ᠲᠡᠵᠢᠭᠡᠯ ᠪᠣᠯᠭᠠᠨ᠎ᠠ》 ᠭᠡᠵᠦ ᠲᠡᠷᠡ ᠶᠠᠷᠢᠵᠦ ᠪᠠᠢᠯ᠎ᠠ᠃