— 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠦᠶ᠋ᠯᠡᠳᠦᠯᠭᠡ ᠬᠢᠭᠡᠳ ᠰᠡᠩᠬᠡᠷᠡᠭᠦᠯᠦᠯ ᠤ᠋ᠨ ᠬᠦᠦᠷᠨᠢᠯ ᠰᠢᠭᠦᠮᠵᠢ ( ᠳᠣᠯᠣᠭ᠎ᠠ)
ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠨᠠᠮ ᠨᠢ ᠨᠠᠮ ᠵᠢᠡᠨ ᠬᠠᠮᠢᠶᠠᠷᠴᠤ᠌᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠳᠤ ᠪᠤᠢ᠃
ᠶᠡᠷᠦᠩᠬᠡᠢ ᠱᠦᠵᠢ ᠰᠢ ᠵᠢᠨ ᠫᠢᠩ᠂ ᠱᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠡᠨᠡ ᠬᠦ᠌ ᠠᠭᠤᠤ ᠶᠡᠬᠡ ᠨᠡᠢᠭᠡᠮ᠎ᠦᠨ ᠬᠤᠪᠢᠰᠭᠠᠯ᠎ᠢ ᠰᠠᠢᠲᠤᠷ ᠬᠢᠬᠦ᠌᠎ᠳᠦ᠂ ᠮᠠᠨ᠎ᠤ ᠨᠠᠮ ᠡᠷᠬᠡᠪᠰᠢ ᠵᠣᠷᠢᠭ᠍ᠲᠠᠢ᠎ᠪᠠᠷ ᠥᠪᠡᠷ ᠪᠡᠶ᠎ᠡ ᠵᠢᠨ ᠬᠤᠪᠢᠰᠭᠠᠯ ᠬᠢᠵᠦ᠍᠂ ᠨᠠᠮ ᠢ᠋ ᠨᠡᠩ ᠪᠠᠲᠤ ᠴᠢᠩᠭ᠎ᠠ ᠬᠦᠴᠦᠨ᠎ᠲᠡᠶ ᠪᠣᠯᠭᠠᠨ ᠪᠠᠢᠭᠤᠯᠬᠤ ᠬᠡᠷᠡᠭ᠌ᠲᠡᠢ ᠭᠡᠵᠦ᠍ ᠭᠦᠨᠵᠡᠭᠡᠢ ᠵᠢᠭᠠᠵᠤ ᠭᠠᠷᠭᠠᠪᠠ᠃
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠡᠷᠡᠰ ᠭᠤᠢᠪᠢᠰᠢ ᠥᠬᠡᠶ᠎ᠪᠡᠷ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠬᠡ ᠢᠨᠵᠧᠨᠧᠷᠢᠩ᠎ᠢ ᠭᠦᠨᠵᠡᠭᠡᠶ ᠠᠬᠢᠭᠤᠯᠵᠤ᠂ ᠨᠠᠮ᠎ᠤᠨ ᠥᠪᠡᠷ ᠪᠡᠶ᠎ᠡ ᠵᠢᠨ ᠬᠤᠪᠢᠰᠭᠠᠯ ᠬᠢᠬᠦ᠌᠎ᠪᠡᠷ ᠨᠡᠢᠭᠡᠮ᠎ᠦᠨ ᠬᠤᠪᠢᠰᠭᠠᠯ᠎ᠢ ᠬᠥᠲᠥᠯᠥᠨ ᠳᠠᠭᠠᠭᠤᠯᠬᠤ᠎ᠶ᠋ᠢ ᠪᠠᠷᠢᠮᠲᠠᠯᠠᠵᠤ᠂ ᠨᠠᠮ᠎ᠤᠨ ᠪᠦᠲᠦᠭᠡᠯᠴᠢ ᠬᠦᠴᠦᠨ᠂ ᠨᠢᠭ᠍ᠲᠠᠷᠠᠯ᠎ᠤᠨ ᠬᠦᠴᠦᠨ᠂ ᠳᠠᠢᠴᠢᠨ ᠬᠦᠴᠦᠨ ᠦᠷᠭᠦᠯᠵᠢᠯᠡᠨ ᠴᠢᠩᠭᠠᠷᠠᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ ᠳ᠋ᠦ ᠰᠢᠨ᠎ᠠ ᠡᠭᠦᠳᠦᠯᠲᠡ᠎ᠶ᠋ᠢᠨ ᠴᠢᠨᠠᠷᠲᠠᠶ ᠠᠬᠢᠴᠠ᠂ ᠱᠢᠪᠲᠤᠯᠤᠯᠲᠠ᠎ᠶ᠋ᠢᠨ ᠴᠢᠨᠠᠷᠲᠠᠶ ᠬᠤᠪᠢᠰᠤᠯᠲᠠ᠂ ᠲᠡᠦᠬᠡᠲᠦ ᠴᠢᠨᠠᠷᠲᠠᠶ ᠠᠮᠵᠢᠯᠲᠠ ᠤᠯᠬᠤ᠎ᠶ᠋ᠢ ᠠᠬᠢᠭᠤᠯᠪᠠ᠃
ᠲᠡᠦᠬᠡ᠎ᠶ᠋ᠢᠨ ᠰᠠᠨᠠᠭᠠᠴᠢᠯᠠᠭ᠎ᠠ᠎ᠶ᠋ᠢ ᠡᠵᠡᠮᠳᠡᠵᠦ᠍ ᠥᠪᠡᠷ ᠪᠡᠶ᠎ᠡ ᠵᠢᠨ ᠬᠤᠪᠢᠰᠭᠠᠯ ᠵᠢᠡᠷ ᠨᠡᠢᠭᠡᠮ᠎ᠦᠨ ᠬᠤᠪᠢᠰᠭᠠᠯ᠎ᠢ ᠬᠦᠳᠦᠯᠦᠨ ᠳᠠᠭᠠᠭᠤᠯᠬᠤ ᠳᠡᠭᠡᠳᠦ ᠬᠡᠮᠵᠢᠶᠡᠨ᠎ᠦ ᠤᠬᠠᠮᠰᠠᠷ ᠵᠢᠡᠨ ᠪᠠᠲᠤᠯᠠᠬᠤ ᠬᠡᠷᠡᠭ᠌ᠲᠡᠢ
2024 ᠣᠨ᠎ᠤ ᠰᠡᠭᠦᠯᠴᠢ᠎ᠪᠡᠷ᠂ ᠪᠡᠭᠡᠵᠢᠩ᠎ᠦᠨ ᠵᠢᠩ ᠰᠢ ᠵᠣᠴᠢᠳ᠎ᠤᠨ ᠪᠠᠭᠤᠳᠠᠯ᠎ᠳᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ ᠲᠣᠭ᠍ᠲᠠᠭ᠍ᠰᠠᠨ ᠬᠤᠭᠤᠴᠠᠭᠠᠨ᠎ᠳᠠᠭᠠᠨ ᠶᠠᠪᠤᠭ᠍ᠳᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠎ᠦᠨ ᠠᠵᠤ ᠠᠬᠤᠶ᠎ᠶ᠋ᠢᠨ ᠠᠵᠢᠯ᠎ᠤᠨ ᠦᠨᠳᠦᠰᠦᠨ ᠬᠥᠭ ᠠᠶᠠᠰ᠎ᠢ ᠲᠣᠭ᠍ᠲᠠᠭᠠᠵᠤ ᠴᠢᠭ᠌ᠯᠡᠯ᠎ᠢ ᠲᠣᠳᠣᠷᠬᠠᠢᠯᠠᠪᠠ᠃
ᠠᠯᠢ ᠡᠷᠲᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ᠎ᠳᠦ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠲᠠᠪᠤᠳᠤᠭᠠᠷ ᠪᠥᠬᠥᠳᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ ᠴᠢᠭ᠌ᠯᠡᠯᠲᠡ᠎ᠶ᠋ᠢ ᠭᠦᠨᠵᠡᠭᠡᠶ ᠲᠤᠭᠤᠱᠢᠯᠠᠭᠤᠯᠵᠤ᠂ ᠨᠠᠮ᠎ᠢ ᠪᠥᠬᠥ᠌ ᠲᠠᠯ᠎ᠠ᠎ᠪᠠᠷ ᠴᠢᠩᠭ᠎ᠠ ᠵᠠᠰᠠᠬᠤ᠎ᠶ᠋ᠢᠨ ᠬᠥᠲᠥᠯᠥᠨ ᠳᠠᠭᠠᠭᠤᠯᠵᠤ ᠪᠠᠲᠤᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ 《ᠣᠪᠣᠷ ᠬᠤᠪᠢᠷᠠᠬᠤ ᠥᠬᠡᠶ᠂ ᠵᠣᠷᠢᠭ ᠰᠤᠯᠠᠷᠠᠬᠤ ᠥᠬᠡᠶ᠂ ᠪᠠᠷᠢᠮᠵᠢᠶ᠎ᠠ ᠪᠠᠭᠤᠷᠠᠬᠤ ᠥᠬᠡᠶ ᠪᠠᠢᠵᠤ᠂ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠬᠤᠭᠤᠴᠠᠭᠠᠨ᠎ᠳᠠᠬᠢ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭ᠌ᠲᠡᠶ》 ᠭᠡᠵᠦ᠍ ᠲᠣᠳᠣᠷᠬᠠᠶ ᠳᠤᠷᠠᠳᠪᠠ᠃
ᠤᠯᠤᠰ᠎ᠢ ᠵᠠᠰᠠᠬᠤ᠎ᠳᠤ ᠡᠷᠬᠡᠪᠰᠢ ᠤᠷᠢᠳ ᠵᠢᠡᠷ ᠨᠠᠮ᠎ᠢ ᠵᠠᠰᠠᠵᠤ᠂ ᠨᠠᠮ ᠮᠠᠨᠳᠤᠪᠠᠯ ᠰᠠᠶᠢ ᠤᠯᠤᠰ ᠬᠦᠴᠦᠷᠬᠡᠭ᠌ᠵᠢᠵᠦ᠍ ᠴᠢᠳᠠᠨ᠎ᠠ᠃
ᠲᠠᠪᠤᠨ ᠵᠢᠯ᠎ᠦᠨ ᠲᠤᠷᠰᠢ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠴᠢᠨᠠᠷ ᠰᠠᠢᠲᠠᠢ ᠬᠥᠭ᠌ᠵᠢᠯᠲᠡ᠎ᠶ᠋ᠢᠨ ᠳᠣᠲᠣᠭᠠᠳᠤ ᠯᠣᠭᠢᠭ᠎ᠢ ᠭᠦᠨᠵᠡᠭᠡᠢ ᠡᠵᠡᠮᠳᠡᠵᠦ᠍᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠪᠠᠷ ᠨᠠᠮ᠎ᠤᠨ ᠦᠢᠯᠡᠰ᠎ᠢ ᠰᠠᠢᠲᠤᠷ ᠠᠳᠭᠤᠬᠤ᠎ᠶ᠋ᠢᠨ ᠦᠨᠳᠦᠰᠦᠨ ᠤᠷᠢᠲᠠᠯ ᠪᠣᠯᠭᠠᠵᠤ᠂ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ᠎ᠪᠠᠷ ᠠᠵᠢᠯ ᠦᠢᠯᠡᠰ᠎ᠢ ᠠᠬᠢᠭᠤᠯᠬᠤ ᠦᠨᠳᠦᠰᠦᠨ ᠪᠠᠲᠤᠯᠠᠭ᠎ᠠ ᠪᠣᠯᠭᠠᠵᠤ᠂ ᠨᠠᠮ ᠪᠣᠯᠤᠨ ᠤᠯᠤᠰ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠢᠮᠠᠭ᠍ᠲᠠ ᠵᠥᠪ ᠬᠥᠭ᠌ᠵᠢᠯᠲᠡ᠎ᠶ᠋ᠢᠨ ᠴᠢᠭ᠌ᠯᠡᠯ ᠪᠣᠯᠤᠨ ᠬᠦᠴᠦᠷᠬᠡᠭ ᠶᠡᠬᠡ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ ᠢ᠋ ᠪᠠᠲᠤᠯᠠᠵᠠᠢ᠃
《ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠷᠢᠨ ᠬᠢᠨᠠᠮᠠᠭᠠᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠨᠠᠮ᠎ᠤᠨ ᠭᠡᠱᠢᠭᠦᠨ᠂ ᠺᠠᠳ᠋ᠷ᠎ᠤᠨ ᠲᠣᠭ᠍ᠲᠠᠯ ᠬᠦᠴᠦᠨ᠎ᠢᠶᠡᠨ ᠨᠡᠮᠡᠭ᠌ᠳᠡᠭᠦᠯᠬᠦ᠌᠂ ᠳᠠᠳᠭᠠᠯ ᠪᠣᠯᠬᠤ᠎ᠶ᠋ᠢ ᠠᠬᠢᠭᠤᠯᠵᠤ᠂ ᠱᠢᠯᠢᠳᠡᠭ ᠰᠤᠷᠲᠠᠯ᠎ᠢᠶᠠᠷ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠠᠵᠢᠯ ᠬᠢᠵᠦ᠍ ᠦᠢᠯᠡᠰ ᠪᠤᠰᠭᠠᠬᠤ ᠬᠡᠷᠡᠭ᠌ᠲᠡᠢ》 ᠭᠡᠵᠤ 2025 ᠣᠨ᠎ᠤ 3 ᠰᠠᠷ᠎ᠠ᠎ᠶ᠋ᠢᠨ 17 ᠤ᠋ ᠡᠳᠦᠷ᠎ᠡᠴᠡ 18 ᠤ᠋ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠵᠢᠨ ᠫᠢᠩ ᠭᠦᠢᠵᠧᠦ᠍᠎ᠳᠦ ᠱᠢᠨᠵᠢᠯᠡᠨ ᠪᠠᠢᠴᠠᠭᠠᠬᠤ᠎ᠳᠠᠭᠠᠨ ᠵᠢᠭᠠᠵᠤ ᠭᠠᠷᠭᠠᠵᠠᠢ᠃ ᠬᠡᠳᠦᠨ ᠡᠳᠦᠷ᠎ᠦᠨ ᠡᠮᠦᠨ᠎ᠡ᠂ ᠲᠥᠪ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠤᠳᠤᠷᠢᠳᠭᠤ ᠳᠤᠭᠤᠢᠯᠠᠩ ᠬᠤᠷᠠᠯ ᠬᠤᠷᠠᠯᠳᠤᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠠᠵᠢᠯ᠎ᠢ ᠰᠤᠳᠤᠯᠤᠨ ᠪᠠᠢᠷᠢᠯᠠᠭᠤᠯᠪᠠ᠃
ᠲᠠᠪᠤᠨ ᠵᠢᠯ᠎ᠦᠨ ᠲᠤᠷᠰᠢ᠂ ᠤᠳᠠᠭ᠎ᠠ ᠪᠦᠷᠢ᠎ᠶ᠋ᠢᠨ ᠨᠠᠮ᠎ᠤᠨ ᠳᠣᠲᠣᠭᠠᠳᠤ᠎ᠶ᠋ᠢᠨ ᠲᠥᠪᠯᠡᠷᠡᠩᠭᠦᠢ ᠬᠥᠮᠦᠵᠢᠯ ᠬᠠᠷᠢᠯᠴᠠᠨ ᠠᠪᠴᠠᠯᠳᠤᠵᠤ᠂ ᠠᠯᠬᠤᠮ ᠠᠯᠬᠤᠮ᠎ᠢᠶᠠᠷ ᠭᠦᠨᠵᠡᠭᠡᠢᠷᠡᠵᠦ᠍᠂ ᠪᠦᠬᠦ᠌ ᠨᠠᠮ᠎ᠢᠶᠠᠷ᠎ᠢᠶᠠᠨ ᠬᠥᠭ᠌ᠵᠢᠯᠲᠡ ᠵᠢᠨ ᠲᠤᠭᠤᠷᠢᠨ ᠳ᠋ᠤ ᠨᠠᠮ᠎ᠤᠨ ᠪᠠᠢᠭᠤᠯᠤᠯᠲᠠ᠎ᠶ᠋ᠢ ᠠᠳᠭᠤᠬᠤ᠂ ᠨᠠᠮ᠎ᠤᠨ ᠪᠠᠢᠭᠤᠯᠤᠯᠲᠠ᠎ᠶ᠋ᠢ ᠰᠠᠢᠲᠤᠷ ᠠᠳᠭᠤᠨ ᠬᠥᠭ᠌ᠵᠢᠯᠲᠡ᠎ᠶ᠋ᠢ ᠠᠬᠢᠭᠤᠯᠬᠤ ᠦᠵᠡᠯ ᠰᠠᠨᠠᠭᠠᠨ᠎ᠤ ᠤᠬᠠᠮᠰᠠᠷ᠂ ᠦᠢᠯᠡ ᠠᠵᠢᠯᠯᠠᠭ᠎ᠠ᠎ᠶ᠋ᠢᠨ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠭᠠᠵᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠥᠷᠭᠡᠴᠡ ᠪᠠ ᠭᠦᠨᠴᠡ ᠦᠷᠭᠦᠯᠵᠢᠯᠡᠨ ᠳᠡᠭᠡᠭ᠌ᠰᠢᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠲᠠᠰᠤᠷᠠᠯᠲᠠ ᠦᠭᠡᠢ ᠱᠢᠨ᠎ᠡ ᠠᠬᠢᠴᠠ ᠱᠢᠨ᠎ᠡ ᠱᠢᠪᠲᠤᠯᠤᠯᠲᠠ᠎ᠲᠠᠶ ᠪᠣᠯᠬᠤ᠎ᠶ᠋ᠢ ᠠᠬᠢᠭᠤᠯᠪᠠ᠃
2021 ᠣᠨ᠎ᠳᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠪᠦᠬᠦ᠌ ᠨᠠᠮ᠎ᠤᠨ ᠨᠥᠬᠥᠳ ᠢ᠋ ᠰᠡᠷᠡᠮᠵᠢᠯᠡᠭᠦᠯᠪᠡ —
《ᠮᠠᠨ᠎ᠤ ᠨᠠᠮ ᠵᠠᠭᠤᠨ ᠵᠢᠯ᠎ᠢ ᠥᠩᠭᠡᠷᠡᠭᠡᠵᠦ᠍᠂ ᠭᠡᠷᠡᠯ ᠰᠠᠴᠤᠷᠠᠩᠭᠤᠢ ᠠᠮᠵᠢᠯᠲᠠ᠎ᠶ᠋ᠢ ᠣᠯᠵᠤ᠂ ᠨᠠᠮ᠎ᠤᠨ ᠳᠣᠲᠣᠭᠠᠳᠤ ᠭᠠᠳᠠᠭᠠᠳᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠮᠠᠭ᠍ᠲᠠᠭᠠᠯ ᠰᠠᠢᠱᠢᠶᠠᠯ ᠮᠠᠰᠢ ᠤᠯᠠᠨ ᠪᠤᠢ᠃ ᠡᠢᠮᠦ ᠡᠴᠡ ᠥᠪᠡᠷ ᠪᠡᠶ᠎ᠡ ᠵᠢᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠶ᠋ᠢ ᠤᠯᠠᠮ ᠪᠠᠳᠠᠷᠠᠭᠤᠯᠵᠤ᠂ ᠮᠠᠭ᠍ᠲᠠᠨ ᠰᠠᠢᠱᠢᠶᠠᠬᠤ ᠲᠠᠭᠤᠨ᠎ᠤ ᠳᠤᠮᠳᠠ ᠶᠠᠭᠠᠬᠢᠭ᠍ᠰᠠᠨ ᠴᠤ᠌ ᠠᠯᠮᠠᠢᠷᠠᠨ ᠲᠦᠭᠡᠷᠢᠵᠤ ᠪᠣᠯᠬᠤ ᠦᠭᠡᠢ》᠃
ᠨᠠᠮ᠎ᠤᠨ ᠭᠤᠷᠪᠠᠳᠡᠬᠢ ᠲᠡᠦᠬᠡ᠎ᠶ᠋ᠢᠨ ᠱᠢᠢᠳᠪᠦᠷᠢ ᠨᠢ 《ᠠᠷᠪᠠᠨ ᠪᠠᠷᠢᠮᠳᠠᠯᠠᠯ》 ᠵᠢᠡᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠳ᠋ᠦᠩᠨᠡᠪᠡ᠂ 《ᠥᠪᠡᠷ ᠪᠡᠶ᠎ᠡ ᠵᠢᠨ ᠬᠤᠪᠢᠰᠭᠠᠯ ᠬᠢᠬᠦ᠌᠎ᠶ᠋ᠢ ᠪᠠᠷᠢᠮᠲᠠᠯᠠᠬᠤ》 ᠨᠢ ᠨᠢᠭᠡ ᠪᠠᠷᠢᠮᠳᠠᠯᠠᠯ ᠪᠣᠯᠤᠨ᠎ᠠ᠃
ᠪᠦᠬᠦ᠌ ᠤᠯᠤᠰ᠎ᠤᠨ ᠵᠣᠬᠢᠶᠠᠨ ᠪᠠᠢᠭᠤᠯᠬᠤ ᠠᠵᠢᠯ᠎ᠤᠨ ᠬᠤᠷᠠᠯ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠭᠤᠷᠪᠠᠳᠤᠭᠠᠷ ᠪᠦᠬᠦᠳᠠ ᠬᠤᠷᠠᠯ᠎ᠠᠴᠠ ᠶᠡᠷᠦᠩᠬᠡᠢ ᠱᠦᠵᠢ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶ᠋ᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠥᠪᠡᠷ ᠪᠡᠶ᠎ᠡ ᠵᠢᠨ ᠬᠤᠪᠢᠰᠭᠠᠯ ᠬᠢᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠪᠡ᠃
ᠠᠭᠤᠤ ᠶᠡᠬᠡ ᠨᠡᠢᠭᠡᠮ᠎ᠦᠨ ᠬᠤᠪᠢᠰᠭᠠᠯ ᠠᠭᠤᠤ ᠶᠡᠬᠡ ᠨᠠᠮ᠎ᠢ ᠳᠠᠪᠲᠠᠨ ᠪᠦᠲᠦᠭᠡᠵᠦ᠍᠂ ᠠᠭᠤᠤ ᠶᠡᠬᠡ ᠥᠪᠡᠷ ᠪᠡᠶ᠎ᠠ ᠵᠢᠨ ᠬᠤᠪᠢᠰᠭᠠᠯ ᠠᠭᠤᠤ ᠶᠡᠬᠡ ᠦᠢᠯᠡᠰ᠎ᠢ ᠪᠠᠲᠤᠯᠠᠨ ᠠᠬᠢᠭᠤᠯᠤᠨ᠎ᠠ᠃
ᠮᠠᠨ᠎ᠤ ᠨᠠᠮ ᠢᠮᠠᠭ᠍ᠲᠠ ᠥᠪᠡᠷ ᠪᠡᠶ᠎ᠡ ᠵᠢᠨ ᠬᠤᠪᠢᠰᠭᠠᠯ ᠬᠢᠬᠦ᠌᠎ᠪᠡᠷ ᠨᠡᠢᠭᠡᠮ᠎ᠦᠨ ᠬᠤᠪᠢᠰᠭᠠᠯ᠎ᠢ ᠬᠦᠲᠦᠯᠦᠨ ᠳᠠᠭᠠᠭᠤᠯᠬᠤ ᠳᠡᠭᠡᠳᠦ ᠬᠡᠮᠵᠢᠶᠡᠨ᠎ᠦ ᠤᠬᠠᠮᠰᠠᠷ᠎ᠲᠠᠶ ᠪᠠᠢᠵᠤ᠂ ᠨᠠᠮ᠎ᠤᠨ ᠲᠡᠷᠢᠭᠦᠨ᠎ᠦ ᠴᠢᠨᠠᠷ ᠪᠠ ᠴᠡᠪᠡᠷ ᠴᠢᠨᠠᠷ᠎ᠢ ᠨᠥᠯᠥᠭᠡᠯᠡᠬᠦ᠌ ᠨᠠᠵᠠᠭᠠᠢ ᠬᠦᠴᠦᠨ ᠵᠦᠢᠯ᠎ᠢ ᠲᠠᠰᠤᠷᠠᠯᠲᠠ ᠦᠭᠡᠢ ᠠᠷᠢᠯᠭᠠᠵᠤ᠂ ᠨᠠᠮ᠎ᠤᠨ ᠤᠷᠲᠤ ᠬᠤᠭᠤᠴᠠᠭ᠎ᠠ᠎ᠪᠠᠷ ᠲᠦᠷᠦ᠍ ᠪᠠᠷᠢᠬᠤ ᠤᠳᠤᠷᠢᠳᠭᠤ ᠴᠢᠳᠠᠪᠤᠷᠢ ᠪᠠ ᠳᠦᠷᠢᠮ᠎ᠦᠨ ᠳᠠᠪᠠᠭᠤᠯᠢᠭ᠎ᠢ ᠬᠦᠴᠦᠯᠡᠨ ᠪᠤᠢ ᠪᠣᠯᠭᠠᠵᠤ᠂ ᠳᠤᠮᠳᠠᠳᠤ ᠤᠯᠤᠰ᠎ᠤᠨ ᠠᠵᠤ ᠠᠬᠤᠢ ᠨᠡᠢᠭᠡᠮ᠎ᠦᠨ 《ᠴᠤᠭ ᠵᠢᠪᠬᠤᠭ᠎ᠠ ᠨᠡᠩ ᠲᠡᠭᠦᠯᠳᠡᠷ》᠂ 《ᠳᠦᠷᠢ ᠳᠦᠷᠬᠦ ᠨᠡᠩ ᠰᠠᠢᠬᠠᠨ》᠂ 《ᠠᠮᠢᠵᠢᠷᠠᠯ᠎ᠤᠨ ᠬᠦᠴᠦᠨ ᠨᠡᠩ ᠭᠦᠢᠴᠡᠳ》 ᠴᠢᠭ᠌ᠯᠡᠯ ᠲᠡᠢᠰᠢ ᠶᠡᠬᠡ ᠠᠯᠬᠤᠮ᠎ᠢᠶᠠᠷ ᠤᠷᠤᠭ᠍ᠰᠢᠯᠠᠬᠤ᠎ᠶ᠋ᠢ ᠠᠬᠢᠭᠤᠯᠪᠠ᠃
ᠱᠢᠰᠲ᠋ᠧᠮ᠎ᠲᠡᠶ ᠵᠠᠰᠠᠯᠲᠠ ᠬᠢᠬᠦ᠌᠎ᠶ᠋ᠢ ᠲᠡᠭᠦᠯᠳᠡᠷᠵᠢᠭᠦᠯᠵᠦ᠍ ᠥᠪᠡᠷ ᠪᠡᠶ᠎ᠡ᠎ᠵᠢᠨ ᠬᠤᠪᠢᠰᠭᠠᠯ ᠬᠢᠬᠦ᠌ 《ᠬᠠᠮ ᠠᠷᠭ᠎ᠠ ᠬᠡᠮᠵᠢᠶ᠎ᠠ》 ᠪᠡᠷ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠰᠢ ᠰᠠᠭᠠᠳ᠎ᠢ ᠠᠷᠢᠯᠭᠠᠨ ᠬᠠᠮᠠᠭᠠᠯᠠᠪᠠ
2024 ᠣᠨ᠎ᠤ 《7·1》 ᠡᠴᠡ ᠡᠮᠦᠨᠡᠬᠡᠨ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠤᠪᠴᠢᠶᠠᠨ᠎ᠤ ᠠᠷᠪᠠᠨ ᠲᠠᠪᠤᠳᠤᠭᠠᠷ ᠤᠳᠠᠭ᠎ᠠ᠎ᠶ᠋ᠢᠨ ᠬᠠᠮᠲᠤ᠎ᠶ᠋ᠢᠨ ᠰᠤᠷᠤᠯᠴᠠᠯᠭ᠎ᠠ ᠨᠢ 《ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠢᠰᠲᠸᠮ᠎ᠢ ᠪᠦᠷᠢᠨᠱᠢᠬᠦᠯᠬᠦ᠌》 ᠳ᠋ᠤ ᠠᠩᠬᠠᠷᠤᠯ ᠵᠢᠡᠨ ᠲᠦᠪᠯᠡᠷᠡᠭᠦᠯᠪᠡ᠃
ᠨᠠᠮ᠎ᠤᠨ ᠬᠣᠷᠢᠳᠤᠭᠠᠷ ᠶᠡᠬᠡ ᠬᠤᠷᠠᠯ ᠡᠴᠡ ᠠᠩᠬ᠎ᠠ ᠤᠳᠠᠭ᠎ᠠ ᠡᠨᠡ ᠬᠦ᠌ ᠴᠢᠬᠤᠯᠠ ᠶᠡᠬᠡ ᠠᠷᠭ᠎ᠠ ᠬᠡᠮᠵᠢᠶ᠎ᠠ᠎ᠶ᠋ᠢ ᠳᠤᠷᠠᠳᠤᠭ᠍ᠰᠠᠨ᠎ᠤ ᠲᠠᠷᠠᠭ᠎ᠠ᠂ ᠶᠡᠷᠦᠩᠬᠡᠢ ᠱᠦᠵᠢ ᠰᠢ ᠵᠢᠨ ᠫᠢᠩ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠂ ᠰᠤᠷᠭᠠᠨ ᠬᠥᠮᠦᠵᠢᠯ᠎ᠦᠨ ᠱᠢᠰᠲ᠋ᠧᠮ᠂ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠂ ᠲᠦᠷᠢᠮ᠎ᠦᠨ ᠱᠢᠰᠲ᠋ᠧᠮ᠂ ᠬᠠᠷᠢᠭᠤᠴᠠᠯᠭ᠎ᠠ᠎ᠶ᠋ᠢᠨ ᠱᠢᠰᠲ᠋ᠧᠮ ᠵᠡᠷᠭᠡ ᠲᠠᠪᠤᠨ ᠲᠠᠯ᠎ᠠ ᠡᠴᠡ 《ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠢᠰᠲ᠋ᠧᠮ᠎ᠢ ᠪᠦᠷᠢᠨᠱᠢᠬᠦᠯᠬᠦ᠌》ᠲᠤᠬᠠᠢ ᠭᠦᠨᠵᠡᠭᠡᠢ ᠲᠣᠳᠣᠷᠬᠠᠢᠯᠠᠨ ᠥᠭᠦᠯᠡᠪᠡ᠃
ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ ᠪᠣᠯ ᠨᠢᠭᠡᠨ ᠱᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠪᠦᠬᠦ᠌ ᠲᠠᠯ᠎ᠠ᠎ᠪᠠᠷ ᠱᠢᠰᠲ᠋ᠧᠮ᠎ᠲᠡᠶ ᠪᠠᠢᠷᠢᠱᠢᠭᠤᠯᠵᠤ᠂ ᠬᠠᠮᠵᠢᠯᠴᠠᠨ ᠥᠨᠳᠥᠷ ᠪᠦᠲᠦᠮᠵᠢᠲᠡᠢ᠎ᠪᠡᠷ ᠠᠬᠢᠭᠤᠯᠬᠤ ᠬᠡᠷᠡᠭ᠌ᠲᠡᠢ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠱᠢᠨᠵᠢᠯᠡᠬᠦ᠌ ᠤᠬᠠᠭᠠᠨᠴᠢ ᠣᠪᠣᠷ᠂ ᠱᠢᠰᠲ᠋ᠧᠮᠵᠢᠭ᠌ᠰᠡᠨ ᠠᠷᠭ᠎ᠠ ᠬᠡᠯᠪᠡᠷᠢ᠎ᠪᠡᠷ ᠥᠪᠡᠷ ᠪᠡᠶ᠎ᠡ ᠵᠢᠨ ᠬᠤᠪᠢᠰᠭᠠᠯ ᠬᠢᠬᠦ᠌᠎ᠶ᠋ᠢ ᠠᠬᠢᠭᠤᠯᠵᠤ᠂ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠱᠠᠭᠠᠷᠳᠠᠯᠭ᠎ᠠ᠎ᠶ᠋ᠢ ᠨᠠᠮ᠎ᠤᠨ ᠡᠯ᠎ᠡ ᠵᠦᠶ᠋ᠯ᠎ᠦᠨ ᠪᠠᠢᠭᠤᠯᠤᠯᠲᠠ ᠪᠠ ᠡᠯ᠎ᠡ ᠵᠦᠶ᠋ᠯ᠎ᠦᠨ ᠠᠵᠢᠯ᠎ᠳᠤ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠪᠥᠬᠥ᠌ ᠨᠠᠮ᠎ᠤᠨ ᠬᠠᠭᠤᠴᠢᠨ ᠵᠢᠡᠨ ᠥᠭᠡᠷᠡᠴᠢᠯᠡᠵᠦ᠍ ᠱᠢᠨ᠎ᠡ᠎ᠶ᠋ᠢ ᠪᠠᠢᠭᠤᠯᠬᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠬᠦ᠌ ᠳᠤᠮᠳᠠ ᠲᠣᠰ ᠪᠡᠶ᠎ᠡ᠎ᠶ᠋ᠢᠨ ᠳᠠᠪᠠᠯᠲᠠ᠎ᠪᠠᠨ ᠪᠡᠶᠡᠯᠡᠭᠦᠯᠬᠦ᠌᠎ᠶ᠋ᠢ ᠠᠬᠢᠭᠤᠯᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠠᠮᠢᠵᠢᠷᠠᠯ᠎ᠤᠨ ᠬᠦᠴᠦᠨ ᠨᠡᠮᠡᠷᠢᠯᠡᠪᠡ᠃
ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠣᠭᠤᠯᠬᠤ᠎ᠶ᠋ᠢ ᠪᠠᠷᠢᠮᠲᠠᠯᠠᠵᠤ᠂ ᠥᠪᠡᠷ ᠪᠡᠶ᠎ᠡ ᠵᠢᠨ ᠬᠤᠪᠢᠰᠭᠠᠯ ᠬᠢᠬᠦ᠌ ᠤᠯᠤᠰ ᠲᠥᠷᠥ᠎ᠶ᠋ᠢᠨ ᠦᠨᠳᠦᠰᠦᠨ ᠴᠢᠭ᠌ᠯᠡᠯ᠎ᠢ ᠪᠠᠲᠤ ᠰᠠᠬᠢᠬᠤ ᠬᠡᠷᠡᠭᠳᠠᠢ —
2025 ᠣᠨ᠎ᠤ 2 ᠰᠠᠷ᠎ᠠ᠎ᠶ᠋ᠢᠨ 27 ᠤ᠋ ᠡᠳᠦᠷ᠂ ᠬᠣᠷᠢᠳᠤᠭᠠᠷ ᠬᠤᠭᠤᠴᠠᠭᠠᠨ᠎ᠤ ᠲᠥᠪ᠎ᠦᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠠᠵᠢᠯ᠎ᠤᠨ ᠮᠡᠳᠡᠭᠦᠯᠦᠯᠳᠡ ᠵᠢᠨ ᠪᠥᠬᠥ᠌ ᠠᠭᠤᠯᠭ᠎ᠠ᠎ᠶ᠋ᠢ ᠨᠡᠢᠲᠡᠯᠡᠪᠡ᠃
ᠮᠡᠳᠡᠭᠦᠯᠦᠯᠳᠡ ᠳ᠋ᠤ᠂ ᠡᠨᠡ ᠵᠢᠯ᠎ᠦᠨ ᠭᠣᠣᠯ ᠠᠵᠢᠯ ᠳ᠋ᠤ ᠨᠠᠢ᠍ᠮᠠᠨ ᠲᠠᠯ᠎ᠠ᠎ᠶ᠋ᠢᠨ ᠪᠠᠢᠷᠢᠯᠠᠭᠤᠯᠤᠯᠲᠠ ᠬᠢᠵᠤ᠂ ᠨᠢᠭᠡᠳᠦᠭᠡᠷ ᠵᠤᠷᠪᠤᠰ ᠨᠢ ᠳᠠᠷᠤᠢ 《ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠦᠬᠦᠳᠡ ᠬᠤᠷᠠᠯ᠎ᠤᠨ ᠴᠢᠬᠤᠯᠠ ᠶᠡᠬᠡ ᠪᠠᠢᠷᠢᠯᠠᠭᠤᠯᠤᠯᠲᠠ᠎ᠵᠢᠨ ᠲᠤᠭᠤᠷᠢᠨ ᠳ᠋ᠤ ᠤᠯᠤᠰ ᠲᠦᠷᠦ᠍᠎ᠶ᠋ᠢᠨ ᠬᠢᠨᠠᠯᠲᠠ᠎ᠶ᠋ᠢ ᠴᠢᠩᠭᠠᠳᠭᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠬᠦᠴᠦᠯᠡᠨ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠯᠠᠪᠳᠠᠭᠤᠨ᠎ᠢᠶᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠳᠠᠢ》 ᠭᠡᠪᠡ᠃
ᠭᠠᠭ᠍ᠴᠠ ᠬᠦ᠌ ᠤᠯᠤᠰ ᠲᠦᠷᠦ᠍᠎ᠶ᠋ᠢᠨ ᠲᠠᠯ᠎ᠠ᠎ᠡᠴᠡ ᠠᠰᠠᠭᠤᠳᠠᠯ᠎ᠢ ᠵᠠᠳᠠᠯᠪᠠᠯ ᠰᠠᠶᠢ ᠮᠥᠨ ᠴᠢᠨᠠᠷ᠎ᠢ ᠲᠣᠳᠣᠷᠬᠠᠢ ᠲᠠᠨᠢᠵᠤ ᠴᠢᠳᠠᠨ᠎ᠠ᠂ ᠭᠠᠭ᠍ᠴᠠ ᠬᠦ᠌ ᠤᠯᠤᠰ ᠲᠦᠷᠦ᠍᠎ᠶ᠋ᠢᠨ ᠲᠠᠯ᠎ᠠ᠎ᠡᠴᠡ ᠠᠰᠠᠭᠤᠳᠠᠯ᠎ᠢ ᠱᠢᠢᠳᠪᠦᠷᠢᠯᠡᠪᠡᠯ ᠰᠠᠶᠢ ᠦᠨᠳᠦᠰᠦ᠎ᠶ᠋ᠢ ᠨᠢ ᠠᠳᠭᠤᠵᠤ ᠴᠢᠳᠠᠨ᠎ᠠ᠃ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠨᠠᠷ ᠰᠠᠢᠲᠠᠢ ᠰᠠᠢᠲᠤᠷ ᠠᠳᠭᠤᠪᠠᠯ ᠰᠠᠶᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠵᠤ᠂ ᠨᠠᠮ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠤᠯᠤᠰ ᠲᠦᠷᠦ᠍᠎ᠶ᠋ᠢᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ ᠴᠢᠳᠠᠨ᠎ᠠ᠃
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠨ ᠬᠦᠴᠦᠷᠬᠡᠭ᠌ᠵᠢᠬᠦ᠌᠎ᠶ᠋ᠢ ᠠᠬᠢᠭᠤᠯᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠭ᠍ᠰᠠᠨ ᠴᠤ᠌ ᠲᠡᠷᠡ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠶ᠋ᠢ ᠬᠤᠪᠢᠷᠠᠭᠤᠯᠬᠤ᠎ᠶ᠋ᠢ ᠲᠦᠷᠭᠡᠳᠭᠡᠨ ᠪᠡᠶᠡᠯᠡᠭᠦᠯᠦᠭ᠌ᠰᠡᠨ ᠴᠦ᠍ ᠲᠡᠷᠡ᠂ ᠨᠠᠮ᠎ᠤᠨ ᠲᠥᠪ ᠬᠣᠷᠢᠶ᠎ᠠ ᠢᠮᠠᠭ᠍ᠲᠠ ᠤᠯᠤᠰ ᠲᠥᠷᠥ᠎ᠶ᠋ᠢᠨ ᠪᠠᠢᠭᠤᠯᠤᠯᠲᠠ᠎ᠶ᠋ᠢ ᠲᠣᠪᠣᠢᠮ᠎ᠠ ᠪᠠᠢᠷᠢᠨ᠎ᠳᠤ ᠲᠠᠯᠪᠢᠵᠤ᠂ ᠴᠠᠭ ᠲᠤᠬᠠᠶ᠎ᠳᠤᠨᠢ ᠤᠯᠤᠰ ᠲᠥᠷᠥ᠎ᠶ᠋ᠢᠨ ᠠᠰᠠᠭᠤᠳᠠᠯ᠎ᠢ ᠢᠯᠡᠷᠡᠭᠦᠯᠵᠦ᠍᠂ ᠤᠯᠤᠰ ᠲᠥᠷᠥ᠎ᠶ᠋ᠢᠨ ᠵᠥᠷᠢᠶ᠎ᠡ᠎ᠶ᠋ᠢ ᠵᠠᠯᠠᠷᠠᠭᠤᠯᠵᠤ᠂ ᠤᠯᠤᠰ ᠲᠥᠷᠥ᠎ᠶ᠋ᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠵᠦ᠍᠂ ᠠᠵᠢᠯ᠎ᠤᠨ ᠤᠷᠢᠳᠴᠢᠯᠠᠨ ᠮᠡᠳᠡᠬᠦ᠌ ᠴᠢᠨᠠᠷ ᠪᠠ ᠰᠠᠨᠠᠭᠠᠴᠢᠯᠠᠭᠠᠲᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃
ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠴᠢᠳᠠᠪᠬᠢ ᠪᠣᠯᠤᠨ ᠵᠣᠬᠢᠶᠠᠨ ᠪᠠᠢᠭᠤᠯᠤᠯᠲᠠ᠎ᠶ᠋ᠢᠨ ᠴᠢᠳᠠᠪᠬᠢ᠎ᠶ᠋ᠢ ᠴᠢᠩᠭᠠᠳᠭᠠᠬᠤ᠎ᠶ᠋ᠢ ᠪᠠᠷᠢᠮᠲᠠᠯᠠᠵᠤ᠂ ᠵᠣᠷᠢᠭ᠍ᠲᠠᠢ ᠪᠥᠭᠡᠳ ᠴᠢᠳᠠᠮᠠᠭᠠᠢ᠎ᠪᠠᠷ ᠲᠡᠮᠡᠴᠡᠬᠦ᠌᠂ ᠵᠣᠷᠢᠭ᠍ᠲᠠᠢ᠎ᠪᠠᠷ ᠥᠪᠡᠷ ᠪᠡᠶ᠎ᠡ᠎ᠶᠢᠨ ᠬᠤᠪᠢᠰᠭᠠᠯ ᠬᠢᠬᠦ᠌ ᠺᠠᠳ᠋ᠷ᠎ᠤᠨ ᠡᠩᠨᠡᠭᠡ᠎ᠶ᠋ᠢ ᠳᠠᠪᠲᠠᠨ ᠪᠣᠯᠪᠠᠰᠤᠷᠠᠭᠤᠯᠪᠠ —
2021 ᠣᠨ᠎ᠤ 9 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠱᠠᠨᠰᠢ᠎ᠶ᠋ᠢᠨ ᠲᠡᠮᠡᠭᠡᠲᠦ᠎ᠳᠦ ᠱᠢᠨᠵᠢᠯᠡᠨ ᠪᠠᠢᠴᠠᠭᠠᠬᠤ᠎ᠳᠠᠭᠠᠨ ᠰᠦᠢ ᠳ᠋ᠸ ᠱᠢᠶᠠᠨ᠎ᠤ ᠬᠤᠤ ᠵᠢᠶᠠ ᠴᠢᠶᠣᠤ ᠲᠣᠰᠭᠣᠨ᠎ᠳᠤ ᠬᠦᠷᠪᠡ᠃ 6 ᠰᠠᠷ᠎ᠠ ᠭᠠᠷᠤᠢ᠎ᠶ᠋ᠢᠨ ᠡᠮᠦᠨ᠎ᠡ᠂ ᠬᠤᠤ ᠵᠢᠶᠠ ᠴᠢᠶᠣᠤ ᠲᠣᠰᠭᠣᠨ 《ᠪᠦᠬᠦ᠌ ᠤᠯᠤᠰ᠎ᠤᠨ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠵᠢᠱ᠌ᠢᠶᠡᠴᠢ》 ᠵᠢᠨ ᠢᠷᠠᠭᠤ ᠠᠯᠳᠠᠷ᠎ᠤᠨ ᠴᠣᠯᠠ᠎ᠶ᠋ᠢ ᠬᠦᠷᠳᠡᠪᠡ᠃
ᠬᠤᠤ ᠵᠢᠶᠠ ᠴᠢᠶᠣᠤ ᠲᠣᠰᠭᠣᠨ᠎ᠳᠤ᠂ ᠶᠡᠷᠦᠩᠬᠡᠢ ᠱᠦᠵᠢ ᠰᠢ ᠵᠢᠨ ᠫᠢᠩ 3 ᠵᠤᠷᠪᠤᠰ ᠨᠠᠮ᠎ᠤᠨ ᠪᠠᠢᠭᠤᠯᠤᠯᠲᠠ᠎ᠶ᠋ᠢᠨ ᠲᠤᠷᠱᠢᠯᠭ᠎ᠠ᠎ᠶ᠋ᠢ ᠵᠢᠭᠠᠵᠤ ᠭᠠᠷᠭᠠᠪᠠ᠂ ᠡᠭᠦᠨ᠎ᠳᠦ ᠨᠢᠭᠡ ᠵᠤᠷᠪᠤᠰ ᠨᠢ ᠳᠠᠷᠤᠢ 《ᠨᠠᠮ᠎ᠤᠨ ᠡᠭᠦᠷ᠎ᠢ ᠰᠠᠢᠲᠤᠷ ᠪᠠᠢᠭᠤᠯᠵᠤ᠂ ᠰᠠᠢ᠌ᠨ ᠲᠠᠭᠠᠭᠤᠯᠤᠭ᠍ᠴᠢ᠎ᠶ᠋ᠢ ᠰᠣᠩᠭᠣᠵᠤ᠂ ᠤᠯᠠᠨ ᠲᠦᠮᠡᠨᠴᠢ ᠱᠤᠭᠤᠮ᠎ᠢᠶᠠᠷ ᠶᠠᠪᠤᠵᠤ᠂ ᠤᠯᠠᠨ ᠲᠦᠮᠡᠨ᠎ᠦ ᠢᠳᠡᠪᠬᠢᠵᠢᠯ᠎ᠢ ᠲᠠᠢ᠌ᠴᠢᠯᠠᠵᠤ᠂ ᠤᠬᠠᠮᠰᠠᠷ᠎ᠢ ᠳᠡᠭᠡᠭ᠌ᠰᠢᠯᠡᠭᠦᠯᠵᠦ᠍᠂ ᠲᠠᠨᠢᠯᠲᠠ᠎ᠶ᠋ᠢ ᠳᠡᠭᠡᠭ᠌ᠰᠢᠯᠡᠭᠦᠯᠵᠦ᠍᠂ ᠠᠵᠢᠯ ᠦᠢᠯᠡᠰ᠎ᠢ ᠬᠠᠮᠲᠤ᠎ᠪᠠᠷ ᠰᠠᠢᠲᠤᠷ ᠬᠢᠬᠦ᠌ ᠬᠡᠷᠡᠭ᠌ᠲᠡᠢ》᠃
ᠨᠠᠮ᠎ᠤᠨ ᠬᠦᠴᠦᠨ ᠵᠣᠬᠢᠶᠠᠨ ᠪᠠᠢᠭᠤᠯᠤᠯᠲᠠ᠎ᠡᠴᠡ ᠢᠷᠡᠳᠡᠭ᠃
ᠲᠠᠪᠤᠨ ᠵᠢᠯ᠎ᠦᠨ ᠲᠤᠷᠰᠢ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠭᠠᠵᠠᠷ ᠬᠥᠳᠡᠯᠦᠯᠲᠡ᠎ᠲᠡᠶ ᠲᠡᠮᠡᠴᠡᠵᠦ᠍ ᠭᠠᠮᠱᠢᠭ᠎ᠡᠴᠡ ᠠᠪᠤᠷᠠᠬᠤ᠂ ᠦᠶᠡᠷ᠎ᠲᠡᠶ ᠲᠡᠮᠡᠴᠡᠵᠦ᠍ ᠠᠶᠤᠯ᠎ᠡᠴᠡ ᠠᠪᠤᠷᠠᠬᠤ ᠵᠡᠷᠭᠡ ᠶᠡᠬᠡ ᠳᠠᠢᠯᠠᠯᠳᠤᠭᠠᠨ ᠶᠡᠬᠡ ᠱᠢᠯᠭᠠᠯᠲᠠ᠎ᠳᠤ᠂ ᠥᠷᠭᠡᠨ ᠤᠯᠠᠨ ᠨᠠᠮ᠎ᠤᠨ ᠭᠡᠱᠢᠭᠦᠨ᠂ ᠺᠠᠳ᠋ᠷ ᠬᠠᠲᠠᠭᠤᠵᠢᠨ ᠪᠣᠯᠪᠠᠰᠤᠷᠠᠵᠤ᠂ ᠱᠢᠯᠭᠠᠯᠲᠠ᠎ᠶ᠋ᠢ ᠳᠠᠭᠠᠭᠠᠵᠤ᠂ ᠬᠣᠱᠢᠭᠤᠴᠢ ᠵᠢᠱ᠌ᠢᠶᠡᠴᠢ ᠬᠦᠴᠦᠨ᠎ᠢᠶᠡᠨ ᠲᠥᠪᠯᠡᠷᠡᠭᠦᠯᠦᠨ ᠢᠯᠡᠷᠡᠭᠦᠯᠵᠦ᠍᠂ ᠥᠷᠭᠡᠨ ᠤᠯᠠᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠦᠬᠦ᠌ ᠲᠠᠯ᠎ᠠ᠎ᠪᠠᠷ ᠲᠠᠪᠱᠢᠵᠤ᠂ ᠪᠦᠬᠦ᠌ ᠲᠠᠯ᠎ᠠ᠎ᠪᠠᠷ ᠴᠢᠩᠭᠠᠷᠠᠵᠤ᠂ ᠲᠠᠢ᠌ᠴᠢᠨ ᠪᠡᠬᠢᠯᠡᠯᠲᠡ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠲᠠᠰᠤᠷᠠᠯᠳᠠ ᠦᠭᠡᠢ ᠨᠡᠭᠡᠭᠡᠪᠡ᠃
ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶ᠋ᠢ ᠪᠠᠷᠢᠮᠲᠠᠯᠠᠵᠤ᠂ ᠬᠤᠪᠢᠰᠭᠠᠯᠲᠤ ᠴᠢᠨᠠᠷᠲᠠᠢ ᠳᠠᠪᠲᠠᠯᠲᠠ᠎ᠶ᠋ᠢᠨ ᠳᠤᠮᠳᠠ ᠰᠤᠷᠲᠠᠯ ᠴᠢᠬᠡᠴᠢ ᠣᠪᠣᠷ ᠲᠥᠪ ᠬᠥᠭ᠌ᠵᠢᠯᠲᠡ᠎ᠶ᠋ᠢᠨ ᠵᠠᠮ᠎ᠢ ᠥᠷᠭᠡᠳᠭᠡᠪᠡ —
ᠤᠯᠤᠰ ᠲᠥᠷᠥ᠎ᠶ᠋ᠢᠨ ᠠᠰᠠᠭᠤᠳᠠᠯ ᠪᠠ ᠠᠵᠤ ᠠᠬᠤᠢ᠎ᠶ᠋ᠢᠨ ᠠᠰᠠᠭᠤᠳᠠᠯ ᠰᠣᠯᠪᠢᠴᠠᠭ᠍ᠰᠠᠨ ᠢᠯᠵᠢᠷᠠᠯ᠎ᠢ ᠡᠷᠡᠰ ᠪᠠᠢᠴᠠᠭᠠᠨ ᠱᠢᠢᠳᠪᠦᠷᠢᠯᠡᠵᠦ᠍᠂ ᠵᠠᠰᠠᠭ᠎ᠤᠨ ᠤᠷᠳᠤᠨ ᠪᠠ ᠬᠤᠳᠠᠯᠳᠤᠭᠠᠨ᠎ᠤ ᠬᠤᠭᠤᠷᠤᠨᠳᠤ ᠰᠦᠯᠪᠡᠭᠡᠯᠡᠬᠦ᠂ ᠬᠥᠷᠥᠨᠭ᠌ᠭᠡᠶ᠋ᠢ ᠤᠯᠤᠰ ᠲᠥᠷᠥ᠎ᠶ᠋ᠢᠨ ᠬᠦᠷᠢᠶᠡᠨ᠎ᠳᠦ ᠨᠡᠪᠴᠢᠭᠦᠯᠬᠦ᠌᠎ᠶ᠋ᠢ ᠴᠢᠩᠭ᠎ᠠ ᠰᠡᠷᠭᠡᠢᠯᠡᠵᠦ᠍᠂ ᠮᠥᠩᠭᠥᠨ ᠭᠦᠢᠯᠭᠡᠭᠡ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠂ ᠰᠤᠷᠭᠠᠨ ᠬᠥᠮᠦᠵᠢᠯ ᠵᠡᠷᠭᠡ ᠡᠷᠬᠡ ᠲᠥᠪᠯᠡᠷᠡᠭ᠌ᠰᠡᠨ᠂ ᠪᠡᠯᠡ ᠮᠥᠩᠭᠥ᠌ ᠨᠢᠭ᠍ᠲᠠᠷᠠᠭ᠍ᠰᠠᠨ᠂ ᠡᠬᠢ ᠪᠠᠶᠠᠯᠢᠭ ᠡᠯᠪᠡᠭ ᠬᠤᠷᠠᠭ᠍ᠰᠠᠨ ᠨᠢᠭᠡ ᠪᠦᠯᠦᠭ ᠬᠦᠷᠢᠶᠡᠨ᠎ᠳᠡᠬᠢ《ᠪᠠᠷᠰ》 ᠢ ᠵᠠᠯᠭᠠᠭ᠎ᠠ᠎ᠪᠠᠷ ᠲᠤᠰᠢᠶᠠᠯ ᠡᠴᠡ ᠨᠢ ᠤᠭᠴᠤᠷᠠᠭᠤᠯᠵᠤ ᠰᠢᠢᠳᠭᠡᠪᠡ;
ᠰᠠᠬᠢᠯᠭ᠎ᠠ ᠪᠠᠲᠤ᠎ᠶ᠋ᠢᠨ ᠬᠢᠵᠠᠭᠠᠷᠯᠠᠯ᠎ᠢ ᠦᠷᠭᠦᠯᠵᠢᠯᠡᠨ ᠴᠢᠩᠭᠠᠳᠭᠠᠵᠤ᠂ ᠰᠡᠷᠡᠮᠵᠢᠯᠡᠭᠦᠯᠬᠦ᠌ ᠬᠥᠮᠦᠵᠢᠯ᠎ᠢ ᠴᠢᠩᠭᠠᠳᠭᠠᠵᠤ᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶ᠋ᠢᠨ ᠱᠢᠢᠳᠭᠡᠯ ᠥᠭ᠌ᠬᠦ ᠲᠦᠷᠢᠮ》᠎ᠳ᠋ᠤ ᠵᠠᠰᠠᠪᠤᠷᠢ ᠣᠷᠣᠭᠤᠯᠵᠤ᠂ ᠪᠠᠲᠤ ᠴᠢᠩᠭ᠎ᠠ ᠰᠠᠬᠢᠯᠭ᠎ᠠ ᠪᠠᠲᠤ᠎ᠪᠠᠷ ᠡᠷᠴᠢ ᠵᠣᠷᠢᠭ᠎ᠢᠶᠠᠨ ᠨᠢᠭ᠍ᠲᠠᠷᠠᠭᠤᠯᠵᠤ᠂ ᠰᠤᠷᠲᠠᠯ᠎ᠢᠶᠠᠨ ᠪᠣᠯᠪᠠᠰᠤᠷᠠᠭᠤᠯᠵᠤ᠂ ᠡᠩᠨᠡᠭᠡ᠎ᠪᠡᠨ ᠳᠠᠪᠲᠠᠨ ᠪᠣᠯᠪᠠᠰᠤᠷᠠᠭᠤᠯᠪᠠ;
ᠬᠡᠯᠪᠡᠷᠢᠴᠢ ᠦᠵᠡᠯ᠎ᠦᠨ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠵᠦ᠍ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠨᠠᠮ᠎ᠤᠨ ᠰᠤᠷᠲᠠᠯ᠎ᠤᠨ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌᠂ ᠱᠢᠨ᠎ᠡ ᠴᠠᠭ ᠦᠶ᠎ᠡ᠎ᠶ᠋ᠢᠨ ᠨᠠᠮ᠎ᠤᠨ ᠥᠪᠡᠷ ᠪᠡᠶ᠎ᠡ᠎ᠶᠢᠨ ᠬᠤᠪᠢᠰᠭᠠᠯ ᠬᠢᠬᠦ᠌᠎ᠶ᠋ᠢ ᠠᠬᠢᠭᠤᠯᠬᠤ ᠴᠢᠬᠤᠯᠠ ᠭᠠᠷᠳᠡᠴᠡ ᠪᠣᠯᠭᠠᠵᠤ᠂ ᠦᠨᠳᠦᠰᠦᠨ ᠱᠠᠲᠤᠨ᠎ᠤ ᠵᠠᠰᠠᠯᠲᠠ᠎ᠳᠤ ᠣᠷᠣᠱᠢᠵᠤ ᠪᠠᠢᠭ᠎ᠠ《ᠴᠢᠳᠠᠯ᠎ᠡᠴᠡ ᠨᠢ ᠠᠬᠠᠲᠠᠭᠤᠯᠬᠤ》 ᠠᠰᠠᠭᠤᠳᠠᠯ᠎ᠢ ᠱᠢᠶ᠋ᠳᠪᠦᠷᠢᠯᠡᠪᠡ ᠁
《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠨᠠᠮ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌ ᠲᠠᠯ᠎ᠠ᠎ᠪᠠᠷ ᠦᠨᠡᠨ ᠬᠦ᠌ ᠬᠦᠴᠦ᠍ ᠣᠷᠣᠭᠤᠯᠵᠤ᠂ ᠪᠣᠳᠠᠲᠤ ᠦᠷ᠎ᠡ ᠪᠦᠲᠦᠮᠵᠢ ᠣᠯᠵᠤ᠂ ᠨᠠᠩ ᠢᠳᠡᠪᠬᠢᠲᠡᠶ ᠡᠷᠡᠭᠦᠯ ᠤᠯᠤᠰ ᠲᠥᠷᠥ᠎ᠶ᠋ᠢᠨ ᠠᠮᠢ ᠠᠬᠤᠶ᠂ ᠨᠠᠩ ᠲᠥᠪ ᠭᠤᠤᠯᠴᠢ ᠡᠮᠬᠢ ᠵᠢᠷᠤᠮ᠎ᠲᠠᠶ ᠬᠥᠭ᠌ᠵᠢᠯᠲᠡ᠎ᠶ᠋ᠢᠨ ᠣᠷᠴᠢᠨ ᠲᠣᠭᠣᠷᠢᠨ᠎ᠢ ᠪᠣᠶ ᠪᠣᠯᠭᠠᠬᠤ᠎ᠶ᠋ᠢ ᠠᠬᠢᠭᠤᠯᠪᠠ᠃
ᠤᠭ ᠦᠨᠳᠦᠰᠦ᠎ᠶ᠋ᠢ ᠨᠢ ᠪᠡᠬᠢᠵᠢᠭᠦᠯᠦᠨ ᠬᠦᠮᠦᠵᠢᠭᠦᠯᠵᠦ᠂ ᠮᠠᠭᠤ᠎ᠶ᠋ᠢ ᠨᠢ ᠦᠯᠳᠡᠨ ᠰᠠᠢᠨ᠎ᠢ ᠨᠢ ᠪᠠᠳᠠᠷᠠᠭᠤᠯᠵᠤ᠂ ᠶᠤᠰᠤ ᠳᠦᠷᠢᠮ ᠲᠣᠭ᠍ᠲᠠᠭᠠᠪᠠ᠃
ᠱᠢᠰᠲ᠋ᠧᠮᠲᠦ ᠰᠡᠳᠭᠢᠬᠦᠢ᠎ᠶ᠋ᠢ ᠪᠠᠷᠢᠮᠲᠠᠯᠠᠵᠤ᠂ ᠥᠪᠡᠷ᠎ᠢ᠎ᠪᠡᠨ ᠴᠡᠪᠡᠷᠱᠢᠭᠦᠯᠬᠦ᠌᠎ᠪᠡᠷ ᠥᠪᠡᠷ᠎ᠦᠨ ᠪᠡᠶ᠎ᠡ᠎ᠶ᠋ᠢᠨ ᠬᠣᠣᠷᠲᠤ ᠬᠠᠪᠤᠳᠠᠷ᠎ᠢᠶᠠᠨ ᠠᠷᠢᠯᠭᠠᠵᠤ᠂ ᠥᠪᠡᠷ᠎ᠢ᠎ᠪᠡᠨ ᠲᠡᠭᠦᠯᠳᠡᠷᠵᠢᠭᠦᠯᠬᠦ᠌᠎ᠪᠡᠷ ᠪᠦᠬᠦᠯᠢ ᠴᠣᠭ᠍ᠴᠠ᠎ᠶ᠋ᠢᠨ ᠲᠦᠷᠢ ᠲᠥᠷᠬᠦ᠌᠎ᠪᠡᠨ ᠳᠡᠭᠡᠭ᠌ᠰᠢᠯᠡᠭᠦᠯᠵᠦ᠍᠂ ᠥᠪᠡᠷ᠎ᠢ᠎ᠪᠡᠨ ᠱᠢᠨᠡᠴᠢᠯᠡᠬᠦ᠌᠎ᠪᠡᠷ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠪᠣᠢᠵᠢᠭᠤᠯᠵᠤ᠂ ᠥᠪᠡᠷ᠎ᠢ᠎ᠪᠡᠨ ᠳᠡᠭᠡᠭ᠌ᠰᠢᠯᠡᠭᠦᠯᠬᠦ᠌᠎ᠪᠡᠷ ᠬᠠᠷᠢᠭᠤᠴᠠᠯᠭ᠎ᠠ ᠡᠭᠦᠷᠭᠡᠯᠡᠬᠦ᠌ ᠴᠢᠳᠠᠪᠤᠷᠢ᠎ᠪᠠᠨ ᠴᠢᠩᠭᠠᠳᠭᠠᠪᠠᠯ ᠰᠠᠶ᠍ᠢ ᠡᠷᠡᠭᠦᠯ ᠲᠣᠭ᠍ᠲᠠᠭᠤᠨ ᠠᠵᠤ ᠠᠬᠤᠢ᠎ᠶ᠋ᠢᠨ ᠣᠷᠴᠢᠨ ᠲᠣᠭᠣᠷᠢᠨ᠂ ᠲᠦᠪᠱᠢᠨ ᠠᠮᠤᠭᠤᠯᠠᠩ ᠨᠡᠢᠭᠡᠮ᠎ᠦᠨ ᠣᠷᠴᠢᠨ ᠲᠣᠭᠣᠷᠢᠨ᠎ᠢ ᠨᠡᠩ ᠰᠠᠢᠲᠤᠷ ᠬᠠᠮᠠᠭᠠᠯᠠᠵᠤ ᠴᠢᠳᠠᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ᠃
ᠴᠤᠴᠠᠯᠲᠠ ᠦᠭᠡᠢ ᠴᠢᠷᠮᠠᠢᠵᠤ ᠨᠠᠮ᠎ᠤᠨ ᠥᠪᠡᠷ᠎ᠪᠡᠶ᠎ᠡ᠎ᠶᠢᠨ ᠬᠤᠪᠢᠰᠭᠠᠯ ᠬᠢᠬᠦ᠌᠎ᠪᠡᠷ ᠴᠠᠭ ᠦᠶ᠎ᠡ ᠪᠣᠯᠤᠨ ᠠᠷᠠᠳ ᠲᠦᠮᠡᠨ᠎ᠳᠦ ᠦᠯᠦ᠍ ᠣᠰᠣᠯᠳᠠᠬᠤ ᠱᠢᠨ᠎ᠡ ᠠᠮᠵᠢᠯᠲᠠ ᠪᠦᠲᠦᠮᠵᠢ᠎ᠶ᠋ᠢ ᠡᠭᠦᠳᠦᠨ᠎ᠡ
ᠨᠠᠮ᠎ᠤᠨ ᠤᠳᠤᠷᠢᠳᠤᠭ᠍ᠰᠠᠨ ᠨᠡᠢᠭᠡᠮ᠎ᠦᠨ ᠬᠤᠪᠢᠰᠭᠠᠯ ᠱᠢᠨ᠎ᠡ ᠠᠶᠠᠨ᠎ᠳᠠᠭᠠᠨ ᠣᠷᠣᠵᠤ᠂ ᠨᠠᠮ᠎ᠤᠨ ᠥᠪᠡᠷ᠎ᠪᠡᠶ᠎ᠡ᠎ᠶᠢᠨ ᠬᠤᠪᠢᠰᠭᠠᠯ ᠬᠢᠬᠦ᠌᠎ᠳᠦ ᠡᠷᠬᠡᠪᠰᠢ ᠱᠢᠨ᠎ᠡ ᠳᠦᠷᠰᠦ ᠪᠠᠢᠳᠠᠯ ᠢᠯᠡᠷᠡᠬᠦ᠌ ᠬᠡᠷᠡᠭ᠌ᠲᠡᠢ᠃
ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠪᠠᠢᠳᠠᠯ᠎ᠤᠨ ᠡᠮᠦᠨ᠎ᠡ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ᠎ᠶ᠋ᠢᠨ ᠡᠮᠦᠨ᠎ᠡ᠂ ᠠᠷᠠᠳ ᠤᠯᠠᠨ᠎ᠤ ᠱᠢᠨ᠎ᠡ ᠬᠦᠰᠡᠯ ᠡᠷᠡᠮᠡᠯᠵᠡᠯ᠎ᠦᠨ ᠡᠮᠦᠨ᠎ᠡ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠱᠢᠨ᠎ᠡ ᠠᠭᠤᠤ ᠶᠡᠬᠡ ᠢᠨᠵᠧᠨᠧᠷᠢᠩ᠎ᠢ ᠴᠥᠬᠥᠷᠡᠰᠢ ᠦᠭᠡᠢ ᠠᠬᠢᠭᠤᠯᠵᠤ᠂ ᠨᠠᠮ᠎ᠢᠶᠠᠨ ᠨᠡᠩ ᠪᠠᠲᠤ ᠴᠢᠩᠭ᠎ᠠ ᠬᠦᠴᠦᠨ᠎ᠲᠡᠶ᠂ ᠨᠡᠩ ᠠᠮᠢᠵᠢᠷᠠᠯ᠎ᠤᠨ ᠬᠦᠴᠦᠨ᠎ᠲᠡᠶ ᠪᠣᠯᠭᠠᠨ ᠪᠠᠢᠭᠤᠯᠬᠤ᠎ᠪᠠᠷ ᠬᠦᠴᠦᠯᠡᠨ ᠴᠢᠷᠮᠠᠢᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠱᠢᠨ᠎ᠡ ᠦᠷ᠎ᠡ ᠪᠦᠲᠦᠮᠵᠢ᠎ᠪᠡᠷ ᠪᠦᠬᠦ᠌ ᠲᠠᠯ᠎ᠠ᠎ᠶ᠋ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠱᠢᠨ᠎ᠡ ᠪᠠᠢᠳᠠᠯ᠎ᠢ ᠡᠭᠦᠳᠬᠦ᠌ ᠬᠡᠷᠡᠭ᠌ᠲᠡᠢ᠃
ᠱᠢᠨ᠎ᠡ ᠭᠠᠷᠤᠭ᠎ᠠ᠎ᠳᠤ᠂ ᠳᠡᠭᠡᠷ᠎ᠡ ᠱᠠᠲᠤ ᠨᠢ ᠳᠤᠤᠷ᠎ᠠ ᠱᠠᠲᠤ᠎ᠪᠠᠨ ᠳᠠᠭᠠᠭᠤᠯᠬᠤ᠎ᠶ᠋ᠢ ᠪᠠᠷᠢᠮᠲᠠᠯᠠᠵᠤ᠂ ᠬᠠᠷᠢᠭᠤᠴᠠᠯᠭᠠᠲᠤ ᠤᠬᠠᠮᠰᠠᠷ᠎ᠢᠶᠠᠨ ᠴᠢᠩᠭᠠᠳᠭᠠᠬᠤ ᠬᠡᠷᠡᠭ᠌ᠲᠡᠶ —
ᠭᠠᠭ᠍ᠴᠠ ᠬᠦ᠌ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠢ᠋ ᠬᠠᠮᠢᠶᠠᠷᠴᠤ᠌ ᠴᠢᠳᠠᠪᠠᠯ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠰᠠᠶᠢ ᠰᠦᠷᠳᠡᠭᠦᠯᠬᠦ᠌ ᠬᠦᠴᠦᠨ ᠪᠠ ᠢᠲᠡᠭᠡᠭᠦᠯᠬᠦ᠌ ᠬᠦᠴᠦᠨ᠎ᠲᠡᠶ ᠪᠤᠯᠵᠤ ᠴᠢᠳᠠᠨ᠎ᠠ; ᠭᠠᠭ᠍ᠴᠠ ᠬᠦ᠌ 《ᠵᠣᠩᠬᠢᠯᠠᠬᠤ ᠤᠯᠠᠨ ᠲᠣᠭᠠᠲᠠᠨ》 ᠢ᠋ ᠬᠠᠮᠢᠶᠠᠷᠴᠤ᠌ ᠴᠢᠳᠠᠪᠠᠯ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠰᠠᠶᠢ ᠰᠠᠢ᠌ᠨ ᠰᠠᠢᠬᠠᠨ ᠠᠭᠤᠷ ᠠᠮᠢᠰᠭᠤᠯ ᠪᠠ ᠣᠷᠴᠢᠨ ᠨᠥᠬᠥᠴᠡᠯ᠎ᠢ ᠪᠠᠲᠤᠯᠠᠵᠤ ᠴᠢᠳᠠᠨ᠎ᠠ; ᠭᠠᠭ᠍ᠴᠠ ᠬᠦ᠌ 《ᠵᠠᠩᠭᠢᠯᠠᠭ᠎ᠠ᠎ᠶ᠋ᠢᠨ ᠴᠥᠭᠡᠨ ᠲᠣᠭᠠᠲᠠᠨ》 ᠢ᠋ ᠠᠳᠭᠤᠬᠤ ᠪᠠ 《ᠵᠣᠩᠬᠢᠯᠠᠬᠤ ᠤᠯᠠᠨ ᠲᠣᠭᠠᠲᠠᠨ》 ᠢ᠋ ᠬᠠᠮᠢᠶᠠᠷᠬᠤ᠎ᠶ᠋ᠢ ᠨᠢᠭᠡᠳᠭᠡᠬᠦ᠌᠎ᠶ᠋ᠢ ᠪᠠᠷᠢᠮᠲᠠᠯᠠᠪᠠᠯ ᠰᠠᠶᠢ ᠨᠠᠮ᠎ᠢ ᠬᠠᠮᠢᠶᠠᠷᠬᠤ ᠨᠠᠮ᠎ᠢ ᠵᠠᠰᠠᠬᠤ ᠢᠳᠡᠪᠬᠢ ᠬᠦᠴᠦᠨ᠎ᠢᠶᠡᠷ ᠪᠦᠬᠦ᠌ ᠨᠡᠢᠭᠡᠮ᠎ᠦᠨ ᠥᠭᠡᠷᠡᠴᠢᠯᠡᠯᠲᠡ ᠬᠥᠭ᠌ᠵᠢᠯᠲᠡ᠎ᠶ᠋ᠢᠨ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ ᠴᠢᠳᠠᠨ᠎ᠠ᠃
ᠱᠢᠨ᠎ᠡ ᠭᠠᠷᠤᠭ᠎ᠠ᠎ᠳᠤ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠵᠤ᠂ ᠵᠣᠷᠢᠭ᠍ᠲᠠᠢ᠎ᠪᠠᠷ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠌ ᠬᠡᠷᠡᠭ᠌ᠲᠡᠢ —
《ᠠᠰᠠᠭᠤᠳᠠᠯ᠎ᠢ ᠡᠷᠢᠵᠦ ᠵᠠᠯᠠᠷᠠᠭᠤᠯᠬᠤ᠎ᠳᠠᠭᠠᠨ ᠦᠨᠡᠨ ᠪᠠᠢᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠦᠨᠡᠨ ᠪᠣᠳᠠᠲᠠᠶ ᠪᠠᠢᠯᠭᠠᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ》᠃ 2025 ᠣᠨ᠎ᠤ 7 ᠰᠠᠷ᠎ᠠ᠎ᠶ᠋ᠢᠨ 8 ᠤ᠋ ᠡᠳᠦᠷ᠂ ᠱᠠᠨ ᠰᠢ ᠮᠤᠵᠢ᠎ᠶ᠋ᠢᠨ ᠨᠠᠮ᠎ᠤᠨ ᠬᠣᠷᠢᠶ᠎ᠠ ᠪᠠ ᠮᠤᠵᠢ᠎ᠶ᠋ᠢᠨ ᠵᠠᠰᠠᠭ᠎ᠤᠨ ᠣᠷᠳᠣᠨ᠎ᠤ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠭᠤ ᠦᠶ᠎ᠡ᠎ᠳᠦ ᠶᠡᠷᠦᠩᠬᠡᠶ ᠱᠦᠵᠢ ᠰᠢ ᠵᠢᠨ ᠫᠢᠩ ᠲᠠᠷᠠᠭᠠᠴᠢ᠎ᠶ᠋ᠢᠨ ᠠᠯᠬᠤᠮ᠎ᠤᠨ ᠠᠵᠢᠯ᠎ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃
ᠠᠰᠠᠭᠤᠳᠠᠯ ᠪᠣᠯ ᠴᠠᠭ ᠦᠶ᠎ᠡ᠎ᠶ᠋ᠢᠨ ᠲᠠᠭᠤᠨ ᠮᠥᠨ᠃ 《ᠠᠰᠠᠭᠤᠳᠠᠯ᠎ᠳᠤ ᠱᠢᠭᠤᠳ ᠬᠠᠨᠳᠤᠬᠤ ᠪᠣᠯ ᠰᠥᠰᠥ᠍ ᠵᠣᠷᠢᠭ ᠮᠥᠨ᠂ ᠠᠰᠠᠭᠤᠳᠠᠯ᠎ᠢ ᠱᠢᠢᠳᠪᠦᠷᠢᠯᠡᠬᠦ᠌ ᠪᠣᠯ ᠬᠢᠷᠢ ᠲᠦᠪᠱᠢᠨ ᠮᠥᠨ》᠃
《ᠠᠷᠪᠠᠨ ᠲᠠᠪᠤᠳᠤᠭᠠᠷ ᠲᠠᠪᠤᠨ ᠵᠢᠯ》᠎ᠤᠨ ᠲᠦᠯᠦᠪᠵᠢᠭᠦᠯᠭᠡ ᠵᠢᠨ ᠬᠤᠭᠤᠴᠠᠭᠠᠨ᠎ᠳᠤ ᠲᠤᠯᠭᠠᠷᠠᠵᠤ ᠪᠠᠢᠭ᠎ᠠ ᠱᠢᠨ᠎ᠡ ᠪᠠᠢᠳᠠᠯ ᠱᠢᠨ᠎ᠡ ᠬᠤᠪᠢᠷᠠᠯᠲᠠ᠎ᠶ᠋ᠢ ᠭᠦᠨᠵᠡᠭᠡᠶ ᠡᠵᠡᠮᠳᠡᠵᠦ᠍᠂ ᠬᠥᠭ᠌ᠵᠢᠯᠲᠡ ᠲᠡᠩᠴᠡᠭᠦᠷᠢ ᠥᠬᠡᠶ ᠭᠦᠶ᠋ᠴᠡᠳ ᠥᠬᠡᠶ ᠲᠣᠪᠣᠢᠮ᠎ᠠ ᠵᠥᠷᠢᠴᠡᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠶᠡᠬᠡᠪᠡᠷ ᠠᠬᠢᠭᠤᠯᠵᠤ᠂ ᠠᠵᠢᠯ᠎ᠤᠨ ᠰᠡᠳᠭᠢᠮᠵᠢ᠂ ᠠᠷᠭ᠎ᠠ ᠬᠡᠯᠪᠡᠷᠢ᠂ ᠠᠷᠭ᠎ᠠ ᠬᠡᠮᠵᠢᠶ᠎ᠡ᠎ᠨᠢ ᠱᠢᠨ᠎ᠡ ᠬᠥᠭ᠌ᠵᠢᠯᠲᠡ᠎ᠶ᠋ᠢᠨ ᠱᠠᠲᠤ ᠦᠶ᠎ᠡ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠤᠨ ᠱᠠᠭᠠᠷᠳᠠᠯᠭ᠎ᠠ᠎ᠳᠤ ᠥᠯᠥ᠍ ᠵᠣᠬᠢᠴᠠᠬᠤ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠴᠢᠨᠠᠷ ᠰᠠᠢᠲᠠᠶ ᠨᠠᠮ᠎ᠤᠨ ᠪᠠᠢᠭᠤᠯᠤᠯᠲᠠ᠎ᠪᠠᠷ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠳᠠᠬᠢᠨ ᠱᠢᠨ᠎ᠡ ᠳᠡᠭ᠌ᠲᠡᠷ᠎ᠲᠦ ᠭᠠᠷᠬᠤ᠎ᠶ᠋ᠢ ᠠᠬᠢᠭᠤᠯᠬᠤ ᠬᠡᠷᠡᠭ᠌ᠲᠡᠶ᠃
ᠺᠠᠳ᠋ᠷ᠎ᠤᠨ 《ᠠᠵᠢᠯᠯᠠᠬᠤ》 ᠶ᠋ᠢ ᠲᠡᠷᠢᠭᠦᠨ᠎ᠳᠦ ᠲᠠᠯᠪᠢᠬᠤ ᠬᠡᠷᠡᠭ᠌ᠲᠡᠶ᠃
ᠪᠦᠬᠦ᠌ ᠨᠠᠮ᠎ᠢᠶᠠᠷ᠎ᠢᠶᠠᠨ ᠥᠭᠡᠷᠡᠴᠢᠯᠡᠯᠲᠡ᠎ᠶ᠋ᠢᠨ ᠠᠬᠢᠭᠤᠯᠤᠭ᠍ᠴᠢ ᠪᠣᠯᠬᠤ ᠮᠥᠷᠲᠡᠭᠡᠨ ᠪᠠᠰᠠ ᠥᠭᠡᠷᠡᠴᠢᠯᠡᠯᠲᠡ᠎ᠶ᠋ᠢᠨ ᠪᠣᠳᠠᠲᠠᠢ ᠠᠵᠢᠯᠯᠠᠭ᠍ᠴᠢ ᠪᠤᠯᠵᠤ᠂ ᠪᠠᠢᠴᠠᠭᠠᠨ ᠰᠤᠳᠤᠯᠤᠯᠲᠠ᠎ᠶ᠋ᠢ ᠥᠷᠭᠡᠨ ᠭᠦᠨᠵᠡᠭᠡᠢ ᠥᠷᠨᠢᠭᠦᠯᠵᠦ᠍᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠶ᠋ᠢ ᠪᠠᠷᠢᠮᠲᠠᠯᠠᠵᠤ᠂ ᠭᠤᠢᠪᠢᠰᠢ ᠦᠭᠡᠢ ᠵᠤᠷᠢᠭ᠎ᠢᠶᠡᠷ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠢ᠃
ᠱᠢᠨ᠎ᠡ ᠭᠠᠷᠤᠭ᠎ᠠ᠎ᠳᠤ᠂ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠲᠤ ᠴᠡᠭᠡᠵᠢᠯᠡᠬᠦ᠌ ᠬᠡᠷᠡᠭ᠌ᠲᠡᠢ —
ᠵᠢᠶᠠᠩᠰᠢ ᠮᠤᠵᠢ᠎ᠶ᠋ᠢᠨ ᠵᠶ᠋ᠢ ᠠᠨ ᠬᠤᠳᠠ᠎ᠶ᠋ᠢᠨ ᠥᠷᠨᠢᠩᠭᠦᠢ ᠬᠥᠭ᠌ᠵᠢᠵᠦ᠍ ᠪᠠᠢᠭ᠎ᠠ ᠲᠣᠭᠠᠴᠢᠯᠠᠭ᠍ᠰᠠᠨ ᠠᠵᠤ ᠠᠬᠤᠢ ᠨᠢ ᠬᠤᠪᠢᠰᠭᠠᠯ᠎ᠤᠨ ᠡᠷᠲᠡ ᠴᠢᠯᠥᠭᠡᠯᠡᠭ᠌ᠳᠡᠭ᠌ᠰᠡᠨ ᠣᠷᠣᠨ᠎ᠤ ᠠᠵᠤ ᠦᠢᠯᠡᠳᠪᠦᠷᠢ᠎ᠶ᠋ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍ ᠪᠠᠢᠨ᠎ᠠ᠃
ᠨᠠᠮ ᠪᠠᠲᠤ ᠴᠢᠩᠭ᠎ᠠ ᠬᠦᠴᠦᠨ᠎ᠲᠡᠶ ᠪᠠᠢᠵᠤ᠂ ᠨᠠᠮ ᠪᠣᠯᠤᠨ ᠠᠷᠠᠳ ᠤᠯᠠᠨ ᠴᠢᠰᠤ ᠮᠢᠬᠠᠨ᠎ᠤ ᠪᠠᠷᠢᠯᠳᠤᠯᠭ᠎ᠠ᠎ᠲᠠᠶ ᠪᠠᠢᠪᠠᠯ᠂ ᠤᠯᠤᠰ ᠣᠷᠣᠨ ᠳᠠᠷᠤᠢ ᠴᠡᠴᠡᠭ᠌ᠯᠡᠨ ᠬᠥᠭ᠌ᠵᠢᠵᠦ᠍ ᠲᠣᠭ᠍ᠲᠠᠭᠤᠨ ᠪᠠᠢᠵᠤ᠂ ᠠᠷᠠᠳ ᠲᠦᠮᠡᠨ ᠳᠠᠷᠤᠢ ᠵᠣᠯ ᠵᠢᠷᠭᠠᠯ᠎ᠲᠠᠶ ᠠᠮᠤᠷ ᠠᠮᠤᠭᠤᠯᠠᠩ ᠪᠠᠢᠵᠤ ᠴᠢᠳᠠᠨ᠎ᠠ᠃
ᠥᠨᠥᠳᠦᠷ᠂ 《ᠢᠮᠠᠭ᠍ᠲᠠ ᠴᠠᠭ ᠦᠶ᠎ᠡ᠎ᠶ᠋ᠢᠨ ᠡᠮᠦᠨ᠎ᠡ ᠡᠩᠨᠡᠭᠡᠨ᠎ᠳᠦ ᠬᠣᠱᠢᠭᠤᠷᠠᠵᠤ᠂ ᠠᠷᠠᠳ ᠲᠦᠮᠡᠨ ᠴᠢᠩ ᠰᠡᠳᠭᠢᠯ᠎ᠡᠴᠡ᠎ᠪᠡᠨ ᠬᠦᠷᠢᠶᠡᠯᠡᠵᠦ᠍᠂ ᠵᠣᠷᠢᠭ᠍ᠲᠠᠢ᠎ᠪᠠᠷ ᠥᠪᠡᠷ ᠪᠡᠶ᠎ᠡ᠎ᠶᠢᠨ ᠬᠤᠪᠢᠰᠭᠠᠯ ᠬᠢᠵᠦ᠍᠂ ᠡᠯ᠎ᠡ ᠵᠦᠢᠯ᠎ᠦᠨ ᠰᠠᠯᠬᠢ ᠳᠠᠪᠠᠯᠭᠠᠨ᠎ᠤ ᠱᠢᠯᠭᠠᠯᠲᠠ᠎ᠶ᠋ᠢ ᠳᠠᠭᠠᠭᠠᠵᠤ ᠳᠡᠢᠯᠬᠦ᠌᠂ ᠴᠤᠭ ᠪᠠᠳᠠᠷᠠᠩᠭᠤᠢ ᠮᠠᠷᠺᠰ᠎ᠤᠨ ᠦᠵᠡᠯ᠎ᠦᠨ ᠲᠦᠷᠦ᠍ ᠪᠠᠷᠢᠭ᠍ᠴᠢ ᠨᠠᠮ》 ᠪᠣᠯᠬᠤ᠎ᠪᠠᠷ ᠵᠣᠷᠢᠭ ᠱᠢᠭᠤᠳᠤᠭᠰᠠᠨ ᠨᠠᠮ᠂ ᠲᠦᠭ ᠲᠦᠮᠡᠨ ᠳᠤᠮᠳᠠᠳᠤ᠎ᠶ᠋ᠢᠨ ᠬᠥᠪᠡᠭᠦᠳ ᠥᠬᠢᠳ᠎ᠢᠶᠡᠨ ᠳᠠᠭᠠᠭᠤᠯᠤᠨ ᠰᠡᠷᠭᠦᠨ ᠮᠠᠨᠳᠤᠯᠲᠠ᠎ᠶ᠋ᠢᠨ ᠵᠠᠮ ᠳᠡᠭᠡᠷ᠎ᠡ ᠡᠷᠡᠰ ᠪᠠᠲᠤ ᠤᠷᠤᠭ᠍ᠰᠢᠯᠠᠵᠤ ᠪᠠᠢᠨ᠎ᠠ᠃
ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠡᠶ ᠪᠦᠯᠬᠦᠮᠳᠡᠵᠦ᠍᠂ ᠢᠳᠡᠪᠬᠢ ᠬᠦᠴᠦᠨ ᠵᠦᠢᠯ ᠪᠦᠬᠦᠨ᠎ᠢ ᠲᠠᠢ᠌ᠴᠢᠯᠠᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠢᠯᠡᠰ᠎ᠢ ᠲᠠᠰᠤᠷᠠᠯᠲᠠ ᠦᠭᠡᠢ ᠠᠬᠢᠭᠤᠯᠬᠤ ᠨᠢ ᠯᠠᠪᠲᠠᠢ ᠶᠤᠮ᠃
(ᠰᠤᠷᠪᠤᠯᠵᠢᠯᠠᠭ᠍ᠴᠢ ᠲᠢᠩ ᠱᠢᠶᠤᠤ ᠰᠢ ᠰᠦᠨ ᠱᠤᠤ ᠯᠦᠩ ᠹᠠᠨ ᠰᠧ ᠱᠢᠶᠠᠩ ᠸᠠᠩ ᠮᠢᠩ ᠢᠦᠢ)
(ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠬᠢᠯᠭᠠᠨ ᠮᠡᠳᠡᠭᠡ)