ᠭᠠᠳᠠᠭᠠᠳᠤ ᠨᠡᠭᠡᠭᠡᠯᠳᠡ— ᠤᠮᠠᠷᠠᠳᠤ ᠬᠢᠯᠢ ᠵᠢᠨ ᠬᠠᠷᠢᠭᠤᠯᠳᠡ ᠵᠢᠨ ᠬᠠᠭᠤᠳᠠᠰᠤ
2025-10-31 10:41:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠭᠠᠳᠠᠭᠠᠳᠤ ᠨᠡᠬᠡᠬᠡᠯᠳᠡ ᠪᠤᠯ ᠨᠢᠬᠡ ᠤᠯᠤᠰ ᠬᠦᠷᠤᠨ ᠤ᠋ ᠦᠷᠨᠢᠯ ᠬᠦᠭᠵᠢᠯ ᠤ᠋ᠨ ᠵᠠᠢᠯᠠᠰᠢ ᠦᠬᠡᠢ ᠶᠠᠪᠤᠬᠤ ᠵᠠᠮ ᠮᠦᠨ᠂ ᠪᠠᠰᠠ ᠴᠦ᠍ ᠨᠢᠬᠡ ᠭᠠᠵᠠᠷ ᠤᠷᠤᠨ ᠤ᠋ ᠦᠷᠨᠢᠯ ᠬᠦᠭᠵᠢᠯ ᠤ᠋ᠨ ᠤᠨᠳᠤᠷᠤᠮᠠᠯ ᠬᠦᠴᠦᠨ ᠶᠤᠮ᠃ 《ᠠᠷᠪᠠᠨ ᠳᠥᠷᠪᠡᠳᠦᠭᠡᠷ ᠲᠠᠪᠤᠨ ᠵᠢᠯ》 ᠳ᠋ᠤ ᠂ ᠦᠪᠤᠷ ᠮᠤᠩᠭᠤᠯ 《 ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠶ᠋ᠢᠨ ᠲᠣᠭᠣᠷᠢᠨ ᠳ᠋ᠤ ᠨᠡᠩ ᠶᠡᠬᠡ ᠬᠡᠪᠴᠢᠶ᠎ᠠ᠂ ᠨᠡᠩ ᠦᠷᠬᠡᠨ ᠴᠠᠷᠠᠭ᠎ᠠ᠂ ᠨᠡᠩ  ᠬᠦᠨ ᠲᠠᠪᠬᠤᠷᠭ᠎ᠠ ᠪᠡᠷ ᠤᠮᠠᠷᠠᠰᠢ ᠨᠡᠬᠡᠬᠡᠯᠳᠡ ᠬᠢᠬᠦ ᠵᠢ ᠦᠨᠳᠤᠷ ᠲᠦᠪᠰᠢᠨ ᠵᠢᠡᠷ ᠠᠬᠢᠭᠤᠯᠵᠤ ᠂ ᠭᠠᠳᠠᠭᠠᠳᠤ ᠠᠷᠠᠯᠵᠢᠶᠠᠨ ᠤ᠋   ᠴᠢᠨᠠᠷ  ᠰᠠᠢᠲᠠᠶ ᠬᠥᠭ᠌ᠵᠢᠯᠲᠡ ᠵᠢᠨ ᠴᠤ᠋ ᠰᠢᠨ᠎ᠠ ᠬᠠᠭᠤᠳᠠᠰᠤ ᠵᠢ ᠪᠢᠴᠢᠭᠯᠡᠪᠠ᠃ ᠪᠦᠬᠦ ᠤᠷᠤᠨ ᠤ᠋ ᠭᠠᠳᠠᠭᠠᠳᠤ   ᠤᠷᠤᠭᠤᠯᠤᠯᠳᠠ ᠭᠠᠷᠭᠠᠯᠳᠠ ᠶ᠋ᠢᠨ ᠶᠡᠷᠦᠩᠬᠡᠢ ᠬᠡᠮᠵᠢᠶ᠎ᠠ 2020 ᠤᠨ ᠳ᠋ᠤ 1043.3 ᠳ᠋ᠦᠩᠱᠢᠭᠤᠷ ᠲᠥᠭᠥᠷᠢᠭ  ᠪᠠᠢᠭᠰᠠᠨ ᠡᠴᠡ ᠪᠠᠨ 2024 ᠣᠨ ᠳ᠋ᠤ 2073.6 ᠳ᠋ᠦᠩᠱᠢᠭᠤᠷ ᠲᠥᠭᠥᠷᠢᠭ ᠲᠦ᠍ ᠬᠦᠷᠴᠦ᠂ ᠠᠩᠬ᠎ᠠ ᠤᠳᠠᠭ᠎ᠠ 2000 ᠳ᠋ᠦᠩᠱᠢᠭᠤᠷ  ᠲᠥᠭᠥᠷᠢᠭ᠎ᠦᠨ ᠶᠡᠬᠡ ᠪᠣᠭᠣᠮᠲᠠ ᠵᠢ ᠳᠠᠪᠠᠵᠠᠢ᠃


QQ20251031-103318.png


ᠭᠠᠳᠠᠭᠠᠳᠤ ᠠᠷᠠᠯᠵᠢᠶ᠎ᠠ ᠪᠤᠯ ᠨᠡᠬᠡᠬᠡᠯᠳᠡᠳᠤ ᠬᠡᠯᠪᠡᠷᠢ ᠵᠢᠨ ᠠᠵᠤ ᠠᠬᠤᠢ ᠵᠢᠨ ᠴᠢᠬᠤᠯᠠ ᠪᠦᠷᠢᠯᠳᠦᠬᠦᠨ ᠬᠡᠰᠡᠭ᠂ ᠪᠠᠰᠠ ᠴᠦ᠍ ᠤᠯᠤᠰ ᠤ᠋ᠨ ᠲᠤᠳᠤᠭᠠᠳᠤ  ᠭᠠᠳᠠᠭᠠᠳᠤ ᠵᠢᠨ ᠬᠤᠤᠰ ᠤᠷᠴᠢᠯ ᠢ᠋ ᠰᠢᠯᠤᠭᠤᠳᠬᠠᠬᠤ ᠵᠠᠩᠬᠢᠯᠠᠭ᠎ᠠ ᠵᠢᠨ ᠬᠦᠢᠰᠤ ᠶᠤᠮ᠃ ᠠᠵᠠ ᠲᠤᠬᠢᠶᠠᠯ᠂ ᠠᠷᠠᠯᠵᠢᠶ᠎ᠠ ᠬᠤᠳᠠᠯᠳᠤᠭ᠎ᠠ᠂ ᠬᠠᠮᠲᠤ ᠢ᠋ᠢᠨ ᠠᠰᠢᠭ ᠲᠤᠰᠠ ᠢ᠋ᠢ ᠠᠴᠢᠶᠠᠯᠠᠭᠰᠠᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠬᠡ ᠬᠢᠯᠢ ᠵᠢᠨ ᠪᠤᠭᠤᠮᠳᠠ ᠪᠡᠷ ᠲᠠᠮᠵᠢᠨ ᠦᠪᠤᠷ ᠮᠤᠩᠭᠤᠯ ᠤ᠋ᠨ ᠲᠠᠯ᠎ᠠ ᠨᠤᠳᠤᠭ ᠡᠴᠡ ᠬᠠᠷᠢ ᠬᠤᠯᠠ ᠵᠢ ᠴᠢᠭᠯᠡᠨ ᠤᠭᠤᠬᠢᠯᠠᠨ ᠲᠠᠪᠬᠢᠨ᠎ᠠ᠃ ᠮᠠᠨ ᠤ᠋ ᠤᠷᠤᠨ ᠪᠤᠯ ᠪᠦᠬᠦ ᠤᠯᠤᠰ ᠤ᠋ᠨ ᠬᠢᠯᠢ ᠶ᠋ᠢᠨ ᠪᠤᠭᠤᠮᠳᠠ ᠶ᠋ᠢᠨ ᠲᠤᠭ᠎ᠠ ᠪᠡᠷ ᠬᠠᠮᠤᠭ ᠤ᠋ᠨ ᠤᠯᠠᠨ ᠮᠤᠵᠢ ᠪᠠᠢᠵᠤ᠂ ᠳᠤᠳᠤᠭᠠᠳᠤ ᠳ᠋ᠠᠭᠠᠨ 8 ᠮᠤᠵᠢ ᠤᠷᠤᠨ ᠲᠠᠢ ᠵᠠᠯᠭᠠᠯᠳᠤᠨ᠂ ᠭᠠᠳᠠᠭᠠᠳᠦ ᠳ᠋ᠤ ᠤᠷᠤᠰ ᠪᠠ ᠮᠤᠩᠭᠤᠯ ᠤᠯᠤᠰ ᠲᠠᠢ ᠬᠢᠯᠢᠯᠡᠵᠤ᠂ ᠲᠡᠤᠬᠡᠨ ᠳᠡᠭᠡᠷ᠎ᠠ 《ᠲᠠᠯ᠎ᠠ ᠨᠤᠳᠤᠭ ᠤ᠋ᠨ ᠲᠤᠷᠭᠠᠨ ᠵᠠᠮ》 ᠪᠠ 《ᠲᠦᠮᠡᠨ ᠭᠠᠵᠠᠷ ᠤ᠋ᠨ ᠴᠠᠢ ᠶ᠋ᠢᠨ ᠵᠠᠮ》 ᠤ᠋ᠨ ᠴᠢᠬᠤᠯᠠ ᠵᠠᠮ ᠱᠤᠭᠤᠮ ᠪᠠᠢᠵᠤ᠂ ᠦᠨᠤᠳᠤᠷ ᠪᠤᠯᠬᠤ ᠳ᠋ᠤ ᠨᠢᠬᠡᠨᠳᠡ ᠤᠯᠤᠰ ᠤ᠋ᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠡᠬᠢᠯᠡᠯᠳᠡ ᠪᠤᠯᠵᠠᠢ᠃ ᠡᠨᠡ ᠬᠦ᠌ ᠦᠪᠡᠷᠮᠢᠴᠡ ᠳᠠᠪᠠᠭᠤᠯᠢᠭ ᠨᠢ ᠨᠢᠭᠡ ᠲᠠᠯ᠎ᠠ ᠪᠡᠷ ᠬᠦᠬᠡᠬᠤᠳᠠ᠂ ᠤᠯᠠᠭᠠᠨᠬᠠᠳᠠ ᠬᠤᠳᠠ᠂ ᠮᠠᠨᠵᠤᠤᠷ ᠬᠤᠳᠠ᠂ ᠤᠷᠳᠤᠰ ᠬᠤᠳᠠ ᠪᠠ ᠡᠷᠢᠶᠡᠨ ᠬᠤᠳᠠ ᠶ᠋ᠢ ᠤᠯᠤᠰ ᠤ᠋ᠨ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ᠋ ᠶᠠᠪᠤᠳᠠᠯ ᠤ᠋ᠨ ᠶᠡᠷᠦᠩᠬᠡᠢᠯᠡᠭᠰᠡᠨ ᠲᠤᠷᠰᠢᠯᠳᠠ ᠶ᠋ᠢᠨ ᠲᠤᠭᠤᠷᠢᠭ ᠪᠤᠯᠭᠠᠵᠤ᠂ ᠨᠦᠭᠦᠭᠡ ᠲᠠᠯ᠎ᠠ ᠪᠡᠷ ᠮᠠᠨ ᠤ᠋ ᠤᠷᠤᠨ ᠤ᠋ 《ᠠᠵᠤ ᠠᠬᠤᠢ ᠶ᠋ᠢᠨ ᠨᠡᠪᠳᠡᠷᠡᠬᠦ ᠵᠠᠮ》 ᠡᠴᠡ 《ᠨᠡᠪᠳᠡᠷᠡᠬᠦ ᠵᠠᠮ ᠤ᠋ᠨ ᠠᠵᠤ ᠠᠬᠤᠢ》 ᠳᠡᠢᠰᠢ ᠬᠡᠯᠪᠡᠷᠢ ᠪᠡᠨ ᠬᠤᠪᠢᠷᠠᠭᠤᠯᠬᠤ ᠳ᠋ᠤ ᠡᠷᠴᠢᠮᠳᠠᠢ ᠲᠤᠯᠭᠠᠭᠤᠷᠢᠯᠠᠯ ᠬᠠᠩᠭᠠᠪᠠ᠃ ᠡᠬᠦᠨᠴᠢᠯᠡᠨ 2021 ᠤᠨ ᠳ᠋ᠤ ᠦᠪᠤᠷ ᠮᠤᠩᠭᠤᠯ ᠤ᠋ᠨ ᠭᠠᠳᠠᠭᠠᠳᠤ ᠤᠷᠤᠭᠤᠯᠤᠯᠳᠠ ᠭᠠᠷᠭᠠᠯᠳᠠ ᠵᠢᠨ ᠶᠡᠷᠤᠡᠭᠭᠡᠢ ᠬᠡᠮᠵᠢᠶ᠎ᠠ ᠪᠦᠬᠦ ᠤᠷᠤᠨ ᠤ᠋ GDP ᠶ᠋ᠢᠨ 6% ᠶ᠋ᠢ ᠡᠵᠡᠯᠡᠵᠦ ᠪᠠᠢᠭᠰᠠᠨ ᠡᠴᠡ ᠪᠠᠨ 2024 ᠤᠨ ᠳ᠋ᠤ 7.88% ᠶ᠋ᠢ ᠡᠵᠡᠯᠡᠬᠦ ᠪᠤᠯᠵᠤ᠂ ᠭᠠᠳᠠᠭᠠᠳᠦ ᠠᠷᠠᠯᠵᠢᠶ᠎ᠠ ᠵᠢᠨ ᠪᠦᠬᠦ ᠤᠷᠤᠨ ᠤ᠋ ᠠᠵᠤ ᠠᠬᠤᠢ ᠶ᠋ᠢᠨ ᠬᠦᠭᠵᠢᠯᠳᠡ ᠳ᠋ᠡᠬᠢ  ᠬᠤᠪᠢ ᠨᠡᠮᠡᠷᠢ ᠵᠢᠨ ᠨᠤᠷᠮ᠎ᠠ ᠨᠢ ᠵᠢᠯ ᠡᠴᠡ ᠵᠢᠯ ᠨᠡᠮᠡᠭᠳᠡᠪᠠ᠃

ᠭᠠᠳᠠᠭᠠᠳᠤ ᠨᠡᠬᠡᠬᠡᠯᠳᠡ ᠪᠤᠯ ᠬᠦᠭ᠌ᠵᠢᠯ ᠴᠡᠴᠡᠭ᠌ᠯᠡᠯ ᠤ᠋ᠨ ᠵᠠᠢ᠌ᠯᠠᠰᠢ ᠦᠬᠡᠢ ᠵᠠᠮ ᠮᠦᠨ᠂ 《ᠡᠬᠦᠳᠡ ᠪᠠᠨ ᠨᠡᠬᠡᠬᠡᠪᠡᠯ 》 ᠲᠠᠯᠡᠬᠡᠢ  ᠳ᠋ᠠᠬᠢᠨ ᠲᠠᠢ  ᠬᠠᠮᠳᠤ  ᠬᠦᠭ᠌ᠵᠢᠨ ᠲᠠᠪᠱᠢᠵᠤ ᠂ 《ᠡᠬᠦᠳᠡ ᠪᠠᠨ ᠬᠠᠭᠠᠪᠠᠯ 》 ᠲᠠᠯᠠᠬᠡᠢ ᠵᠢᠨ ᠪᠤᠯᠪᠠᠰᠤᠨ ᠡᠴᠡ ᠬᠡᠬᠡᠭ᠌ᠳᠡᠨ᠎ᠠ ᠬᠡᠳᠡᠭ᠎ᠢ ᠬᠦᠮᠦᠨ ᠲᠦᠷᠦᠯᠬᠢᠳᠡᠨ ᠤ᠋ ᠬᠦᠭ᠌ᠵᠢᠯᠳᠡ ᠵᠢᠨ ᠲᠡᠤᠬᠡ ᠮᠠᠭᠠᠳ ᠦᠬᠡᠢ ᠬᠡᠷᠡᠴᠢᠯᠡᠵᠠᠢ᠃ ᠤᠢᠷ᠎ᠠ ᠶ᠋ᠢᠨ ᠵᠢᠯ ᠳ᠋ᠤ ᠦᠪᠤᠷ ᠮᠤᠩᠭᠤᠯ ᠭᠠᠳᠠᠭᠠᠳᠤ ᠠᠷᠠᠯᠵᠢᠶ᠎ᠠ ᠶ᠋ᠢ ᠳᠤᠭᠳᠠᠪᠤᠷᠢᠵᠢᠭᠤᠯᠬᠤ᠂ ᠨᠡᠭᠡᠭᠡᠯᠳᠡ ᠶ᠋ᠢ ᠠᠬᠢᠭᠤᠯᠬᠤ ᠲᠤᠬᠠᠢ ᠠᠯᠢ ᠤᠯᠠᠨ ᠲᠦᠷᠦ ᠶ᠋ᠢᠨ ᠪᠤᠳᠤᠯᠭ᠎ᠠ ᠶ᠋ᠢ ᠳᠤᠭᠳᠠᠭᠠᠨ ᠬᠡᠷᠡᠭᠵᠢᠭᠦᠯᠵᠤ᠂ ᠦᠨᠤ ᠨᠢᠭᠡᠨᠳᠡ ᠳᠡᠯᠡᠬᠡᠢ ᠶ᠋ᠢᠨ 168 ᠤᠯᠤᠰ ᠪᠠ ᠭᠠᠵᠠᠷ ᠤᠷᠤᠨ ᠲᠠᠢ ᠭᠠᠳᠠᠭᠠᠳᠤ ᠠᠷᠠᠯᠵᠢᠶᠠᠨ ᠤ᠋ ᠬᠠᠷᠢᠴᠠᠭ᠎ᠠ ᠪᠠᠢᠭᠤᠯᠪᠠ᠃ ᠡᠬᠡ ᠤᠯᠤᠰ ᠤ᠋ᠨ ᠤᠮᠠᠷᠠᠲᠤ ᠬᠢᠯᠢ ᠵᠢᠨ ᠨᠡᠬᠡᠬᠡᠯᠳᠡ ᠵᠢᠨ ᠡᠭᠦᠳᠡ ᠶᠠᠪᠤᠬᠤ ᠳᠤᠳᠤᠮ ᠥᠷᠭᠡᠵᠢᠵᠦ᠍᠂ ᠪᠦᠬᠦ ᠤᠷᠤᠨ ᠴᠢᠨᠠᠭᠰᠢᠯᠠᠪᠠᠯ ᠪᠦᠬᠦ ᠤᠯᠤᠰ ᠤ᠋ᠨ ᠴᠢᠨᠠᠷ ᠰᠠᠢᠲᠠᠢ ᠬᠥᠭ᠌ᠵᠢᠯᠲᠡ ᠳ᠋ᠤ ᠲᠠᠳᠠᠭᠤᠷᠠᠰᠢ ᠦᠭᠡᠢ ᠬᠥᠳᠡᠯᠭᠡᠬᠦ᠌ ᠬᠦᠴᠦᠨ ᠢ᠋  ᠨᠡᠮᠡᠷᠢᠯᠡᠭᠰᠡᠬᠡᠷ  ᠁


ᠲᠤᠭ᠎ᠠ ᠨᠤᠷᠮ᠎ᠠ ᠵᠢᠨ ᠢᠷᠡᠯᠳᠡ᠄ ᠦᠪᠤᠷ ᠮᠤᠩᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠤᠯᠤᠰ ᠠᠷᠠᠳ ᠤ᠋ᠨ ᠠᠵᠤ ᠠᠬᠤᠢ ᠪᠠ ᠨᠡᠢᠭᠡᠮ ᠤ᠋ᠨ ᠬᠦᠭᠵᠢᠯᠲᠡ ᠶ᠋ᠢᠨ ᠲᠤᠭ᠎ᠠ ᠪᠦᠷᠢᠳᠭᠡᠯ ᠤ᠋ᠨ ᠠᠯᠪᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号