ᠣᠢᠷ᠎ᠠ ᠵᠢᠨ ᠵᠢᠯ ᠡᠴᠡ ᠨᠡᠭᠠᠰᠢ᠂ ᠬᠥᠬᠡᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯ 《ᠠᠷᠠᠳ ᠲᠦᠮᠡᠨ ᠤ᠋ ᠡᠷᠡᠭᠦᠯ ᠮᠡᠨᠳᠤ ᠪᠡᠷ ᠭᠤᠤᠯ ᠪᠣᠯᠭᠠᠬᠤ 》 ᠶ᠋ᠢ ᠪᠠᠷᠢᠮᠲᠠᠯᠠᠵᠤ᠂ ᠭᠡᠷ ᠪᠦᠯᠢ ᠵᠢᠨ ᠡᠮᠴᠢ ᠵᠢᠨ ᠵᠦᠪᠯᠡᠯᠴᠡᠭᠡᠷ ᠲᠣᠭᠲᠠᠬᠤ ᠦᠢᠯᠡᠴᠢᠯᠡᠭᠡ ᠵᠢ ᠪᠣᠳᠠᠲᠠᠢ ᠳ᠋ᠤ᠌ ᠨᠠᠢᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠵᠤ ᠪᠤᠢ᠃
ᠲᠠᠨᠢᠯᠴᠠᠭᠤᠯᠤᠭᠰᠠᠨ ᠵᠢᠠᠷ᠂ ᠭᠡᠷ ᠪᠦᠯᠢ ᠵᠢᠨ ᠡᠮᠴᠢ ᠵᠢᠨ ᠡᠩᠨᠡᠭᠡ ᠵᠢᠨ ᠪᠠᠢᠭᠤᠯᠤᠯᠲᠠ ᠵᠢ ᠴᠢᠩᠭᠠᠳᠬᠠᠬᠤ ᠵᠢᠨ ᠲᠥᠯᠥᠭᠡ᠂ ᠬᠥᠬᠡᠬᠣᠲᠠ ᠵᠢᠨ ᠬᠢᠨ《ᠰᠠᠭᠤᠷᠢ ᠵᠢ ᠬᠦᠴᠦᠷᠬᠡᠭᠵᠢᠭᠦᠯᠬᠦ ᠠᠵᠢᠯᠯᠠᠭ᠎ᠠ》 ᠶ᠋ᠢ ᠬᠡᠷᠡᠭᠵᠢᠭᠦᠯᠬᠦ ᠪᠡᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ᠋ ᠡᠮ ᠡᠮᠨᠡᠯᠭᠡ ᠡᠷᠡᠭᠦᠯ ᠬᠠᠮᠠᠭᠠᠯᠠᠯ ᠤ᠋ᠨ ᠪᠠᠢᠭᠤᠯᠤᠮᠵᠢ ᠳ᠋ᠤ᠌ ᠲᠦᠰᠢᠭᠯᠡᠨ ᠵᠦᠪᠯᠡᠯᠴᠡᠭᠡᠷ ᠲᠣᠭᠲᠠᠬᠤ ᠦᠢᠯᠡᠴᠢᠯᠡᠭᠡ ᠥᠷᠨᠢᠭᠦᠯᠵᠦ᠂ 《ᠰᠢᠶᠠᠨ ᠡᠴᠡ ᠬᠠᠮᠢᠶᠠᠷᠤᠨ ᠰᠢᠶᠠᠩ ᠳ᠋ᠤ ᠬᠡᠷᠡᠭᠯᠡᠬᠦ》᠂ 《ᠰᠢᠶᠠᠩ ᠡᠴᠡ ᠡᠯᠰᠡᠨ ᠲᠣᠰᠬᠣᠨ ᠳ᠋ᠤ ᠬᠡᠷᠡᠭᠯᠡᠬᠦ》 ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠠᠵᠢᠯ ᠲᠥᠷᠥᠯ ᠵᠢᠡᠷ ᠲᠤᠰᠠᠯᠠᠬᠤ᠂ ᠴᠢᠳᠠᠪᠤᠷᠢᠲᠠᠨ ᠢ᠋ ᠳᠣᠷᠣᠭᠰᠢ ᠪᠠᠭᠤᠯᠭᠠᠬᠤ᠂ ᠣᠯᠠᠨ ᠭᠠᠵᠠᠷ ᠠᠵᠢᠯ ᠡᠷᠬᠢᠯᠡᠬᠦ᠂ ᠲᠣᠰᠬᠣᠨ ᠤ᠋ ᠣᠶᠤᠲᠠᠨ ᠡᠮᠴᠢ ᠡᠯᠰᠡᠬᠦ ᠵᠡᠷᠭᠡ ᠣᠯᠠᠨ ᠵᠦᠢᠯ ᠤ᠋ᠨ ᠠᠷᠭ᠎ᠠ ᠬᠡᠯᠪᠡᠷᠢ ᠪᠡᠷ ᠦᠨᠳᠦᠰᠦᠨ ᠱᠠᠲᠤᠨ ᠤ᠋ ᠴᠢᠳᠠᠪᠤᠷᠢᠲᠠᠨ ᠤ᠋ ᠡᠩᠨᠡᠭᠡ ᠵᠢᠨ ᠪᠠᠢᠭᠤᠯᠤᠯᠲᠠ ᠵᠢ ᠠᠬᠢᠭᠤᠯᠵᠤ᠂ ᠭᠡᠷ ᠪᠦᠯᠢ ᠵᠢᠨ ᠡᠮᠴᠢ ᠵᠢᠨ ᠡᠩᠨᠡᠭᠡ ᠵᠢᠨ ᠬᠦᠴᠦᠨ ᠢ᠋ ᠲᠡᠭᠦᠯᠳᠡᠷᠵᠢᠭᠦᠯᠪᠡ᠃ ᠣᠳᠣᠬᠠᠨ ᠪᠣᠯᠲᠠᠯ᠎ᠠ᠂ ᠬᠥᠬᠡᠬᠣᠲᠠᠵᠢᠨ ᠬᠢᠨ ᠨᠡᠢᠲᠡ 958 ᠭᠡᠷ ᠪᠦᠯᠢ ᠵᠢᠨ ᠡᠮᠴᠢ ᠵᠢᠨ ᠪᠦᠯᠬᠦᠮ᠂ 3071 ᠭᠡᠷ ᠪᠦᠯᠢ ᠵᠢᠨ ᠡᠮᠴᠢ ᠵᠢ ᠵᠣᠬᠢᠶᠠᠨ ᠪᠠᠢᠭᠤᠯᠵᠤ᠂ 《ᠪᠦᠷᠢᠨ ᠰᠠᠯᠠᠭ᠎ᠠ ᠵᠢ ᠪᠦᠷᠬᠦᠭᠦᠯᠬᠦ᠂ ᠲᠤᠰᠬᠠᠢ ᠰᠠᠯᠠᠭ᠎ᠠ ᠪᠡᠷ ᠬᠠᠮᠵᠢᠯᠴᠠᠬᠤ》 ᠦᠢᠯᠡᠴᠢᠯᠡᠭᠡᠨ ᠤ᠋ ᠬᠡᠪ ᠵᠠᠭᠪᠤᠷ ᠢ᠋ ᠪᠦᠷᠢᠯᠳᠦᠭᠦᠯᠵᠦ᠂ ᠤᠳᠠᠭᠠᠨ ᠴᠢᠨᠠᠷᠲᠠᠢ ᠡᠪᠡᠳᠴᠢᠨ ᠤ᠋ ᠬᠠᠮᠢᠶᠠᠷᠤᠯᠲᠠ᠂ ᠡᠮ ᠡᠮᠨᠡᠯᠭᠡ ᠵᠢᠨ ᠦᠨᠳᠦᠰᠦᠨ ᠦᠢᠯᠡᠴᠢᠯᠡᠭᠡ ᠳ᠋ᠦ᠍ ᠲᠤᠰᠬᠠᠢ ᠮᠡᠷᠭᠡᠵᠢᠯ ᠤ᠋ᠨ ᠪᠠᠲᠤᠯᠠᠭ᠎ᠠ ᠬᠠᠩᠭᠠᠵᠠᠢ᠃ ᠣᠳᠣᠬᠠᠨ ᠳ᠋ᠤ᠌᠂ ᠪᠦᠬᠦ ᠬᠣᠲᠠ ᠵᠢᠨ ᠵᠦᠪᠯᠡᠯᠴᠡᠭᠡᠷ ᠲᠣᠭᠲᠠᠭᠰᠠᠨ ᠰᠠᠭᠤᠭᠠᠯᠢ ᠠᠷᠠᠳ 213.3 ᠲᠦᠮᠡᠨ ᠬᠥᠮᠦᠨ ᠳ᠋ᠤ ᠬᠦᠷᠴᠦ᠂ ᠵᠦᠪᠯᠡᠯᠴᠡᠭᠡᠷ ᠲᠣᠭᠲᠠᠭᠰᠠᠨ ᠨᠣᠷᠮ᠎ᠠ 60.1% ᠳ᠋ᠦ᠍ ᠬᠦᠷᠴᠠᠢ᠃
ᠣᠢᠯᠠᠭᠠᠭᠰᠠᠨ ᠵᠢᠠᠷ᠂ ᠬᠥᠬᠡᠬᠣᠲᠠᠵᠢᠨ ᠬᠢᠨ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠠᠩᠬᠠᠳᠠᠭᠴᠢ ᠭᠦᠨᠴᠡ ᠠᠭᠤᠰᠤᠯᠴᠠᠭᠰᠠᠨ PC ᠦᠵᠦᠭᠦᠷᠯᠢᠭ ᠪᠣᠯᠤᠨ ᠰᠢᠯᠵᠢᠮᠡᠯ ᠦᠵᠦᠭᠦᠷᠯᠢᠭ ᠤ᠋ᠨ ᠭᠡᠷ ᠪᠦᠯᠢ ᠵᠢᠨ ᠡᠮᠴᠢ ᠵᠢᠨ ᠵᠦᠪᠯᠡᠯᠴᠡᠭᠡᠷ ᠲᠣᠭᠲᠠᠭᠰᠠᠨ ᠦᠢᠯᠡᠴᠢᠯᠡᠭᠡ ᠵᠢᠨ ᠳᠤᠭᠠᠴᠢᠯᠠᠭᠰᠠᠨ ᠲᠠᠪᠴᠠᠩ ᠢ᠋ ᠰᠢᠨ᠎ᠡ ᠪᠡᠷ ᠡᠭᠦᠳᠴᠦ᠂ ᠲᠣᠭᠠᠴᠢᠯᠠᠭᠰᠠᠨ ᠠᠷᠭ᠎ᠠ ᠪᠠᠷ ᠭᠡᠷ ᠪᠦᠯᠢ ᠵᠢᠨ ᠡᠮᠴᠢ ᠵᠢᠨ ᠦᠢᠯᠡᠴᠢᠯᠡᠭᠡ ᠵᠢᠨ ᠴᠢᠨᠠᠷ ᠴᠢᠨᠰᠠᠭ᠎ᠠ ᠦᠷ᠎ᠡ ᠠᠰᠢᠭ ᠢ᠋ ᠳᠡᠭᠡᠭᠰᠢᠯᠡᠭᠦᠯᠵᠦ ᠪᠣᠢ᠃ ᠡᠭᠦᠨ ᠤ᠋ ᠬᠠᠮᠲᠤ ᠬᠥᠬᠡᠬᠣᠲᠠ ᠪᠠᠰᠠ ᠭᠡᠷ ᠪᠦᠯᠢ ᠵᠢᠨ ᠡᠮᠴᠢ ᠵᠢᠨ ᠵᠦᠪᠯᠡᠯᠴᠡᠭᠡᠷ ᠲᠣᠭᠲᠠᠬᠤ ᠦᠢᠯᠡᠴᠢᠯᠡᠭᠡᠨ ᠤ᠋ ᠠᠭᠤᠯᠭ᠎ᠠ ᠵᠢᠨ ᠦᠨᠳᠦᠰᠦᠨ ᠲᠥᠷᠥᠯ ᠵᠦᠢᠯ ᠤ᠋ᠨ ᠯᠠᠪᠯᠠᠯᠲᠠ ᠵᠢᠨ ᠨᠠᠷᠢᠨ ᠬᠠᠭᠤᠳᠠᠰᠤ ᠵᠢ ᠲᠣᠭᠲᠠᠭᠠᠵᠤ᠂ 11 ᠵᠦᠢᠯ ᠤ᠋ᠨ ᠰᠠᠭᠤᠷᠢ ᠦᠢᠯᠡᠴᠢᠯᠡᠭᠡ ᠵᠢᠨ ᠰᠠᠭᠤᠷᠢᠨ ᠳᠡᠭᠡᠷ᠎ᠡ ᠠᠳᠠᠯᠢ ᠪᠤᠰᠤ ᠬᠥᠮᠦᠰ ᠤ᠋ᠨ ᠡᠷᠡᠭᠦᠯ ᠮᠡᠨᠳᠦ ᠵᠢᠨ ᠬᠡᠷᠡᠭᠴᠡᠭᠡ ᠱᠠᠭᠠᠷᠳᠠᠯᠭ᠎ᠠ ᠳ᠋ᠤ᠌ ᠴᠢᠭᠯᠡᠭᠦᠯᠦᠨ ᠥᠪᠡᠷᠮᠢᠴᠡ ᠣᠨᠴᠠᠯᠢᠭᠲᠤ ᠦᠢᠯᠡᠴᠢᠯᠡᠭᠡ ᠬᠠᠩᠭᠠᠭᠰᠠᠨ ᠪᠠᠢᠨ᠎ᠠ᠃
ᠦᠢᠯᠡᠴᠢᠯᠡᠭᠡᠨ ᠤ᠋ ᠶᠠᠰᠤ ᠴᠢᠨᠠᠷ ᠢ᠋ ᠪᠠᠲᠤᠯᠠᠬᠤ ᠵᠢᠨ ᠲᠥᠯᠥᠭᠡ᠂ ᠬᠥᠬᠡᠬᠣᠲᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯᠤᠨ ᠬᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠲᠡᠢ ᠬᠠᠮᠲᠤᠷᠠᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠭᠡᠷ ᠪᠦᠯᠢ ᠵᠢᠨ ᠡᠮᠴᠢ ᠵᠢᠨ ᠵᠦᠪᠯᠡᠯᠴᠡᠭᠡᠷ ᠲᠣᠭᠲᠠᠬᠤ ᠦᠢᠯᠡᠴᠢᠯᠡᠭᠡ ᠵᠢᠨ ᠰᠢᠯᠭᠠᠨ ᠦᠨᠡᠯᠡᠬᠦ ᠲᠣᠭᠲᠠᠴᠠ ᠵᠢ ᠲᠡᠭᠦᠯᠳᠡᠷᠵᠢᠭᠦᠯᠵᠦ᠂ ᠦᠢᠯᠡᠴᠢᠯᠡᠭᠡᠨ ᠤ᠋ ᠨᠠᠷᠢᠨ ᠬᠠᠭᠤᠳᠠᠰᠤ ᠪᠠ ᠦᠨᠡᠯᠡᠬᠦ ᠪᠠᠷᠢᠮᠵᠢᠶ᠎ᠠ ᠵᠢ ᠲᠣᠳᠣᠷᠬᠠᠢᠯᠠᠵᠤ ᠤᠷᠮᠠᠰᠢᠭᠤᠯᠬᠤ ᠰᠢᠰᠲ᠋ᠸᠮ ᠢ᠋ ᠪᠠᠢᠭᠤᠯᠪᠠ᠃ ᠪᠠᠰᠠ ᠬᠦᠬᠡᠬᠤᠳᠠ 《ᠭᠡᠷ ᠪᠦᠯᠢ ᠵᠢᠨ ᠡᠮᠴᠢ ᠵᠢᠨ ᠵᠦᠪᠯᠡᠯᠴᠡᠭᠡᠷ ᠲᠣᠭᠲᠠᠬᠤ ᠦᠢᠯᠡᠴᠢᠯᠡᠭᠡ ᠵᠢ ᠬᠡᠷᠡᠭᠵᠢᠭᠦᠯᠬᠦ ᠠᠷᠭ᠎ᠠ》 ᠶ᠋ᠢ ᠲᠣᠭᠲᠠᠭᠠᠵᠤ᠂ ᠵᠦᠪᠯᠡᠯᠴᠡᠭᠡᠷ ᠲᠣᠭᠲᠠᠬᠤ ᠦᠢᠯᠡᠴᠢᠯᠡᠭᠡ ᠵᠢ ᠦᠷᠭᠦᠯᠵᠢᠯᠡᠨ ᠥᠷᠨᠢᠭᠦᠯᠬᠦ ᠳ᠋ᠦ᠍ ᠬᠦᠴᠦᠳᠠᠢ ᠳᠡᠮᠵᠢᠯᠭᠡ ᠬᠠᠩᠭᠠᠪᠠ᠃