ᠡᠯᠡᠰᠦᠨ ᠴᠥᠯ ᠤ᠋ᠨ ᠭᠠᠢᠬᠠᠮᠰᠢᠬᠳᠤ ᠰᠤᠶᠤᠯ ᠵᠢᠭᠤᠯᠴᠢᠯᠠᠯ ᠳᠥᠷᠪᠡᠨ ᠵᠦᠭ ᠤ᠋ᠨ ᠵᠢᠭᠤᠯᠴᠢᠯᠠᠭ᠍ᠰᠠᠳ᠎ᠢ ᠲᠡᠳᠡᠨ᠎ᠠ
2025-10-08 10:13:59
ᠵᠣᠬᠢᠶᠠᠭ᠍ᠴᠢ᠄
ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

ᠤᠷᠤᠯᠳᠤᠭᠠᠨ ᠦᠵᠡᠵᠤ᠂ ᠡᠯᠡᠰᠦᠨ ᠳᠠᠯᠠᠢ ᠪᠡᠷ ᠲᠤᠭᠤᠷᠢᠵᠤ᠂ ᠠᠯᠲᠠᠨ ᠨᠠᠮᠤᠷ᠎ᠤᠨ ᠲᠤᠤᠷᠠᠶ ᠵᠢᠨ ᠤᠢ ᠵᠢ ᠰᠤᠨᠢᠷᠬᠠᠵᠤ᠂ ᠰᠣᠶᠣᠯ᠎ᠤᠨ ᠠᠵᠢᠯᠯᠠᠭ᠎ᠠ ᠳ᠋ᠤ ᠤᠷᠤᠯᠴᠠᠵᠤ᠂ ᠣᠨᠴᠠᠯᠢᠭ᠍ᠲᠤ ᠠᠮᠲᠠᠲᠤ ᠢᠳᠡᠭᠡᠨ᠎ᠢ ᠠᠮᠳᠠᠯᠠᠨ᠎ᠠ ᠁ ᠤᠯᠤᠰ᠎ᠤᠨ ᠪᠠᠶᠠᠷ ᠪᠠ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠎ᠤᠨ ᠠᠮᠠᠷᠠᠯᠲᠠ ᠳ᠋ᠤ᠂ 2025 ᠠᠯᠠᠱᠠ᠎ᠶ᠋ᠢᠨ ᠪᠠᠭᠠᠲᠤᠷᠴᠤᠳ᠎ᠤᠨ ᠴᠤᠭ᠍ᠯᠠᠭᠠᠨ᠂ ᠬᠣᠷᠢᠨ ᠵᠢᠷᠭᠤᠳᠤᠭᠠᠷ ᠬᠤᠭᠤᠴᠠᠭᠠᠨ᠎ᠤ ᠡᠵᠡᠨ᠎ᠡ᠎ᠶ᠋ᠢᠨ ᠠᠯᠲᠠᠨ ᠨᠠᠮᠤᠷ᠎ᠤᠨ ᠲᠤᠤᠷᠠᠶ ᠵᠢᠨ ᠤᠢ᠎ᠶ᠋ᠢᠨ ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠨᠠᠢᠷ᠂ ᠬᠣᠷᠢᠳᠤᠭᠠᠷ ᠬᠤᠭᠤᠴᠠᠭᠠᠨ᠎ᠤ ᠬᠡᠭᠡᠷᠡᠯᠡᠨ ᠠᠶᠠᠯᠠᠬᠤ e ᠠᠩᠭᠢ ᠵᠢᠨ ᠠᠯᠠᠱᠠ ᠳ᠋ᠡᠬᠢ ᠪᠠᠭᠠᠲᠤᠷᠴᠤᠳ᠎ᠤᠨ ᠴᠤᠭ᠍ᠯᠠᠭᠠᠨ ᠵᠡᠷᠭᠡ ᠰᠣᠶᠣᠯ ᠵᠢᠭᠤᠯᠴᠢᠯᠠᠯ᠎ᠤᠨ ᠠᠵᠢᠯᠯᠠᠭ᠎ᠠ ᠪᠠ ᠤᠷᠤᠯᠳᠤᠭᠠᠨ ᠶᠠᠪᠤᠭᠳᠠᠵᠤ᠂ ᠳᠥᠷᠪᠡᠨ ᠵᠦᠭ ᠨᠠᠶ᠋ᠮᠠᠨ ᠵᠣᠪᠬᠢᠰ ᠤ᠋ᠨ ᠬᠡᠭᠡᠷᠡᠯᠡᠬᠦ ᠪᠠᠬᠠᠳᠠᠳ ᠵᠢᠴᠢ ᠵᠢᠭᠤᠯᠴᠢᠯᠠᠭ᠍ᠰᠠᠳ ᠠᠯᠠᠱᠠ᠎ᠳᠤ ᠴᠤᠭ᠍ᠯᠠᠷᠠᠪᠠ᠃ ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ ᠵᠢᠭᠤᠯᠴᠢᠯᠠᠭ᠍ᠰᠠᠳ ᠪᠠᠭ᠍ᠰᠢᠷᠠᠯᠳᠤᠨ᠂ ᠲᠡᠷᠭᠡ ᠬᠦᠰᠭᠡ ᠰᠦᠯᠵᠢᠯᠳᠦᠵᠤ᠂ ᠲᠤᠬᠠᠢ᠎ᠶ᠋ᠢᠨ ᠭᠠᠵᠠᠷ᠎ᠤᠨ ᠵᠢᠭᠤᠯᠴᠢᠯᠠᠯ ᠢ᠋ ᠦᠷᠭᠦᠯᠵᠢᠯᠡᠨ ᠬᠦᠭᠵᠢᠭᠡᠵᠤ᠂ ᠠᠯᠳᠠᠨ ᠨᠠᠮᠤᠷ᠎ᠤᠨ ᠬᠠᠮᠤᠭ᠎ᠤᠨ ᠬᠦᠭᠵᠢᠶᠡᠨᠳᠠᠢ ᠵᠢᠭᠤᠯᠴᠢᠯᠠᠯ᠎ᠤᠨ ᠤᠯᠠᠷᠢᠯ᠎ᠢ ᠤᠭ᠍ᠲᠤᠨ ᠠᠪᠤᠯ᠎ᠠ᠃

ᠲᠣᠰ ᠬᠤᠭᠤᠴᠠᠭᠠᠨ᠎ᠤ ᠪᠠᠭᠠᠲᠤᠷᠴᠤᠳ᠎ᠤᠨ ᠴᠤᠭᠯᠠᠭᠠᠨ ᠨᠢ 《ᠦᠵᠡᠰᠭᠦᠯᠡᠩ᠂ ᠴᠤᠬᠯᠠᠭᠠᠨ᠂ ᠤᠷᠤᠯᠳᠤᠭᠠᠨ᠂ ᠲᠣᠭ᠍ᠯᠠᠯᠲᠠ᠂ ᠵᠤᠭ᠎ᠠ ᠴᠡᠩᠭᠡᠯ》 ᠵᠡᠷᠭᠡ ᠲᠠᠪᠤᠨ ᠶᠡᠬᠡ ᠠᠭᠤᠯᠭ᠎ᠠ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ 28 ᠵᠦᠶ᠋ᠯ᠎ᠦᠨ ᠣᠨᠴᠠᠯᠢᠭ᠍ᠲᠤ ᠠᠵᠢᠯᠯᠠᠭ᠎ᠠ᠎ᠶ᠋ᠢ ᠨᠠᠷᠢᠨ ᠨᠢᠮᠪᠠᠶ ᠲᠤᠬᠢᠷᠠᠭᠤᠯᠵᠤ᠂ ᠠᠩᠬ᠎ᠠ ᠤᠳᠠᠭ᠎ᠠ 9 ᠡᠳᠦᠷ ᠵᠢᠡᠷ ᠲᠦᠯᠦᠪᠵᠢᠭᠦᠯᠵᠤ᠂ 《ᠨᠢᠭᠡ ᠪᠢᠯᠧᠲ ᠵᠢᠡᠷ ᠨᠡᠢᠳᠡᠮ ᠨᠠᠭᠠᠳᠭᠤ》 ᠠᠷᠠᠳ᠎ᠲᠤ ᠠᠱᠢᠭ ᠬᠦᠷᠲᠡᠭᠡᠬᠦ᠌ ᠪᠢᠯᠧᠲ ᠭᠠᠷᠭᠠᠵᠤ᠂ ᠡᠭᠦᠳᠡ ᠪᠢᠯᠸᠲ᠂ ᠲᠣᠭ᠍ᠯᠠᠯᠲᠠ ᠰᠣᠨᠢᠷᠬᠠᠬᠤ᠂ ᠦᠵᠡᠰᠭᠦᠯᠡᠩ ᠦᠵᠡᠬᠦ᠂ ᠤᠷᠤᠯᠳᠤᠭᠠᠨ ᠦᠵᠡᠬᠦ ᠵᠡᠷᠭᠡ ᠣᠯᠠᠨ ᠵᠦᠶ᠋ᠯ ᠢ᠋ ᠬᠠᠮᠤᠷᠴᠠᠶ; T2 ᠡᠯᠡᠰᠦᠨ ᠴᠥᠯ᠎ᠦᠨ ᠷᠠᠯᠯᠢ ᠤᠷᠤᠯᠳᠤᠭᠠᠨ ᠵᠡᠷᠭᠡ ᠲᠤᠰᠭᠠᠶ ᠮᠡᠷᠭᠡᠵᠢᠯ᠎ᠦᠨ ᠲᠥᠷᠥᠯ ᠵᠦᠶ᠋ᠯ᠎ᠳᠦ ᠵᠠᠭᠤᠨ ᠲᠦᠮᠡᠨ ᠱᠠᠩᠨᠠᠯ᠎ᠤᠨ ᠮᠥᠩᠭᠥ᠌ ᠲᠣᠬᠢᠷᠠᠭᠤᠯᠵᠤ᠂ ᠡᠯᠡᠰᠦᠨ ᠴᠥᠯ᠎ᠦᠨ ᠬᠡᠭᠡᠷᠡᠯᠡᠨ ᠠᠶᠠᠯᠠᠬᠤ ᠪᠣᠯᠪᠠᠰᠤᠷᠠᠯ᠎ᠤᠨ ᠬᠤᠸᠠᠷᠠᠨ᠂ ᠺᠠᠷᠲ᠋ᠢᠩ ᠲᠡᠷᠭᠡ ᠤᠷᠤᠯᠳᠤᠬᠤ ᠵᠡᠷᠭᠡ ᠣᠯᠠᠨ ᠨᠡᠢᠲᠡ᠎ᠶ᠋ᠢᠨ ᠪᠡᠶᠡᠴᠢᠯᠡᠨ ᠣᠢᠯᠠᠭᠠᠬᠤ ᠲᠥᠷᠥᠯ ᠵᠦᠶ᠋ᠯ ᠭᠠᠷᠭᠠᠵᠤ᠂ ᠤᠯᠠᠨ ᠤ᠋ ᠬᠦᠰᠡᠨ ᠬᠦᠯᠢᠶᠡᠭᠰᠡᠨ ᠳᠠᠭᠤᠤ ᠬᠥᠭ᠌ᠵᠢᠮ᠎ᠦᠨ ᠨᠠᠢᠷ ᠨᠢ ᠴᠦ᠍ ᠪᠥᠬᠥ᠌ ᠲᠠᠯ᠎ᠠ᠎ᠪᠠᠷ ᠲᠠᠰ ᠳᠡᠪᠱᠢᠵᠦ᠍᠂ ᠮᠠᠰᠢᠨ ᠲᠡᠷᠭᠡ᠎ᠪᠡᠷ ᠲᠣᠭᠣᠷᠢᠨ ᠵᠢᠭᠤᠯᠴᠢᠯᠠᠬᠤ᠂ ᠬᠤᠸᠠᠷ ᠫᠤᠤᠵᠢᠩ᠎ᠤᠨ ᠦᠵᠡᠭᠦᠯᠭᠡ ᠵᠡᠷᠭᠡ ᠣᠨᠴᠠᠯᠢᠭ᠍ᠲᠤ ᠠᠵᠢᠯᠯᠠᠭ᠎ᠠ ᠲᠤᠬᠢᠷᠠᠭᠤᠯᠵᠤ᠂ ᠵᠢᠭᠤᠯᠴᠢᠯᠠᠭᠰᠠᠳ ᠲᠤ᠌ ᠪᠠᠶᠠᠷ ᠪᠠᠬᠠᠳᠤᠯ ᠠᠪᠴᠢᠷᠠᠪᠠ᠃

《ᠬᠤᠶᠠᠷ ᠪᠠᠶᠠᠷ》 ᠤ᠋ᠨ ᠬᠤᠭᠤᠴᠠᠭᠠᠨ᠎ᠳᠤ᠂ ᠬᠣᠷᠢᠨ ᠵᠢᠷᠭᠤᠳᠤᠭᠠᠷ ᠬᠤᠭᠤᠴᠠᠭᠠᠨ᠎ᠤ ᠡᠵᠡᠨ᠎ᠡ᠎ᠶ᠋ᠢᠨ ᠠᠯᠲᠠᠨ ᠨᠠᠮᠤᠷ᠎ᠤᠨ ᠲᠤᠤᠷᠠᠶ ᠵᠢᠨ ᠤᠢ᠎ᠶ᠋ᠢᠨ ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠨᠠᠢᠷ ᠨᠢᠵᠢᠭᠢᠷ ᠶᠠᠪᠤᠭ᠍ᠳᠠᠵᠤ᠂ ᠥᠪᠡᠷᠮᠢᠴᠡ ᠣᠨᠴᠠᠯᠢᠭ᠎ᠲᠠᠶ ᠤᠷᠠᠨ ᠰᠠᠢᠬᠠᠨ᠎ᠤ ᠲᠣᠭ᠍ᠯᠠᠯᠲᠠ᠂ 《ᠮᠢᠩᠭᠠᠨ ᠣᠨ᠎ᠤ ᠲᠤᠤᠷᠠᠶ ᠵᠢᠨ ᠤᠢ᠂ ᠵᠠᠭᠤᠨ ᠵᠢᠯ᠎ᠦᠨ ᠬᠤᠪᠢ ᠪᠠᠷᠢᠯᠳᠤᠯᠭ᠎ᠠ》 ᠬᠠᠮᠲᠤ᠎ᠶ᠋ᠢᠨ ᠬᠤᠷᠢᠮ᠂ 2025·ᠡᠵᠡᠨ᠎ᠡ᠎ᠶ᠋ᠢᠨ ᠲᠤᠤᠷᠠᠶ ᠶ᠋ᠢᠨ ᠣᠶ᠎ᠶ᠋ᠢᠨ ᠤᠨᠴᠠ ᠳᠡᠰ ᠤ᠋ᠨ ᠬᠡᠭᠡᠷᠡᠯᠡᠬᠦ᠌ ᠤᠷᠤᠯᠳᠤᠭᠠᠨ ᠵᠡᠷᠭᠡ ᠪᠠᠶᠠᠯᠢᠭ ᠰᠠᠢᠬᠠᠨ ᠰᠣᠶᠣᠯ ᠵᠢᠭᠤᠯᠴᠢᠯᠠᠯ᠎ᠤᠨ ᠠᠵᠢᠯᠯᠠᠭ᠎ᠠ ᠨᠢ ᠵᠢᠭᠤᠯᠴᠢᠯᠠᠭ᠍ᠰᠠᠳ᠎ᠲᠤ ᠮᠠᠷᠲᠠᠭ᠍ᠳᠠᠰᠢ ᠥᠬᠡᠶ ᠲᠦᠷᠦᠭᠳᠡᠯ ᠤᠯᠭᠤᠵᠠᠢ᠃ ᠡᠭᠦᠨ᠎ᠦ ᠬᠠᠮᠲᠤ᠂ ᠴᠣ ᠱᠢᠨ᠎ᠡ ᠲᠤᠤᠷᠠᠶ᠎ᠶ᠋ᠢᠨ ᠣᠶ᠎ᠶ᠋ᠢᠨ ᠵᠢᠵᠢᠭ ᠭᠠᠯᠲᠤ ᠲᠡᠷᠭᠡ᠂ ᠰᠤᠪᠨᠠᠭᠤᠷ — ᠬᠠᠷᠠᠠᠤᠰᠤ ᠬᠣᠲᠠ᠎ᠶ᠋ᠢᠨ ᠪᠠᠭᠤᠷᠢ ᠵᠢ ᠬᠠᠢᠬᠤ·ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠢ ᠲᠠᠢᠯᠪᠤᠷᠢᠯᠠᠬᠤ·ᠰᠤᠪᠨᠠᠭᠤᠷ᠎ᠤᠨ ᠲᠡᠦᠬᠡ ᠰᠣᠶᠣᠯ᠎ᠤᠨ ᠲᠣᠭᠠᠴᠢᠯᠠᠭ᠍ᠰᠠᠨ ᠦᠵᠡᠭᠦᠯᠭᠡ ᠵᠡᠷᠭᠡ ᠤᠨᠴᠠᠯᠢᠬ᠍ᠳᠤ ᠲᠥᠷᠥᠯ ᠵᠦᠶ᠋ᠯ ᠵᠢᠡᠷ ᠵᠢᠭᠤᠯᠴᠢᠯᠠᠭᠰᠠᠳ᠎ᠲᠤ ᠡᠵᠡᠨ᠎ᠡ᠎ᠶ᠋ᠢᠨ ᠥᠪᠡᠷᠮᠢᠴᠡ ᠲᠠᠲᠠᠬᠤ ᠬᠦᠴᠦᠨ᠎ᠢ ᠪᠥᠬᠥ᠌ ᠲᠠᠯ᠎ᠠ᠎ᠪᠠᠷ ᠭᠦᠨᠵᠡᠭᠡᠢ ᠤᠢᠯᠠᠭᠠᠭᠤᠯᠪᠠ᠃

ᠤᠷᠤᠯᠳᠤᠭᠠᠨ᠎ᠤ ᠲᠤᠭ ᠨᠠᠮᠢᠷᠠᠵᠤ᠂ ᠲᠡᠷᠭᠡ ᠬᠦᠷᠴᠢᠭᠢᠨᠡᠨ᠂ ᠬᠥᠮᠦᠰ ᠤᠤᠬᠠᠢᠯᠠᠨ᠎ᠠ᠃ ᠠᠯᠠᠱᠠ ᠪᠠᠷᠠᠭᠤᠨ ᠬᠣᠱᠢᠭᠤᠨ᠎ᠳᠤ᠂ 2025 ᠬᠣᠷᠢᠳᠤᠭᠠᠷ ᠬᠤᠭᠤᠴᠠᠭᠠᠨ᠎ᠤ ᠬᠡᠭᠡᠷᠡᠯᠡᠨ ᠠᠶᠠᠯᠠᠬᠤ e ᠠᠩᠭᠢ ᠵᠢᠨ ᠠᠯᠠᠱᠠ ᠳ᠋ᠡᠬᠢ ᠪᠠᠭᠠᠲᠤᠷᠴᠤᠳ᠎ᠤᠨ ᠴᠤᠭᠯᠠᠭᠠᠨ ᠪᠠᠳᠠᠢ᠎ᠶ᠋ᠢᠨ ᠵᠢᠷᠠᠨ᠎ᠤ ᠡᠯᠡᠰᠦᠨ ᠳ᠋ᠤ ᠶᠠᠪᠤᠭ᠍ᠳᠠᠵᠤ᠂ ᠨᠠᠷᠢᠨ ᠨᠢᠮᠪᠠᠶ ᠪᠡᠯᠡᠳᠭᠡᠭ᠌ᠰᠡᠨ 《ᠤᠷᠤᠯᠳᠤᠭᠠᠨ᠂ ᠲᠣᠭ᠍ᠯᠠᠯᠲᠠ᠂ ᠵᠤᠭ᠎ᠠ ᠴᠡᠩᠭᠡᠯ᠂ ᠴᠤᠭ᠍ᠯᠠᠭᠠᠨ ᠦᠵᠡᠰᠭᠦᠯᠡᠩ᠂ ᠶᠠᠷᠢᠶᠠᠨ᠎ᠤ ᠲᠠᠪᠴᠠᠩ᠂ ᠬᠤᠸᠠᠷᠠᠨ᠎ᠤ ᠰᠣᠶᠣᠯ᠂ ᠥᠪᠡᠰᠦᠪᠡᠨ ᠲᠡᠷᠭᠡ ᠵᠢᠯᠣᠭᠣᠳᠴᠤ ᠲᠤᠭᠤᠷᠢᠬᠤ》 ᠵᠡᠷᠭᠡ ᠲᠤᠯᠤᠭᠠᠨ ᠲᠣᠮᠣ ᠬᠡᠰᠡᠭ᠎ᠦᠨ 28 ᠵᠦᠶ᠋ᠯ᠎ᠦᠨ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠨᠢ ᠪᠥᠬᠥ᠌ ᠤᠯᠤᠰ᠎ᠤᠨ ᠡᠯ᠎ᠡ ᠭᠠᠵᠠᠷ ᠡᠴᠡ ᠬᠦᠷᠦᠯᠴᠡᠨ ᠢᠷᠡᠭ᠌ᠰᠡᠨ ᠮᠠᠱᠢᠨ ᠲᠡᠷᠭᠡᠨ᠎ᠦ ᠪᠠᠬᠠᠳᠠᠳ᠂ ᠵᠢᠭᠤᠯᠴᠢᠯᠠᠭᠰᠠᠳ᠎ᠲᠤ ᠪᠠᠳᠠᠢ᠎ᠶ᠋ᠢᠨ ᠵᠢᠷᠠᠨ᠎ᠤ ᠡᠯᠡᠰᠦᠨ᠎ᠦ ᠠᠮᠢ ᠠᠬᠤᠶ᠎ᠶ᠋ᠢᠨ ᠬᠠᠮᠠᠭᠠᠯᠠᠯᠲᠠ ᠬᠢᠭᠡᠳ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠴᠣ ᠱᠢᠨ᠎ᠡ ᠦᠶ᠋ᠯᠡᠳᠦᠯᠭᠡ᠎ᠶ᠋ᠢ ᠦᠵᠡᠭᠦᠯᠪᠡ᠃

3 ᠡᠳᠦᠷ᠎ᠦᠨ ᠠᠵᠢᠯᠯᠠᠭ᠎ᠠ᠎ᠳᠤ᠂ ᠭᠣᠢᠳᠠ ᠰᠠᠢᠬᠠᠨ ᠤᠷᠠᠨ ᠰᠠᠢᠬᠠᠨ᠎ᠤ ᠲᠣᠭ᠍ᠯᠠᠯᠲᠠ᠂ ᠬᠡᠭᠡᠷᠡᠯᠡᠬᠦ᠌ ᠤᠷᠤᠯᠳᠤᠭᠠᠨ᠂ ᠤᠨᠴᠠ ᠳᠡᠰ ᠤ᠋ᠨ T3 ᠎ᠷᠠᠯᠯᠢ ᠤᠷᠤᠯᠳᠤᠭᠠᠨ᠂ ᠣᠬᠣᠷ ᠵᠠᠮ᠎ᠤᠨ T3 ᠪᠤᠤᠬᠢᠶ᠎ᠠ ᠤᠷᠤᠯᠳᠤᠭᠠᠨ᠂ ᠲᠦᠷᠦᠯ ᠲᠡᠮᠳᠡᠭ᠌ᠲᠦ ᠮᠠᠰᠢᠨ ᠲᠡᠷᠭᠡᠨ᠎ᠦ ᠤᠷᠤᠯᠳᠤᠭᠠᠨ ᠵᠡᠷᠭᠡ ᠨᠢ ᠬᠡᠭᠡᠷᠡᠯᠡᠨ ᠠᠶᠠᠯᠠᠬᠤ ᠪᠠᠬᠠᠳᠠᠳ ᠪᠣᠯᠤᠨ ᠵᠢᠭᠤᠯᠴᠢᠯᠠᠭᠰᠠᠳ᠎ᠲᠤ ᠡᠯᠡᠰᠦᠨ᠎ᠦ ᠬᠡᠭᠡᠷᠡᠯᠡᠨ ᠠᠶᠠᠯᠠᠬᠤ ᠰᠣᠶᠣᠯ ᠵᠢᠭᠤᠯᠴᠢᠯᠠᠯ᠎ᠤᠨ 《ᠲᠠᠩᠰᠤᠭ ᠬᠣᠭᠣᠯᠠ》 ᠡᠳ᠋ᠯᠡᠭᠦᠯᠪᠡ;ᠡᠭ᠌ᠴᠡ ᠨᠢᠰᠭᠡᠯ᠎ᠢᠶᠡᠷ ᠲᠣᠭᠣᠷᠢᠨ ᠦᠵᠡᠬᠦ᠌᠂ ᠬᠠᠯᠠᠭᠤᠨ ᠬᠡᠢᠲᠦ ᠪᠥᠮᠪᠥᠭᠡ ᠵᠢ ᠪᠡᠶᠡᠴᠢᠯᠡᠨ ᠣᠢᠯᠠᠭᠠᠬᠤ᠂ ᠡᠯᠡᠰᠦᠨ ᠳ᠋ᠤ ᠭᠤᠯᠭᠤᠬᠤ᠂ ᠱᠢᠬᠦᠷ᠎ᠢᠶᠡᠷ ᠪᠠᠭᠤᠬᠤ ᠵᠡᠷᠭᠡ ᠤᠨᠴᠠᠯᠢᠬ᠍ᠳᠤ ᠲᠦᠷᠦᠯ ᠵᠦᠢᠯ ᠨᠢ ᠠᠳᠠᠯᠢ ᠪᠤᠰᠤ ᠬᠡᠷᠡᠭ᠌ᠴᠡᠭᠡ᠎ᠲᠡᠶ ᠵᠢᠭᠤᠯᠴᠢᠯᠠᠭᠰᠠᠳ᠎ᠲᠤ ᠠᠳᠠᠯᠢ ᠪᠤᠰᠤ ᠬᠠᠷᠠᠭᠠᠰᠤ ᠡᠴᠡ ᠪᠠᠳᠠᠢ᠎ᠶ᠋ᠢᠨ ᠵᠢᠷᠠᠨ᠎ᠤ ᠡᠯᠡᠰᠦᠨ᠎ᠦ ᠰᠦᠷᠯᠢᠭ ᠦᠵᠡᠰᠭᠦᠯᠡᠩ᠎ᠢ ᠮᠡᠳᠡᠷᠡᠭᠦᠯᠪᠡ᠃

ᠡᠯᠡᠰᠦᠨ ᠤ᠋ ᠲᠠᠯ᠎ᠠ ᠨᠤᠲᠤᠭ᠎ᠤᠨ ᠪᠣᠳᠠᠲᠤ ᠦᠵᠡᠭ᠌ᠳᠡᠯᠲᠦ ᠮᠤᠷᠢᠨ ᠮᠡᠷᠭᠡᠵᠢᠯ᠎ᠦᠨ ᠦᠵᠡᠭᠦᠯᠭᠡ᠂ ᠲᠦᠳᠡᠭ ᠭᠠᠯ᠎ᠤᠨ ᠲᠣᠭ᠍ᠯᠠᠯᠲᠠ ᠁ ᠬᠤᠶᠠᠷᠬᠤᠳᠳᠤᠭ ᠤ᠋ᠨ ᠠᠮᠢ ᠠᠬᠤᠢ᠎ᠶ᠋ᠢᠨ ᠨᠡᠭᠦᠳᠡᠯ ᠠᠷᠠᠳ᠎ᠤᠨ ᠵᠢᠱ᠌ᠢᠢ᠎ᠡ ᠦᠵᠡᠭᠦᠯᠬᠦ᠌ ᠣᠷᠣᠨ᠎ᠤ ᠲᠤᠩᠬᠤ ᠵᠢᠨ ᠲᠠᠯ᠎ᠠ ᠨᠤᠲᠤᠭ᠎ᠤᠨ ᠦᠵᠡᠮᠵᠢ᠎ᠶ᠋ᠢᠨ ᠣᠷᠣᠨ ᠳ᠋ᠤ᠂ ᠤᠯᠠᠮᠵᠢᠯᠠᠯᠲᠤ ᠳᠠᠭᠤᠤ ᠬᠥᠭ᠌ᠵᠢᠮ᠂ ᠪᠥᠵᠢᠭ᠂ ᠮᠤᠷᠢᠨ ᠮᠡᠷᠭᠡᠵᠢᠯ᠎ᠦᠨ ᠲᠣᠭ᠍ᠯᠠᠯᠲᠠ ᠵᠡᠷᠭᠡ ᠡᠯᠧᠮᠧᠨ᠋ᠲ᠎ᠢ ᠨᠢᠭᠡ ᠴᠤᠬ᠍ᠴᠠᠵᠢᠭᠤᠯᠵᠤ᠂ ᠦᠵᠡᠭ᠌ᠴᠢᠳ᠎ᠲᠦ ᠬᠠᠷᠠᠭ᠎ᠠ ᠰᠤᠨᠤᠷ ᠤ᠋ᠨ ᠦᠪᠡᠳᠡᠭ᠌ᠰᠢ ᠨᠠᠢᠷ᠎ᠬᠦᠷᠭᠡᠪᠡ᠃

《ᠠᠯᠠᠱᠠ ᠦᠨᠡᠬᠡᠷ ᠭᠤᠶᠤ᠂ ᠬᠥᠮᠦᠨ᠎ᠢ ᠰᠣᠴᠢᠭᠠᠮ᠎ᠠ ᠭᠤᠶᠤ᠂ ᠲᠠᠯᠠᠭᠠᠷ ᠢᠷᠡᠭᠰᠡᠨ ᠦᠭᠡᠢ! ᠳᠠᠷᠠᠭ᠎ᠠ ᠵᠢᠯ᠎ᠦᠨ ᠤᠯᠤᠰ ᠤ᠋ᠨ ᠪᠠᠶᠠᠷ᠎ᠤᠨ ᠠᠮᠠᠷᠠᠯᠲᠠ ᠳ᠋ᠤ ᠪᠢ ᠮᠦᠨ ᠨᠠᠢᠵᠠ ᠪᠣᠯᠤᠨ ᠭᠡᠷ᠎ᠦᠨ ᠬᠥᠮᠦᠰ᠎ᠢᠶᠡᠨ ᠳᠠᠭᠠᠭᠤᠯᠤᠨ ᠠᠯᠠᠱᠠ᠎ᠳᠤ ᠢᠷᠡᠵᠤ ᠵᠢᠭᠤᠯᠴᠢᠯᠠᠨ᠎ᠠ》 ᠭᠡᠵᠦ᠍ ᠪᠡᠭᠡᠵᠢᠩ᠎ᠡᠴᠡ ᠠᠯᠠᠱᠠ᠎ᠳᠤ ᠵᠢᠭᠤᠯᠴᠢᠯᠠᠬᠤ᠎ᠪᠠᠷ ᠢᠷᠡᠭ᠌ᠰᠡᠨ ᠵᠧᠩ ᠢ ᠬᠡᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号