10 ᠰᠠᠷ᠎ᠠ᠎ᠶᠢᠨ 23᠎ᠤ᠋ ᠡᠳᠦᠷ᠂ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠤᠯᠠᠭᠠᠨᠴᠠᠪ ᠵᠡᠭᠦᠨ ᠵᠠᠮ᠎ᠳ᠋ᠡᠬᠢ ᠲᠣᠮᠢᠯᠠᠭᠰᠠᠨ ᠰᠠᠯᠪᠤᠷᠢ ᠥᠪᠥᠷ ᠮᠣᠩᠭᠣᠯ᠎ᠤᠨ ᠴᠠᠭᠳᠠᠭ᠎ᠠ᠎ᠶᠢᠨ ᠳᠡᠭᠡᠳᠦ ᠰᠤᠷᠭᠠᠭᠤᠯᠢ᠎ᠶᠢᠨ ᠴᠢᠨ ᠰᠢᠶᠣᠣ ᠬᠣᠶ ᠪᠠᠭ᠍ᠰᠢ᠎ᠲᠠᠢ ᠬᠠᠮᠲᠤᠷᠠᠨ᠂ ᠬᠣᠰᠢᠭᠤᠴᠢ ᠵᠠᠮ᠎ᠤᠨ ᠪᠠᠭ᠎ᠠ ᠰᠤᠷᠭᠠᠭᠤᠯᠢ᠎ᠳᠤ ᠬᠦᠷᠴᠦ᠂ 《ᠬᠡᠷᠬᠢᠨ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠢ ᠢᠯᠭᠠᠨ ᠲᠠᠨᠢᠬᠤ ᠪᠠ ᠠᠷᠭᠠᠴᠠᠭᠠᠬᠤ ᠪᠤᠢ》 ᠬᠡᠬᠦ ᠲᠤᠰᠬᠠᠢ ᠰᠡᠳᠦᠪᠲᠦ ᠲᠠᠢᠯᠤᠮᠵᠢ ᠬᠢᠪᠡ᠃
ᠲᠠᠢᠯᠤᠮᠵᠢ ᠡᠬᠢᠯᠡᠮᠡᠭᠴᠡ᠂ ᠴᠢᠨ ᠰᠢᠶᠤᠤ ᠬᠤᠢ ᠡᠴᠨ 6 ᠲᠥᠷᠥᠯ᠎ᠦᠨ ᠡᠳᠦᠷ ᠲᠤᠲᠤᠮ᠎ᠤᠨ ᠦᠶ᠋ᠯᠡ ᠠᠵᠢᠯᠯᠠᠭ᠎ᠠ᠎ᠶᠢᠨ ᠠᠰᠠᠭᠤᠯᠲᠠ᠎ᠪᠡᠷ ᠰᠤᠷᠤᠬ᠍ᠴᠢᠳ᠎ᠤᠨ ᠰᠤᠨᠢᠭᠤᠴᠢ ᠰᠡᠳᠬᠢᠯ᠎ᠢ ᠳᠠᠳᠠᠵᠦ᠂ ᠬᠣᠯᠪᠣᠭᠳᠠᠯ ᠪᠦᠬᠦᠢ ᠠᠭᠤᠯᠭ᠎ᠠ᠎ᠲᠠᠢ ᠤᠶᠠᠯᠳᠤᠭᠤᠯᠤᠨ᠂ ᠠᠮᠢᠳᠤᠯᠢᠭ᠋ ᠱᠣᠭ ᠵᠢᠷᠤᠭ᠎ᠤᠨ ᠲᠠᠢᠯᠪᠤᠷᠢ᠎ᠪᠠᠷ ᠲᠠᠮᠵᠢᠨ᠂ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠤᠨ ᠠᠳᠠᠯᠢ ᠪᠤᠰᠤ ᠲᠥᠷᠥᠯ ᠭᠡᠯᠪᠡᠷᠢ᠎ᠶᠢ ᠲᠣᠳᠣᠷᠬᠠᠢ ᠵᠠᠭᠠᠭᠯᠠᠨ ᠲᠣᠭᠲᠠᠭᠠᠪᠠ᠃ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ ᠨᠢ ᠵᠥᠪᠭᠡᠨ ᠴᠤᠬᠢᠵᠤ ᠬᠠᠷᠢᠶᠠᠬᠤ ᠵᠢ ᠬᠡᠯᠡᠬᠦ ᠪᠢᠰᠢ᠂ ᠪᠠᠰᠠ ᠦᠭᠡ ᠬᠡᠯᠡᠨ᠎ᠦ ᠳᠣᠷᠣᠮᠵᠢᠯᠠᠯ (ᠵᠢᠱ᠌ᠢᠶᠡᠯᠡᠪᠡᠯ ᠪᠤᠰᠤᠳ᠎ᠲᠤ ᠳᠣᠷᠣᠮᠵᠢᠯᠠᠯ᠎ᠤᠨ ᠴᠢᠨᠠᠷᠲᠠᠢ ᠬᠤᠴᠢ ᠨᠡᠷ᠎ᠡ ᠥᠭᠬᠦ)᠂ ᠨᠡᠢᠭᠡᠮ᠎ᠦᠨ ᠬᠠᠷᠢᠯᠴᠠᠭᠠᠨ᠎ᠤ ᠳᠣᠷᠣᠮᠵᠢᠯᠠᠯ (ᠵᠢᠱ᠌ᠢᠶᠡᠯᠡᠪᠡᠯ ᠵᠣᠷᠢᠭᠤᠳᠠ ᠬᠠᠮᠲᠤ ᠰᠤᠷᠤᠬ᠍ᠴᠢ᠎ᠪᠡᠨ ᠭᠠᠭᠴᠠᠭᠠᠷᠳᠠᠭᠤᠯᠬᠤ)᠂ ᠰᠦᠯᠵᠢᠶᠡᠨ᠎ᠦ ᠳᠣᠷᠣᠮᠵᠢᠯᠠᠯ (ᠵᠢᠱ᠌ᠢᠶᠡᠯᠡᠪᠡᠯ ᠪᠤᠰᠤᠳ᠎ᠤᠨ ᠴᠤᠤᠷᠬᠠᠯ᠎ᠢ ᠲᠠᠷᠬᠠᠭᠠᠬᠤ) ᠵᠡᠷᠭᠡ ᠣᠯᠠᠨ ᠵᠦᠢᠯ᠎ᠦᠨ ᠭᠡᠯᠪᠡᠷᠢ᠎ᠶᠢ ᠪᠠᠭᠲᠠᠭᠠᠨ᠎ᠠ᠃ ᠲᠠᠢᠯᠤᠮᠵᠢᠲᠡᠭᠡᠷᠡᠬᠢ 《ᠲᠦᠷᠭᠡᠨ ᠮᠠᠭᠠᠳᠯᠠᠯᠲᠠ》 ᠵᠢᠨ ᠭᠣᠭᠴᠣᠭ᠎ᠠ᠎ᠳᠤ᠂ ᠴᠢᠨ ᠰᠢᠶᠤᠤ ᠬᠤᠢ ᠡᠴᠨ ᠰᠤᠷᠭᠠᠭᠤᠯᠢ᠎ᠶᠢᠨ ᠬᠦᠷᠢᠶᠡᠨ᠎ᠦ ᠪᠣᠳᠠᠲᠤ ᠪᠠᠢᠳᠠᠯ᠎ᠳᠤ ᠣᠢᠷᠠᠲᠤᠭᠰᠠᠨ ᠣᠯᠠᠨ ᠠᠰᠠᠭᠤᠳᠠᠯ᠎ᠢ ᠲᠣᠬᠢᠷᠠᠭᠤᠯᠵᠤ᠂ ᠰᠤᠷᠤᠬ᠍ᠴᠢᠳ ᠢᠳᠡᠪᠬᠢᠲᠡᠢ᠎ᠪᠡᠷ ᠭᠠᠷ ᠡᠷᠭᠦᠵᠦ᠂ ᠥᠪᠡᠷ᠎ᠦᠨ ᠦᠵᠡᠯᠲᠡ᠎ᠪᠡᠨ ᠶᠠᠷᠢᠵᠤ ᠰᠤᠯᠢᠯᠴᠠᠨ ᠬᠤᠪᠢᠶᠠᠯᠴᠠᠪᠠ᠃ ᠴᠢᠨ ᠰᠢᠶᠤᠤ ᠬᠤᠢ ᠡᠴᠨ ᠪᠠᠰᠠ ᠰᠤᠷᠭᠠᠭᠤᠯᠢ᠎ᠶᠢᠨ ᠬᠦᠷᠢᠶᠡᠨ᠎ᠦ ᠳᠣᠷᠣᠮᠵᠢᠯᠠᠯ᠎ᠢ ᠬᠡᠷᠬᠢᠨ ᠠᠷᠭᠠᠴᠠᠭᠠᠬᠤ ᠲᠤᠬᠠᠢ ᠮᠡᠳᠡᠯᠬᠡ ᠵᠢ ᠵᠢᠭᠠᠵᠤ ᠦᠭᠪᠡ᠃ 《ᠪᠢ ᠳᠣᠷᠣᠮᠵᠢᠯᠠᠯ᠎ᠳᠤ ᠣᠷᠤᠯᠴᠠᠬᠤ ᠦᠭᠡᠢ᠂ ᠬᠦᠢᠲᠡᠮᠰᠦᠭ ᠵᠢᠡᠷ ᠬᠠᠷᠠᠵᠤ ᠵᠤᠬᠰᠤᠬᠤ ᠦᠬᠡᠢ᠂ ᠪᠤᠰᠤᠳ᠎ᠢ ᠭᠦᠨᠳᠦᠳᠭᠡᠵᠦ᠂ ᠳᠣᠷᠣᠮᠵᠢᠯᠠᠯ᠎ᠢ ᠣᠯᠵᠤ ᠮᠡᠳᠡᠪᠡᠯ ᠰᠠᠨᠠᠭᠠᠴᠢᠯᠠᠭ᠎ᠠ᠎ᠡᠴᠨ ᠪᠠᠨ ᠮᠡᠳᠡᠭᠦᠯᠦᠨ᠎ᠡ!》 ᠲᠠᠢᠯᠤᠮᠵᠢ ᠰᠢᠪᠲᠤᠷᠭᠠᠨ᠎ᠳᠠᠭᠠᠨ ᠣᠷᠣᠬᠤ ᠦᠶᠡᠰ᠂ ᠰᠤᠷᠤᠬᠴᠢᠳ ᠪᠦᠬᠦᠳᠡᠬᠡᠷ ᠵᠢᠡᠨ ᠪᠠᠷᠠᠭᠤᠨ ᠨᠢᠳᠤᠷᠭ᠎ᠠ᠎ᠪᠠᠨ ᠵᠠᠩᠭᠢᠳᠴᠤ᠂ ᠴᠢᠨ ᠰᠢᠶᠤᠤ ᠬᠤᠢ ᠵᠢᠨ ᠲᠠᠭᠠᠭᠤᠯᠭ᠎ᠠ ᠲᠤᠤᠷ᠎ᠠ 《ᠳᠣᠷᠣᠮᠵᠢᠯᠠᠯ᠎ᠢ ᠡᠰᠡᠷᠭᠦᠴᠡᠬᠦ ᠨᠥᠭᠦᠷᠰᠡᠭ ᠭᠡᠷ᠎ᠡ》 ᠶ᠋ᠢ ᠲᠥᠪ ᠴᠢᠩᠭ᠎ᠠ᠎ᠪᠠᠷ ᠤᠩᠰᠢᠪᠠ᠃
ᠲᠠᠢᠯᠤᠮᠵᠢ ᠲᠡᠭᠡᠷ᠎ᠡ᠂ ᠴᠢᠨ ᠰᠢᠶᠤᠤ ᠬᠤᠢ ᠪᠠᠰᠠ ᠺᠠᠷᠲ᠋ᠣᠨ ᠵᠢᠷᠤᠭ᠎ᠢ ᠠᠰᠢᠭ᠍ᠯᠠᠨ᠂ ᠰᠤᠷᠤᠬ᠍ᠴᠢᠳ᠎ᠲᠤ 110 (ᠳᠣᠲᠣᠭᠠᠳᠤ᠎ᠶᠢ ᠬᠠᠮᠠᠭᠠᠯᠠᠬᠤ ᠬᠡᠷᠡᠭ ᠮᠡᠳᠡᠭᠦᠯᠬᠦ)᠂ 120 (ᠲᠦᠷᠭᠡᠨ ᠠᠪᠤᠷᠠᠯᠳᠠ᠎ᠶᠢᠨ ᠲᠥᠪ)᠂ 122 (ᠵᠠᠮ ᠬᠠᠷᠢᠯᠴᠠᠭᠠᠨ᠎ᠤ ᠡᠨᠳᠡᠯ᠎ᠦᠨ ᠬᠡᠷᠡᠭ ᠮᠡᠳᠡᠭᠦᠯᠬᠦ) ᠵᠡᠷᠭᠡ 6 ᠲᠥᠷᠥᠯ᠎ᠦᠨ ᠬᠡᠷᠡᠭᠯᠡᠭᠡᠨ᠎ᠦ ᠲᠤᠰᠠᠯᠠᠮᠵᠢ ᠭᠤᠶᠤᠴᠢᠯᠠᠬᠤ ᠤᠲᠠᠰᠤ᠎ᠶᠢᠨ ᠬᠡᠷᠡᠭᠯᠡᠯᠳᠡ ᠵᠢ ᠠᠮᠢᠳᠤᠯᠢᠭ᠋ ᠳᠦᠷᠰᠦᠯᠢᠭ᠎ᠢᠶᠡᠷ ᠲᠦᠭᠡᠮᠡᠯᠵᠢᠭᠦᠯᠪᠡ᠃