《ᠤᠮᠠᠷᠠᠲᠤ ᠬᠢᠯᠢ᠎ᠶ᠋ᠢᠨ ᠰᠣᠶᠣᠯ᠎ᠢ ᠪᠠᠳᠠᠷᠠᠭᠤᠯᠵᠤ᠂ ᠳᠤᠮᠳᠠᠳᠤ᠎ᠶ᠋ᠢᠨ ᠰᠣᠶᠣᠯ᠎ᠤᠨ ᠤᠳᠤᠮᠰᠢᠯ᠎ᠢ ᠵᠠᠯᠭᠠᠮᠵᠢᠯᠠᠬᠤ》 ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ ᠶᠠᠪᠤᠬᠳᠠᠪᠠ
2025-10-30 16:35:55
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠡᠷᠡᠭᠦᠯ ᠬᠠᠮᠠᠭᠠᠯᠠᠯ ᠪᠡᠶ᠎ᠡ᠎ᠶ᠋ᠢᠨ ᠲᠠᠮᠢᠷ᠎ᠤᠨ ᠵᠥᠪᠯᠡᠯ᠂ ᠨᠠᠷᠢᠨ ᠪᠢᠴᠢᠭ᠎ᠦᠨ ᠭᠠᠵᠠᠷ᠎ᠤᠨ ᠨᠠᠮ᠎ᠤᠨ ᠡᠭᠦᠷ ᠪᠣᠯᠤᠨ ᠬᠥᠬᠡᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠡᠷᠡᠭᠦᠯ ᠬᠠᠮᠠᠭᠠᠯᠠᠯ ᠪᠡᠶ᠎ᠡ᠎ᠶ᠋ᠢᠨ ᠲᠠᠮᠢᠷ᠎ᠤᠨ ᠵᠥᠪᠯᠡᠯ᠎ᠦᠨ ᠨᠠᠮ᠎ᠤᠨ ᠡᠭᠦᠷ ᠡᠴᠡ ᠳ᠋ᠠ ᠶᠣᠣ ᠪᠠᠭᠤᠷᠢ᠎ᠶ᠋ᠢᠨ ᠦᠵᠡᠭᠦᠯᠭᠡ᠎ᠶ᠋ᠢᠨ ᠣᠷᠳᠣᠨ᠎ᠳᠤ ᠬᠦᠷᠴᠦ᠍ 《ᠤᠮᠠᠷᠠᠲᠤ ᠬᠢᠯᠢ᠎ᠶ᠋ᠢᠨ ᠰᠣᠶᠣᠯ᠎ᠢ ᠪᠠᠳᠠᠷᠠᠭᠤᠯᠵᠤ᠂ ᠳᠤᠮᠳᠠᠳᠤ᠎ᠶ᠋ᠢᠨ ᠰᠣᠶᠣᠯ᠎ᠤᠨ ᠤᠳᠤᠮᠰᠢᠯ᠎ᠢ ᠵᠠᠯᠭᠠᠮᠵᠢᠯᠠᠬᠤ》 ᠭᠤᠤᠯ ᠰᠡᠳᠦᠪᠲᠦ ᠨᠠᠮ᠎ᠤᠨ ᠡᠳᠦᠷ᠎ᠦᠨ ᠠᠵᠢᠯᠯᠠᠭ᠎ᠠ᠎ᠶ᠋ᠢ ᠬᠠᠮᠲᠤ᠎ᠪᠠᠷ ᠥᠷᠨᠢᠭᠦᠯᠪᠡ᠃ 

ᠠᠵᠢᠯᠯᠠᠭ᠎ᠠ᠎ᠳᠤ ᠤᠷᠤᠯᠴᠠᠬᠰᠠᠨ ᠪᠦᠬᠦ᠌ ᠨᠠᠮ᠎ᠤᠨ ᠭᠡᠱᠢᠭᠦᠨ ᠺᠠᠳ᠋ᠷ ᠡᠴᠡ ᠳ᠋ᠠ ᠶᠣᠣ ᠪᠠᠭᠤᠷᠢ᠎ᠶ᠋ᠢᠨ ᠦᠵᠡᠭᠦᠯᠭᠡ᠎ᠶ᠋ᠢᠨ ᠣᠷᠳᠣᠨ ᠳ᠋ᠡᠬᠢ ᠲᠤᠰᠭᠠᠢ ᠰᠡᠳᠦᠪᠲᠦ ᠦᠵᠡᠭᠦᠯᠭᠡ᠎ᠶ᠋ᠢ ᠲᠣᠭᠣᠷᠢᠨ ᠦᠵᠡᠬᠦ᠌᠎ᠶ᠋ᠢᠨ ᠬᠠᠮᠲᠤ ᠳ᠋ᠠ ᠶᠣᠣ ᠪᠠᠭᠤᠷᠢ᠎ᠵᠢᠨ ᠰᠧ ᠳ᠋ᠤᠤ ᠭᠸᠤ ᠵᠢᠨ ᠬᠠᠭᠤᠴᠢ ᠰᠤᠳᠤᠯᠤᠯ᠎ᠤᠨ ᠨᠡᠭᠡᠭᠡᠨ ᠮᠠᠯᠲᠠᠬᠤ ᠲᠤᠬᠠᠢ᠎ᠶ᠋ᠢᠨ ᠲᠠᠯᠠᠪᠠᠢ᠎ᠶ᠋ᠢ ᠲᠤᠬᠠᠢ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠵᠤ᠂ ᠦᠵᠡᠭᠦᠯᠭᠡ᠎ᠶ᠋ᠢᠨ ᠪᠣᠳᠠᠰ᠎ᠢ ᠰᠣᠨᠢᠷᠬᠠᠬᠤ ᠪᠠ ᠲᠠᠢᠯᠪᠤᠷᠢᠯᠠᠬᠤ᠎ᠶ᠋ᠢ ᠰᠣᠨᠣᠰᠭᠤ᠎ᠪᠠᠷ ᠳᠠᠮᠵᠢᠨ᠂ ᠤᠷᠢᠳᠤᠰ᠎ᠤᠨ ᠣᠷᠣᠱᠢᠨ ᠲᠣᠭ᠍ᠲᠠᠨᠢᠬᠤ ᠤᠶᠤᠨ ᠤᠬᠠᠭᠠᠨ᠂ ᠰᠣᠶᠣᠯ᠎ᠤᠨ ᠤᠯᠠᠮᠵᠢᠯᠠᠯ ᠪᠠ ᠤᠶᠤᠨ ᠰᠠᠨᠠᠭᠠᠨ᠎ᠤ ᠠᠭᠤᠯᠤᠭ᠍ᠳᠠᠬᠤᠨ᠎ᠢ ᠱᠢᠭᠤᠳ ᠣᠢᠯᠠᠭᠠᠵᠤ᠂ ᠳᠤᠮᠳᠠᠳᠤ᠎ᠶ᠋ᠢᠨ ᠪᠣᠯᠪᠠᠰᠤᠨ᠎ᠤ ᠤᠮᠠᠷᠠᠲᠤ᠎ᠶ᠋ᠢᠨ ᠡᠬᠡ ᠭᠠᠵᠠᠷ᠎ᠲᠠᠬᠢ ᠥᠨᠢ ᠤᠳᠠᠭᠠᠨ ᠡᠬᠢ ᠰᠤᠷᠪᠤᠯᠵᠢ᠎ᠶ᠋ᠢ ᠭᠦᠨᠵᠡᠭᠡᠢ ᠲᠠᠨᠢᠪᠠ᠃ ᠤᠯᠠᠨ᠎ᠢᠶᠠᠷ᠎ᠢᠶᠠᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠯᠢᠪᠠ ᠠᠵᠢᠯ᠎ᠤᠨ᠎ᠢᠶᠠᠨ ᠭᠣᠣᠯ ᠱᠢᠵᠢᠮ ᠪᠣᠯᠭᠠᠵᠤ᠂ ᠪᠣᠯᠪᠠᠰᠤᠨ᠎ᠤ ᠤᠯᠠᠮᠵᠢᠯᠠᠯ ᠳᠤᠮᠳᠠ᠎ᠠᠴᠠ ᠤᠶᠤᠨ ᠰᠠᠨᠠᠭᠠᠨ᠎ᠤ ᠬᠦᠴᠦᠨ ᠴᠢᠳᠠᠯ᠎ᠢ ᠰᠢᠩᠭᠡᠭᠡᠨ ᠠᠪᠴᠦ᠂ ᠤᠮᠠᠷᠠᠲᠤ ᠬᠢᠯᠢ᠎ᠶ᠋ᠢᠨ ᠰᠣᠶᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠤᠯᠤᠰ ᠲᠦᠷᠦ᠍᠎ᠶ᠋ᠢᠨ ᠵᠥᠪᠯᠡᠯᠭᠡᠨ᠎ᠦ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号