《ᠡᠯᠭᠦᠭᠦᠷ ᠭᠤᠬ᠎ᠠ ᠪᠠᠨ ᠵᠡᠭᠦᠨᠰᠢ 2 ᠮᠸᠲᠷ ᠰᠢᠯᠵᠢᠬᠦᠯᠦᠭᠰᠡᠨ ᠤ ᠳᠠᠷᠠᠭ᠎ᠠ ᠮᠠᠲᠸᠷᠢᠶᠠᠯ ᠴᠢᠯᠠᠭᠤ ᠪᠠᠨ ᠳᠤᠷᠤᠭᠰᠢ ᠴᠢᠳᠬᠤᠭᠠᠷᠠᠢ!》 10 ᠰᠠᠷ᠎ᠠ᠎ᠶ᠋ᠢᠨ 2 ᠤ᠋ᠨ ᠦᠳᠡ᠎ᠶ᠋ᠢᠨ ᠡᠮᠦᠨᠡᠬᠢ 11 ᠴᠠᠭ 10 ᠮᠢᠨᠦ᠋ᠲ᠎ᠲᠦ᠂ ᠬᠥᠬᠡᠬᠣᠲᠠ᠎ᠶ᠋ᠢᠨ ᠡᠭᠦᠯᠡᠨ ᠳ᠋ᠠᠢᠲ᠋ᠠ᠎ᠶ᠋ᠢᠨ ᠰᠠᠭᠤᠷᠢᠨ ᠤ᠋ ᠪᠥᠲᠥᠭᠡᠨ ᠪᠠᠢᠭᠤᠯᠤᠯᠲᠠ᠎ᠶ᠋ᠢᠨ ᠠᠬᠤᠢ ᠲᠠᠯᠠᠪᠠᠶ ᠳᠤ ᠳᠣᠬᠢᠶᠠᠨ᠎ᠤ ᠠᠵᠢᠯᠴᠢᠨ ᠯᠢᠶᠠᠩ ᠱᠢᠶᠠᠨ ᠵᠢᠶᠦ᠋ᠨ ᠶᠠᠷᠢᠯᠴᠠᠭᠤᠷ ᠵᠢᠡᠨ ᠪᠠᠷᠢᠵᠤ ᠥᠨᠳᠥᠷ ᠲᠠᠭᠤᠨ᠎ᠢᠶᠠᠷ ᠳᠤᠬᠢᠶ᠎ᠠ ᠳᠠᠮᠵᠢᠭᠤᠯᠵᠤ ᠪᠠᠢᠯ᠎ᠠ᠃ ᠤᠯᠤᠰ ᠤᠨ ᠪᠠᠶᠠᠷ ᠤᠨ ᠠᠮᠠᠷᠠᠯᠲᠠ᠎ᠶ᠋ᠢᠨ ᠬᠤᠭᠤᠴᠠᠭᠠᠨ᠎ᠳᠤ ᠰᠸᠴᠤᠸᠠᠨ ᠮᠤᠵᠢ᠎ᠶ᠋ᠢᠨ ᠪᠠᠵᠦ᠋ᠩ ᠨᠤᠳᠤᠬ ᠲᠠᠢ ᠯᠢᠶᠠᠩ ᠱᠢᠶᠠᠨ ᠵᠢᠶᠦ᠋ᠨ ᠪᠣᠯᠤᠨ ᠲᠡᠭᠦᠨ᠎ᠦ ᠬᠠᠨᠢ ᠨᠥᠬᠥᠷ ᠠᠨ ᠦ᠋ ᠳ᠋ᠸ ᠲᠦᠷᠦᠯ ᠵᠦᠢᠯ᠎ᠦᠨ ᠡᠮᠦᠨ᠎ᠡ ᠹᠷᠣᠨᠲ᠎ᠢ ᠪᠠᠲᠤ ᠰᠠᠬᠢᠵᠤ ᠪᠠᠢᠯ᠎ᠠ᠃
《ᠪᠢ ᠭᠤᠤᠯᠳᠠᠭᠤ ᠰᠤᠪᠤᠷᠭᠠᠨ ᠳᠡᠭᠦ᠎ᠵᠢ ᠵᠢᠨ ᠵᠢᠯᠤᠭᠤᠴᠢ᠎ᠳᠦ ᠳᠤᠬᠢᠶ᠎ᠠ ᠳᠠᠮᠵᠢᠭᠤᠯᠬᠤ᠎ᠶ᠋ᠢ ᠬᠠᠷᠢᠭᠤᠴᠠᠵᠤ᠂ ᠠᠵᠢᠯᠴᠢᠳ ᠢ ᠵᠢᠷᠤᠮᠵᠢᠯ ᠲᠠᠢ ᠪᠡᠷ ᠳᠡᠭᠦᠵᠢᠯᠡᠬᠦ᠌ ᠠᠵᠢᠯ ᠬᠢᠬᠦ᠎ᠶ᠋ᠢ ᠱᠠᠭᠠᠷᠳᠠᠵᠤ᠂ ᠰᠤᠪᠤᠷᠭᠠᠨ ᠳᠡᠭᠦᠵᠢᠶᠢᠨ ᠵᠢᠯᠤᠭᠤᠴᠢ᠎ᠳᠦ ᠡᠯᠭᠦᠭᠦᠷ ᠭᠤᠬ᠎ᠠ ᠪᠠᠭᠤᠯᠭᠠᠬᠤ ᠪᠠᠢᠷᠢ᠎ᠶ᠋ᠢ ᠴᠠᠭ ᠲᠤᠬᠠᠶ᠎ᠳᠤᠨᠢ ᠣᠨᠣᠪᠴᠢᠲᠠᠶ ᠬᠡᠯᠡᠵᠦ᠍ ᠥᠭ᠌ᠳᠡᠭ》 ᠭᠡᠵᠦ ᠶᠠᠩ ᠱᠢᠶᠠᠨ ᠵᠢᠶᠦ᠋ᠨ ᠠᠵᠢᠯ ᠵᠢᠡᠨ ᠪᠤᠰᠤᠳ ᠵᠢᠡᠷ ᠲᠦᠷ ᠴᠠᠭ ᠤᠷᠤᠯᠠᠭᠤᠯᠵᠤ ᠰᠤᠷᠪᠤᠯᠵᠢᠯᠠᠭ᠍ᠴᠢ᠎ᠲᠠᠶ ᠶᠠᠷᠢᠯᠴᠠᠵᠤ ᠡᠬᠢᠯᠡᠪᠡ᠃
ᠦᠷᠯᠦᠬᠡ ᠵᠢᠨ 6 ᠴᠠᠭ ᠬᠠᠭᠠᠰ ᠡᠴᠡ ᠦᠳᠡ᠎ᠶ᠋ᠢᠨ ᠡᠮᠤᠨᠡᠬᠢ 11 ᠴᠠᠭ ᠬᠠᠭᠠᠰ ᠪᠣᠯᠲᠠᠯ᠎ᠠ᠂ 50 ᠨᠠᠰᠤᠲᠠᠢ ᠯᠢᠶᠠᠩ ᠱᠢᠶᠠᠨ ᠵᠢᠶᠦ᠋ᠨ 3 ᠨᠣᠮᠧᠷᠲᠤ ᠰᠤᠪᠤᠷᠭᠠᠨ ᠬᠡᠯᠪᠡᠷᠢᠳᠦ ᠳᠡᠭᠦ᠎ᠵᠢ ᠡᠴᠡ ᠰᠠᠯᠤᠯ ᠦᠭᠡᠢ ᠪᠡᠷ ᠳᠡᠭᠦᠵᠢᠯᠡᠨ ᠤᠭᠰᠠᠷᠠᠭᠤᠯᠬᠤ ᠠᠵᠢᠯ ᠢ ᠵᠢᠯᠣᠭᠣᠳᠴᠤ᠌᠂ ᠬᠡᠳᠦᠨ ᠴᠠᠭ᠎ᠤᠨ ᠳᠣᠲᠣᠷ᠎ᠠ ᠬᠣᠭᠣᠯᠠᠢ ᠨᠢ ᠰᠥᠭᠡᠩᠭᠢᠳᠦᠭᠰᠡᠨ ᠪᠠᠢᠯ᠎ᠠ᠃
ᠤᠯᠤᠰ᠎ᠤᠨ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠯᠢᠶᠠᠩ ᠱᠢᠶᠠᠨ ᠵᠢᠶᠦ᠋ᠨ᠎ᠦ ᠠᠵᠢᠯᠯᠠᠵᠤ ᠪᠠᠢᠭ᠎ᠠ ᠪᠠᠷᠢᠯᠭ᠎ᠠ ᠵᠢᠨ ᠭᠠᠵᠠᠷ᠎ᠲᠤ ᠨᠡᠢ᠌ᠳᠡ 600 ᠭᠠᠷᠤᠢ ᠬᠥᠮᠦᠨ ᠠᠵᠢᠯᠯᠠᠵᠤ ᠪᠠᠢᠪᠠ᠃ ᠲᠦᠷᠦᠯ ᠵᠦᠢᠯ ᠢ ᠲᠣᠭ᠍ᠲᠠᠭ᠍ᠰᠠᠨ ᠲᠦᠯᠦᠪᠯᠡᠬᠡ ᠶᠣᠰᠣᠭᠠᠷ ᠠᠬᠢᠭᠤᠯᠬᠤ᠎ᠶ᠋ᠢᠨ ᠲᠥᠯᠥᠭᠡ᠂ ᠤᠯᠠᠨ᠎ᠢᠶᠠᠷ᠎ᠢᠶᠠᠨ ᠪᠠᠶᠠᠷ ᠳᠤᠷᠠᠰᠭᠠᠯ᠎ᠤᠨ ᠡᠳᠦᠷ᠎ᠤᠨ ᠠᠮᠠᠷᠠᠯᠳᠠ ᠪᠠᠨ ᠲᠠᠶᠠᠭ᠍ᠳᠠᠵᠤ᠂ ᠴᠠᠭ ᠨᠡᠮᠡᠨ ᠠᠵᠢᠯᠯᠠᠵᠤ ᠠᠬᠢᠴᠠ᠎ᠪᠠᠨ ᠲᠦᠷᠭᠡᠳᠭᠡᠪᠡ᠃
《ᠣᠳᠣᠬᠠᠨ᠎ᠳᠤ ᠪᠦᠲᠦᠬᠡᠨ ᠪᠠᠢᠭᠤᠯᠵᠤ ᠪᠠᠢᠭ᠎ᠠ ᠲᠥᠷᠥᠯ ᠵᠦᠶ᠋ᠯ ᠪᠣᠯ 2025 ᠣᠨ᠎ᠤ ᠳᠤᠮᠳᠠᠳᠤ ᠤᠯᠤᠰ ᠤᠨ ᠨᠢᠭᠡᠳᠦᠮᠡᠯ ᠬᠣᠯᠪᠣᠭ᠎ᠠ᠎ᠶ᠋ᠢᠨ ᠲᠣᠭᠠᠴᠢᠯᠠᠭ᠍ᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠬᠥᠬᠡᠬᠣᠲᠠ᠎ᠶ᠋ᠢᠨ ᠡᠭᠦᠯᠡᠨ ᠳ᠋ᠠᠢᠲ᠋ᠠ᠎ᠶ᠋ᠢᠨ ᠰᠠᠭᠤᠷᠢᠨ ᠤ᠋ DC6᠂ DC7 ᠪᠣᠯᠤᠨ DC8 ᠱᠢᠷᠣᠶ ᠮᠤᠳᠤᠨ ᠪᠠᠷᠢᠯᠭ᠎ᠠ᠎ᠶᠢᠨ ᠠᠵᠢᠯ᠎ᠤᠨ ᠱᠢᠨ᠎ᠡ᠎ᠪᠡᠷ ᠪᠦᠲᠦᠬᠡᠨ ᠪᠠᠢᠭᠤᠯᠬᠤ ᠪᠠᠷᠢᠯᠭ᠎ᠠ ᠵᠢᠴᠢ ᠬᠦᠷᠢᠶᠡᠯᠡᠩ ᠲᠣᠭᠣᠷᠢᠭ᠎ᠤᠨ ᠬᠡᠷ᠎ᠦᠨ ᠭᠠᠳᠠᠨᠠᠬᠢ ᠪᠠᠷᠢᠯᠭ᠎ᠠ ᠵᠢᠨ EPC ᠲᠥᠷᠥᠯ ᠵᠦᠶ᠋ᠯ ᠪᠣᠯᠤᠨ᠎ᠠ᠃ ᠲᠦᠷᠦᠯ ᠵᠦᠢᠯ ᠨᠢ ᠳᠤᠮᠳᠠᠳᠤ ᠤᠯᠤᠰ᠎ᠤᠨ ᠨᠢᠭᠡᠳᠦᠮᠡᠯ ᠬᠣᠯᠪᠣᠭ᠎ᠠ᠎ᠶ᠋ᠢᠨ ᠬᠥᠬᠡᠬᠣᠲᠠ᠎ᠶ᠋ᠢᠨ 〈ᠪᠠᠷᠠᠭᠤᠨᠳᠠᠬᠢ᠎ᠳᠦ ᠪᠤᠳᠤᠬᠤ〉 ᠬᠦᠢᠰᠦ ᠪᠠᠷᠢᠯᠭ᠎ᠠ ᠶ᠋ᠢ ᠪᠠᠢᠭᠤᠯᠵᠤ᠂ ᠢᠷᠡᠭᠡᠳᠦᠢ᠎ᠶ᠋ᠢᠨ ᠡᠭᠦᠯᠡᠨ ᠪᠤᠳᠤᠯᠳᠠ ᠵᠡᠷᠭᠡ ᠬᠣᠯᠪᠣᠭ᠍ᠳᠠᠯ ᠪᠦᠬᠦᠢ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ᠎ᠳᠦ ᠲᠡᠷᠢᠭᠦᠨ ᠦ᠂ ᠨᠠᠢᠳᠠᠪᠤᠷᠢᠲᠠᠢ᠂ ᠠᠮᠤᠷ ᠲᠦᠪᠱᠢᠨ ᠰᠠᠭᠤᠷᠢ ᠲᠥᠬᠥᠭᠡᠷᠦᠮᠵᠢ ᠬᠠᠩᠭᠠᠬᠤ᠎ᠶ᠋ᠢᠨ ᠲᠥᠯᠥᠭᠡ ᠶᠤᠮ》 ᠭᠡᠵᠦ ᠲᠤᠬᠠᠢ᠎ᠶ᠋ᠢᠨ ᠲᠠᠯᠠᠪᠠᠢ ᠳᠤ ᠠᠵᠢᠯ ᠵᠢᠯᠣᠭᠣᠳᠴᠤ᠌ ᠪᠠᠢᠭ᠍ᠰᠠᠨ ᠱᠢᠩ ᠲᠠᠢ ᠪᠦᠲᠦᠭᠡᠨ ᠪᠠᠢᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠲᠦᠷᠦᠯ ᠵᠦᠢᠯ᠎ᠦᠨ ᠭᠦᠢᠴᠡᠳᠭᠡᠭ᠌ᠴᠢ ᠳᠠᠭᠠᠭᠠᠮᠠᠯ ᠰᠦ᠍ ᠵᠧᠩ ᠳ᠋ᠦᠩ ᠲᠠᠨᠢᠯᠴᠠᠭᠤᠯᠪᠠ᠃
ᠦᠳᠡ ᠤᠢᠷᠠᠳᠤᠭᠰᠠᠨᠴᠤ ᠠᠵᠢᠯᠴᠢᠳ ᠠᠮᠠᠷᠠᠯ ᠦᠭᠡᠢ ᠪᠠᠷ ᠲᠥᠷᠥᠯ ᠵᠦᠢᠯ᠎ᠦᠨ ᠲᠤᠬᠠᠢ᠎ᠶ᠋ᠢᠨ ᠲᠠᠯᠠᠪᠠᠢ᠎ᠳᠤ ᠮᠣᠳᠣᠨ ᠬᠠᠪᠲᠠᠰᠤ ᠤᠭ᠍ᠰᠠᠷᠠᠵᠤ᠂ ᠱᠢᠷᠪᠥᠰᠥ ᠪᠣᠯᠣᠳ ᠪᠤᠭᠤᠵᠢᠯᠠᠵᠤ᠂ ᠪᠧᠲ᠋ᠤᠨ ᠴᠢᠳᠭᠤᠵᠤ ᠪᠠᠢᠯ᠎ᠠ᠃ ᠳᠡᠮᠡᠶ ᠬᠣᠯᠠ ᠥᠬᠡᠶ ᠭᠠᠵᠠᠷ᠎ᠲᠤ ᠨᠢᠭᠡᠨᠲᠡ ᠪᠦᠲᠦᠬᠡᠨ ᠪᠠᠢᠭᠤᠯᠤᠭ᠍ᠰᠠᠨ DC1᠂ DC2᠂ DC3᠂ DC4᠂ DC5 ᠳ᠋ᠠᠢᠲ᠋ᠠ᠎ᠶ᠋ᠢᠨ ᠲᠥᠪ ᠰᠦᠨᠳᠡᠷᠯᠡᠵᠦ᠍ ᠬᠠᠷᠠᠬᠳᠠᠨ᠎ᠠ᠃
ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠤᠳᠤ ᠶᠠᠭ ᠪᠦᠲᠦᠬᠡᠨ ᠪᠠᠢᠭᠤᠯᠵᠤ ᠪᠠᠢᠭ᠎ᠠ DC6᠂ DC7 ᠪᠠ DC8 ᠳ᠋ᠠᠢᠲ᠋ᠠ᠎ᠶ᠋ᠢᠨ ᠲᠥᠪ᠎ᠨᠢ ᠢᠷᠡᠬᠦ᠌ ᠵᠢᠯ᠎ᠦᠨ 6 ᠰᠠᠷ᠎ᠠ᠎ᠳᠤ ᠪᠠᠷᠢᠯᠭ᠎ᠠ ᠳᠠᠭᠤᠰᠭᠤ ᠪᠣᠯᠤᠨ᠎ᠠ᠃ ᠲᠤᠬᠠᠶ᠎ᠶ᠋ᠢᠨ ᠦᠶ᠎ᠡ᠎ᠳᠦ᠂ ᠲᠥᠷᠥᠯ ᠵᠦᠶ᠋ᠯ᠎ᠨᠢ ᠨᠠᠩ ᠣᠯᠠᠨ ᠢᠨᠲ᠋ᠧᠷ ᠰᠦᠯᠵᠢᠶ᠎ᠡ᠂ ᠮᠥᠩᠭᠥᠨ ᠭᠦᠶ᠋ᠯᠭᠡᠭᠡᠨ ᠵᠡᠷᠭᠡᠠᠵᠤ ᠠᠬᠤᠢᠯᠠᠯ ᠢ ᠲᠡᠳᠡᠨ ᠠᠪᠴᠢᠷᠠᠵᠤ᠂ ᠡᠬᠢᠨ ᠤ᠋ ᠪᠠ ᠡᠴᠦᠰ᠎ᠤᠨ ᠬᠡᠯᠬᠢᠶ᠎ᠡ᠎ᠶᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠠᠢᠴᠢᠯᠠᠬᠤ᠎ᠶ᠋ᠢᠨ ᠬᠠᠮᠲᠤ ᠶᠡᠬᠡ ᠬᠡᠮᠵᠢᠶᠡᠨ ᠦ ᠠᠵᠢᠯ ᠣᠯᠭᠣᠯᠲᠠ᠎ᠶ᠋ᠢᠨ ᠠᠵᠠ ᠲᠣᠬᠢᠶᠠᠯ ᠡᠭᠦᠳᠴᠦ᠍᠂ ᠬᠥᠬᠡᠬᠣᠲᠠ᠎ᠶ᠋ᠢᠨ ᠠᠵᠤ ᠦᠶ᠋ᠯᠡᠰ ᠦᠨ ᠪᠦᠲᠦᠴᠡ ᠶ᠋ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃