ᠦᠨᠳᠦᠰᠦᠲᠡᠨ᠎ᠦ ᠪᠥᠵᠢᠭ᠌ᠲᠦ ᠵᠦᠴᠦᠭᠡ 《ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤ᠋ᠨ ᠴᠢᠰᠤᠳᠤ ᠲᠡᠮᠡᠴᠡᠯ》 ᠢ᠋ 10 ᠰᠠᠷ᠎ᠠ᠎ᠶ᠋ᠢᠨ 20 — 21 ᠤ᠋ ᠡᠳᠦᠷ ᠪᠣᠯᠲᠠᠯ᠎ᠠ ᠪᠡᠭᠡᠵᠢᠩ᠎ᠦᠨ ᠲᠢᠶᠠᠨ ᠴᠢᠶᠣᠤ ᠲᠢᠶᠠᠲ᠋ᠷ᠎ᠲᠤ ᠲᠤᠬᠯᠠᠪᠠ᠃ ᠲᠤᠰ ᠵᠦᠴᠦᠭᠡ ᠨᠢ 20 ᠳ᠋ᠤᠭᠠᠷ ᠵᠠᠭᠤᠨ᠎ᠤ ᠭᠤᠴᠢᠭᠠᠳ ᠣᠨ᠎ᠤ ᠱᠠᠩᠬᠠᠶ᠎ᠪᠠᠷ ᠠᠷᠤ ᠦᠵᠡᠭ᠌ᠳᠡᠯ ᠪᠣᠯᠭᠠᠵᠤ᠂ ᠭᠣᠣᠯᠳᠠᠭᠤ ᠲᠢᠶᠠᠨ ᠬᠠᠨ᠂ ᠨᠢᠶᠸ ᠡᠯ ᠤᠳᠭ᠎ᠠ ᠤᠷᠠᠯᠢᠭ᠎ᠢᠶᠠᠷ ᠶᠠᠳᠠᠭᠤ ᠵᠦᠳᠡᠭᠦᠦ ᠣᠯᠠᠨ ᠲᠦᠮᠡᠨ ᠪᠠ ᠶᠠᠫᠣᠨ᠎ᠢ ᠡᠰᠡᠷᠭᠦᠴᠡᠨ ᠮᠥᠬᠥᠯ᠎ᠡᠴᠡ ᠠᠪᠤᠷᠠᠬᠤ᠎ᠶ᠋ᠢ ᠤᠷᠢᠶᠠᠯᠠᠨ᠂ 《ᠵᠢᠷᠤᠮ᠎ᠤᠨ ᠴᠡᠷᠢᠭ᠎ᠦᠨ ᠤᠷᠤᠭ᠍ᠰᠢᠯᠠᠯᠲᠠ᠎ᠶ᠋ᠢᠨ ᠳᠠᠭᠤᠤ》 ᠶ᠋ᠢ ᠵᠣᠬᠢᠶᠠᠵᠤ᠂ ᠬᠥᠮᠦᠰ᠎ᠢ ᠲᠠᠭᠤᠳᠠᠨ ᠰᠡᠷᠢᠭᠡᠵᠤ ᠤᠯᠤᠰ ᠦᠨᠳᠦᠰᠦᠲᠡᠨ᠎ᠦ ᠲᠤᠰᠠᠭᠠᠷ ᠲᠣᠭ᠍ᠲᠠᠨᠢᠯ ᠡᠷᠬᠡ ᠴᠢᠯᠥᠭᠡᠨ᠎ᠦ ᠲᠥᠯᠥᠭᠡ ᠡᠷᠡᠯᠬᠡᠭ᠌ᠯᠡᠨ ᠲᠡᠮᠡᠴᠡᠭ᠌ᠰᠡᠨ ᠦᠯᠢᠭᠡᠷ ᠪᠤᠯᠤᠨ᠎ᠠ᠃
ᠪᠥᠵᠢᠭ᠌ᠲᠦ ᠵᠦᠴᠦᠭᠡ 《ᠬᠤᠪᠢᠰᠬᠠᠯᠳᠤ ᠦᠷᠡᠭᠳᠡᠭᠰᠡᠨ ᠪᠠᠭᠠᠳᠤᠷᠴᠤᠳ ᠤ᠋ᠨ ᠴᠢᠰᠤᠳᠤ ᠲᠡᠮᠡᠴᠡᠯ》 ᠢ᠋ ᠬᠤᠨᠠᠨ ᠮᠤᠵᠢ᠎ᠶ᠋ᠢᠨ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠬᠤᠨᠠᠨ ᠮᠤᠵᠢ᠎ᠶ᠋ᠢᠨ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠬᠤᠨᠠᠨ ᠮᠤᠵᠢ᠎ᠶ᠋ᠢᠨ ᠤᠳᠭ᠎ᠠ ᠤᠷᠠᠯᠢᠭ᠎ᠤᠨ ᠬᠢᠨ᠎ᠦ ᠬᠣᠯᠪᠣᠭ᠎ᠠ᠂ ᠬᠤᠨᠠᠨ ᠮᠤᠵᠢ᠎ᠶ᠋ᠢᠨ ᠲᠣᠭ᠍ᠯᠠᠯᠲᠠ᠎ᠶ᠋ᠢᠨ ᠤᠷᠠᠯᠢᠭ᠎ᠤᠨ ᠪᠦᠯᠦᠭ᠌ᠯᠡᠯ᠎ᠡᠴᠡ ᠲᠣᠭ᠍ᠯᠠᠪᠠ᠃ ᠲᠤᠰ ᠵᠦᠴᠦᠭᠡ ᠨᠢ ᠳᠤᠮᠳᠠᠳᠤ ᠤᠯᠤᠰ᠎ᠤᠨ ᠪᠥᠵᠢᠭ ᠤ᠋ᠨ 《ᠯᠢᠨᠭᠬᠣᠠ ᠱᠠᠩᠨᠠᠯ》 ᠤ᠋ᠨ ᠪᠥᠵᠢᠭ᠌ᠲᠦ ᠵᠦᠴᠦᠭᠡ᠎ᠶ᠋ᠢᠨ ᠱᠠᠩᠨᠠᠯ᠎ᠢ ᠬᠦᠷᠲᠡᠵᠦ᠍ ᠦᠨᠭᠭᠡᠷᠡᠪᠡ᠂ ᠲᠤᠰ ᠤᠳᠠᠭ᠎ᠠ ᠪᠡᠭᠡᠵᠢᠩ᠎ᠳᠦ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠱᠢᠯᠢᠳᠡᠭ ᠲᠠᠢᠰᠠᠨ᠎ᠤ ᠤᠷᠠᠯᠢᠭ᠎ᠤᠨ ᠪᠦᠲᠦᠭᠡᠯ᠎ᠦᠨ ᠦᠵᠡᠭᠦᠯᠭᠡ᠎ᠳᠦ ᠣᠷᠣᠯᠴᠠᠵᠠᠶ᠃
(ᠢᠷᠠᠯᠳᠠ᠄ ᠰᠢᠨᠬᠤᠸᠠ ᠬᠤᠷᠢᠶ᠎ᠠ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号