ᠬᠦᠴᠦᠳᠡᠯ ᠬᠤᠪᠢᠰᠬᠠᠬᠤ ᠥᠷᠲᠡᠭᠡᠨ ᠳ᠋ᠡᠬᠢ ᠪᠠᠳᠤ ᠰᠠᠬᠢᠶ᠎ᠡ
2025-10-07 10:56:09
ᠵᠣᠬᠢᠶᠠᠭ᠍ᠴᠢ᠄
ᠴᠠᠢ ᠰᠧ ᠶᠤᠸᠠᠨ ᠯᠢᠩ ᠵᠢᠶᠠ ᠢᠦᠢ
ᠣᠩᠱᠢᠭ᠍ᠰᠠᠨ ᠣᠳᠠᠭ᠎ᠠ᠄
★★★☆☆

ᠤᠯᠤᠰ᠎ᠤᠨ ᠪᠠᠶᠠᠷ᠂ ᠨᠠᠢ᠍ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠡᠯ᠎ᠡ ᠭᠠᠵᠠᠷ᠎ᠲᠤ ᠪᠠᠶᠠᠷ᠎ᠢᠶᠠᠷ ᠪᠢᠯᠬᠠᠵᠤ ᠪᠠᠢᠬᠤ ᠎ᠳᠤ ᠤᠯᠠᠭᠠᠨᠴᠠᠪ ᠬᠤᠳᠠ᠎ᠶ᠋ᠢᠨ ᠳᠥᠷᠪᠡᠳ ᠬᠣᠱᠢᠭᠤᠨ᠎ᠤ ᠬᠤᠩᠭᠤᠷ ᠰᠤᠮᠤᠨ᠎ᠳᠤ ᠪᠠᠢᠷᠢᠯᠠᠭ᠎ᠠ ᠥᠪᠥᠷ ᠮᠣᠩᠭᠣᠯ᠎ᠤᠨ ᠬᠡᠳᠤ ᠥᠨᠳᠥᠷ ᠬᠦᠴᠦᠳᠡᠯᠲᠦ ᠴᠠᠬᠢᠯᠭᠠᠨ ᠬᠠᠩᠭᠠᠬᠤ ᠺᠣᠮᠫᠠᠨᠢ ᠵᠢᠨ ᠷᠦᠢ ᠱᠧᠩ 500 ᠺᠢᠯᠤᠸᠤᠯᠲ᠎ᠤᠨ ᠬᠦᠴᠦᠳᠡᠯ ᠬᠤᠪᠢᠰᠬᠠᠬᠤ ᠦᠷᠳᠡᠭᠡ᠎ᠳᠦ ᠵᠢᠵᠢᠭᠦᠷᠯᠡᠭ᠌ᠴᠢᠳ ᠮᠥᠨ ᠬᠦ᠌ ᠶᠠᠭᠠᠷᠠᠯᠳᠠᠢ ᠠᠵᠢᠯᠯᠠᠵᠤ ᠪᠠᠢᠯ᠎ᠠ᠃

《ᠬᠤᠤᠰ ᠪᠠᠶᠠᠷ》 ᠤ᠋ᠨ ᠬᠤᠭᠤᠴᠠᠭᠠᠨ᠎ᠳᠤ ᠢᠷᠡᠵᠦ ᠶᠠᠪᠤᠬᠤ ᠬᠥᠮᠦᠰ ᠣᠯᠠᠨ᠂ ᠦᠵᠡᠮᠵᠢ᠎ᠶ᠋ᠢᠨ ᠭᠠᠵᠠᠷ ᠲᠤ᠌ ᠵᠢᠭᠤᠯᠴᠢᠯᠠᠭᠰᠠᠳ ᠣᠯᠠᠨ᠂ ᠰᠣᠶᠣᠯ᠎ᠤᠨ ᠠᠵᠢᠯᠯᠠᠭ᠎ᠠ ᠣᠯᠠᠨ ᠪᠤᠯᠬᠤᠷ ᠴᠠᠬᠢᠯᠭᠠᠨ ᠬᠦᠴᠦᠨ᠎ᠦ ᠠᠵᠢᠯᠲᠠᠳ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠪᠠᠶᠠᠷ᠎ᠤᠨ ᠬᠤᠭᠤᠴᠠᠭᠠᠨ᠎ᠳᠤ ᠴᠠᠬᠢᠯᠭᠠᠨ ᠲᠤᠤᠷ᠎ᠤᠨ ᠲᠣᠭ᠍ᠲᠠᠭᠤᠨ ᠠᠵᠢᠯᠯᠠᠭᠠᠨ ᠪᠠ ᠴᠠᠬᠢᠯᠭᠠᠨ ᠬᠦᠴᠦᠨ᠎ᠦ ᠨᠠᠢᠳᠠᠪᠤᠷᠢᠲᠠᠶ ᠬᠠᠩᠭᠠᠯᠭ᠎ᠠ ᠵᠢ ᠪᠠᠳᠤᠯᠠᠬᠤ  ᠴᠢᠬᠤᠯᠠᠲᠠᠢ ᠪᠠᠢᠲᠠᠬ ᠃

10 ᠰᠠᠷ᠎ᠠ᠎ᠶ᠋ᠢᠨ 5 ᠤ᠋ ᠥᠷᠯᠥᠭᠡ᠎ᠶ᠋ᠢᠨ 7 ᠴᠠᠭ᠎ᠲᠤ᠂ 3 ᠵᠢᠵᠢᠭᠦᠷᠯᠡᠭ᠌ᠴᠢ ᠲᠡᠷᠢ ᠲᠡᠭ᠌ᠰᠢ ᠬᠤᠪᠴᠠᠰᠤᠯᠠᠨ ᠲᠥᠬᠥᠭᠡᠷᠦᠮᠵᠢ᠎ᠪᠡᠨ ᠠᠪᠴᠤ᠌᠂ ᠲᠥᠬᠥᠭᠡᠷᠦᠮᠵᠢ᠎ᠶ᠋ᠢᠨ ᠲᠣᠭᠣᠷᠢᠭ᠎ᠲᠤ ᠬᠦᠷᠴᠦ᠍ ᠲᠣᠭᠣᠷᠢᠨ ᠪᠠᠢᠴᠠᠭᠠᠨ᠎ᠠ᠃ 《ᠠᠷᠪᠠᠨ ᠬᠡᠳᠦᠨ ᠵᠢᠯ ᠠᠵᠢᠯᠯᠠᠭᠠᠳ ᠪᠠᠶᠠᠷ᠎ᠤᠨ ᠡᠳᠦᠷ ᠵᠢᠡᠷ ᠭᠡᠷ᠎ᠲᠡᠬᠡᠨ ᠪᠠᠢᠬᠤ ᠦᠭᠡᠢ ᠪᠠᠢᠬᠰᠠᠭᠠᠷ  ᠭᠡᠷ᠎ᠦᠨ ᠬᠥᠮᠦᠰ ᠴᠦᠮ ᠳᠠᠳᠴᠠᠢ》 ᠭᠡᠵᠦ᠍ ᠷᠦᠢ ᠱᠧᠩ 500 ᠺᠢᠯᠦᠸᠤᠯᠲ᠎ᠤᠨ ᠬᠦᠴᠦᠳᠡᠯ ᠬᠤᠪᠢᠰᠬᠠᠬᠤ ᠥᠷᠲᠡᠭᠡᠨ᠎ᠦ ᠳᠡᠳ᠋ ᠳᠠᠷᠤᠭ᠎ᠠ ᠹᠠᠨ ᠶᠠᠨ ᠫᠸᠩ ᠬᠡᠯᠡᠨ᠎ᠠ᠃

ᠷᠦᠢ ᠱᠧᠩ 500 ᠺᠢᠯᠦᠸᠤᠯᠲ᠎ᠤᠨ ᠬᠦᠴᠦᠳᠡᠯ ᠬᠤᠪᠢᠰᠬᠠᠬᠤ ᠥᠷᠲᠡᠭᠡ᠎ᠶ᠋ᠢ 2024 ᠣᠨ᠎ᠤ 3 ᠰᠠᠷ᠎ᠠ᠎ᠶ᠋ᠢᠨ 27 ᠤ᠋ ᠡᠳᠦᠷ ᠵᠢᠩᠬᠢᠨᠢ᠎ᠪᠡᠷ ᠠᠱᠢᠭ᠍ᠯᠠᠯᠲᠠ᠎ᠳᠤ ᠣᠷᠣᠭᠤᠯᠪᠠ᠂ ᠡᠨᠡ᠎ᠨᠢ ᠲᠤᠬᠠᠶ᠎ᠶ᠋ᠢᠨ ᠭᠠᠵᠠᠷ᠎ᠤᠨ 250 ᠲᠦᠮᠡᠨ ᠺᠢᠯᠦᠸᠠᠲ᠎ᠤᠨ ᠰᠠᠯᠬᠢᠨ ᠬᠥᠴᠥ ᠬᠡᠷᠡᠯᠴᠢ ᠴᠡᠨᠡᠭ  ᠤ᠋ᠨ ᠴᠠᠬᠢᠯᠭᠠᠨ ᠢ᠋ ᠬᠦᠷᠭᠡᠬᠦ ᠬᠡᠷᠡᠭ᠌ᠴᠡᠭᠡ᠎ᠶ᠋ᠢ ᠬᠠᠩᠭᠠᠵᠤ᠂ ᠪᠤᠬᠢᠷᠳᠤᠯ ᠦᠭᠡᠢ ᠴᠠᠬᠢᠯᠭᠠᠨ ᠢ᠋ ᠲᠠᠰᠤᠷᠠᠯᠲᠠ ᠥᠬᠡᠶ ᠪᠥᠬᠥ᠌ ᠤᠯᠤᠰ᠎ᠤᠨ ᠡᠯ᠎ᠡ ᠭᠠᠵᠠᠷ᠎ᠲᠤ ᠬᠦᠷᠭᠡᠵᠦ᠍᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠪᠦᠲᠦᠴᠡ᠎ᠶ᠋ᠢ ᠳᠣᠭᠢᠷᠠᠭᠤᠯᠬᠤ᠂ ᠴᠠᠬᠢᠯᠭᠠᠨ ᠲᠤᠤᠷ᠎ᠲᠤ ᠨᠠᠩ ᠣᠯᠠᠨ ᠴᠡᠪᠡᠷ᠂ ᠪᠠᠭ᠎ᠠ ᠨᠡᠭᠦᠷᠡᠰᠦᠲᠥ᠋ᠷᠥᠭ᠌ᠴᠢᠲᠦ ᠡᠨᠧᠷᠭᠢ ᠣᠷᠣᠭᠤᠯᠬᠤ᠎ᠳᠤ ᠢᠳᠡᠪᠬᠢᠲᠡᠶ ᠦᠢᠯᠡᠳᠦᠯ ᠦᠵᠡᠭᠦᠯᠵᠤ ᠪᠠᠢᠨ᠎ᠠ᠃

《ᠪᠠᠶᠠᠷ ᠳᠤᠷᠠᠰᠭᠠᠯ᠎ᠤᠨ ᠠᠮᠠᠷᠠᠯᠳᠠ ᠵᠢᠨ ᠡᠳᠦᠷ ᠎ᠤᠨ ᠴᠠᠬᠢᠯᠭᠠᠨ ᠢ᠋ ᠪᠠᠲᠤᠯᠠᠬᠤ ᠪᠣᠯ ᠴᠢᠬᠤᠯᠠ ᠶᠡᠬᠡ ᠶᠠᠪᠤᠳᠠᠯ ᠮᠥᠨ᠂ ᠬᠠᠰᠢ ᠶᠠᠰᠢ ᠪᠠᠢᠵᠤ ᠪᠣᠯᠬᠤ ᠥᠬᠡᠶ᠂ ᠠᠰᠠᠭᠤᠳᠠᠯ ᠭᠠᠷᠪᠠᠯ ᠶᠡᠬᠡ ᠤᠴᠢᠷ ᠪᠣᠯᠤᠨ᠎ᠠ᠃ ᠪᠠᠶᠠᠷ ᠳᠤᠷᠠᠰᠭᠠᠯ ᠤ᠋ᠨ ᠠᠮᠠᠷᠠᠯᠲᠠ᠎ᠶ᠋ᠢᠨ ᠡᠳᠦᠷ ᠪᠣᠯ ᠴᠠᠬᠢᠯᠭᠠᠨ ᠬᠡᠷᠡᠭ᠌ᠯᠡᠬᠦ᠌ ᠣᠷᠭᠢᠯ ᠬᠤᠭᠤᠴᠠᠭ᠎ᠠ ᠪᠣᠯᠤᠨ᠎ᠠ᠂ ᠪᠢᠳᠡ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠬᠡᠮᠵᠢᠭᠦᠷᠯᠢᠭ ᠲᠥᠬᠥᠭᠡᠷᠦᠮᠵᠢ ᠵᠡᠷᠭᠡ᠎ᠳᠦ ᠲᠤᠰᠭᠠᠶ ᠪᠠᠢᠴᠠᠭᠠᠯᠲᠠ ᠬᠢᠵᠦ᠍᠂ ᠣᠨᠴᠠᠭᠠᠶ ᠲᠣᠭᠣᠷᠢᠨ ᠪᠠᠢᠴᠠᠭᠠᠯᠲᠠ ᠥᠷᠨᠢᠭᠦᠯᠦᠨ᠂ ᠲᠥᠬᠥᠭᠡᠷᠦᠮᠵᠢ᠎ᠶ᠋ᠢᠨ ᠳᠤᠲᠠᠭ᠍ᠳᠠᠯ᠎ᠢ ᠮᠥᠷᠳᠡᠵᠦ᠍᠂ ᠪᠠᠰᠠ ᠡᠨᠳᠡᠯ ᠢ᠋ ᠠᠷᠭᠠᠴᠠᠭᠠᠬᠤ ᠪᠡᠯᠡᠳᠭᠡᠯ ᠰᠣᠷᠢᠯᠲᠠ ᠬᠢᠵᠦ᠍᠂ ᠥᠴᠦᠬᠡᠨ ᠴᠦ᠍ ᠠᠯᠳᠠᠰᠢ ᠭᠠᠷᠭᠠᠬᠤ ᠥᠬᠡᠶ ᠪᠠᠢᠬᠤ᠎ᠶ᠋ᠢ ᠵᠠᠪᠠᠯ  ᠪᠠᠲᠤᠯᠠᠬᠤ ᠬᠠᠷᠢᠭᠤᠴᠠᠯᠭ᠎ᠠ ᠲᠠᠢ ᠪᠠᠢᠲᠠᠬ!》 ᠭᠡᠵᠦ᠍ ᠹᠠᠨ ᠶᠠᠨ ᠫᠸᠩ ᠬᠡᠯᠡᠵᠤ ᠪᠠᠢᠯ᠎ᠠ᠃ ᠲᠣᠰᠣ ᠨᠡᠮᠡᠬᠦ᠌ ᠲᠥᠬᠥᠭᠡᠷᠦᠮᠵᠢ᠎ᠶ᠋ᠢᠨ ᠲᠣᠰᠣᠨ᠎ᠤ ᠪᠠᠢᠷᠢ᠎ᠶ᠋ᠢ ᠨᠠᠷᠢᠨ ᠪᠠᠢᠴᠠᠭᠠᠵᠤ᠂ ᠲᠥᠬᠥᠭᠡᠷᠦᠮᠵᠢ᠎ᠶ᠋ᠢᠨ ᠤᠲᠠᠰᠤ ᠵᠠᠯᠭᠠᠬᠤ ᠬᠠᠪᠲᠠᠰᠤ ᠪᠠ ᠴᠠᠬᠢᠯᠭᠠᠨ ᠤᠳᠠᠰᠤᠨ᠎ᠦ ᠥᠵᠥᠬᠥᠷ  ᠬᠠᠯᠠᠵᠤ ᠪᠠᠢᠬᠤ ᠡᠰᠡᠬᠦ᠌᠎ᠶ᠋ᠢ ᠦᠵᠡᠵᠤ᠂ ᠲᠥᠬᠥᠭᠡᠷᠦᠮᠵᠢ᠎ᠳᠦ ᠤᠯᠠᠭᠠᠨ᠎ᠤ ᠭᠠᠳᠠᠨᠠᠬᠢ ᠲᠤᠶᠠᠭ᠎ᠠ ᠪᠡᠷ ᠳᠤᠯᠠᠭᠠᠨ᠎ᠤ ᠬᠡᠮᠵᠢᠯᠲᠡ ᠬᠢᠨ᠎ᠡ ᠁ ᠠᠮᠠᠷᠠᠯᠲᠠ᠎ᠶ᠋ᠢᠨ ᠬᠤᠭᠤᠴᠠᠭᠠᠨ᠎ᠳᠤ᠂ ᠵᠢᠵᠢᠭᠦᠷᠯᠡᠭ᠌ᠴᠢ ᠪᠣᠯᠭᠠᠨ ᠬᠦᠨᠳᠦ ᠠᠵᠢᠯ ᠢ᠋ ᠡᠭᠦᠷᠭᠡᠯᠡᠵᠤ᠂ ᠠᠩᠬᠠᠷᠤᠯ ᠵᠢᠡᠨ ᠳᠡᠭᠡᠳᠤ ᠬᠡᠮᠵᠢᠶ᠎ᠡ᠎ᠪᠡᠷ ᠲᠥᠪᠯᠡᠷᠡᠬᠦᠯᠵᠦ᠍᠂ ᠦᠴᠦᠭᠡᠨ ᠴᠸ᠋ ᠴᠠᠯᠠᠭᠠᠢᠷᠠᠵᠦ ᠪᠤᠯᠬᠤ ᠦᠭᠡᠢ ᠪᠠᠢᠳᠠᠭ᠃

ᠭᠣᠣᠯ ᠬᠦᠴᠦᠳᠡᠯ ᠬᠤᠪᠢᠰᠬᠠᠬᠴᠢ᠂ ᠴᠠᠬᠢᠯᠭᠠᠨ ᠪᠠᠭ᠍ᠲᠠᠭᠠᠭ᠍ᠴᠢ᠂ ᠴᠠᠬᠢᠯᠭᠠᠨ ᠬᠦᠴᠦᠳᠡᠯ᠎ᠦᠨ ᠨᠦᠯᠦᠭᠡᠯᠡᠯᠴᠡᠬᠦᠷ᠂ ᠴᠠᠬᠢᠯᠭᠠᠨ ᠬᠦᠶᠦᠳᠡᠯ᠎ᠦᠨ ᠨᠦᠯᠦᠭᠡᠯᠡᠯᠴᠡᠬᠦᠷ ᠁ ᠬᠦᠴᠦᠳᠡᠯ ᠬᠤᠪᠢᠰᠬᠠᠬᠤ ᠤᠢ᠍ᠷᠳᠡᠭᠡ᠎ᠶ᠋ᠢᠨ ᠵᠢᠵᠢᠭᠦᠷᠯᠡᠭᠴᠢ ᠪᠠᠶᠠᠷ᠎ᠤᠨ ᠡᠳᠦᠷ᠎ᠲᠦ ᠡᠯ᠎ᠡ ᠵᠦᠢᠯ᠎ᠦᠨ ᠴᠠᠬᠢᠯᠭᠠᠨ ᠬᠠᠩᠭᠠᠬᠤ ᠲᠥᠬᠥᠭᠡᠷᠦᠮᠵᠢ ᠨᠤᠬᠦᠳ ᠵᠢᠡᠨ ᠠᠵᠢᠯᠯᠠᠭᠤᠯᠵᠦ ᠪᠠᠢᠳᠠᠭ᠃ 《ᠬᠦᠴᠦᠳᠡᠯ ᠬᠤᠪᠢᠰᠬᠠᠬᠤ ᠤᠢ᠍ᠷᠳᠡᠭᠡ ᠶᠠᠭ ᠨᠢᠭᠡ ᠨᠢᠭᠡ ᠴᠡᠭ ᠮᠡᠲᠦ ᠵᠠᠯᠭᠠᠯᠳᠤᠬᠰᠠᠭᠠᠷ ᠪᠠᠢᠵᠦ ᠨᠢᠭᠡᠨ ᠴᠠᠬᠢᠯᠭᠠᠨ ᠲᠣᠣᠷ᠎ᠢ ᠪᠦᠷᠢᠯᠳᠦᠭᠦᠯᠦᠨ᠎ᠠ᠃ 500 ᠺᠢᠯᠤᠸᠤᠯᠲ᠎ᠤᠨ ᠭᠣᠣᠯ ᠴᠠᠬᠢᠯᠭᠠᠨ ᠲᠣᠣᠷ᠎ᠲᠤ ᠪᠠᠭ᠎ᠠ ᠶᠠᠪᠤᠳᠠᠯ ᠭᠡᠵᠦ᠍ ᠦᠭᠡᠢ᠂ ᠬᠡᠳᠦᠢᠪᠡᠷ ᠮᠠᠰᠢ ᠤᠯᠠᠨ ᠪᠠᠶᠠᠷ᠎ᠤᠨ ᠡᠳᠦᠷ ᠭᠡᠷ᠎ᠦᠨ ᠬᠥᠮᠦᠰ᠎ᠲᠡᠶ᠎ᠪᠡᠨ ᠠᠭᠤᠯᠵᠠᠵᠦ ᠲᠡᠢᠯᠦᠭᠰᠡᠨ ᠦᠬᠡᠢ ᠴᠦ᠍᠂ ᠪᠢᠳᠡᠨ ᠤ᠋ ᠠᠵᠢᠯ ᠤᠯᠠᠨ ᠠᠢᠯ ᠭᠡᠷ ᠪᠠ ᠦᠢᠯᠡᠳᠪᠦᠷᠢ᠎ᠶ᠋ᠢᠨ ᠴᠠᠬᠢᠯᠭᠠᠨ ᠬᠡᠷᠡᠭ᠌ᠯᠡᠬᠦ᠌᠎ᠲᠠᠶ ᠬᠣᠯᠪᠣᠭ᠍ᠳᠠᠨ᠎ᠠ ᠭᠡᠳᠡᠭ᠎ᠢ ᠪᠤᠲᠤᠪᠠᠯ᠂ ᠡᠷᠴᠢ ᠲᠡᠭᠦᠯᠳᠡᠷ ᠪᠠᠢᠵᠤ᠂ ᠬᠡᠳᠦᠢ ᠶᠠᠳᠠᠷᠠᠭ᠍ᠰᠠᠨ ᠴᠤ᠌ ᠪᠡᠨ᠎ᠡ᠎ᠲᠡᠶ!》 ᠭᠡᠵᠦ᠍ ᠵᠢᠵᠢᠬᠦᠷ᠎ᠤᠨ ᠳᠠᠷᠤᠭ᠎ᠠ ᠯᠢᠦ ᠫᠸᠩ ᠬᠡᠯᠡᠵᠤ ᠪᠠᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号