ᠠᠯᠲᠠᠨ ᠨᠠᠮᠤᠷ ᠰᠠᠭᠠᠳᠠᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠡᠯᠪᠡᠭ ᠬᠤᠷᠢᠶᠠᠯᠲᠠ᠎ᠶ᠋ᠢᠨ ᠪᠠᠶᠠᠷ ᠪᠠᠬᠠᠳᠤᠯ ᠪᠢᠯᠬᠠᠨ᠎ᠠ᠃ 10 ᠰᠠᠷ᠎ᠠ᠎ᠶ᠋ᠢᠨ 5 ᠤ᠋ ᠡᠳᠦᠷ᠂ ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ᠎ᠤᠨ ᠬᠤᠶᠠᠷᠬᠤᠳᠳᠤᠭ ᠪᠠᠯᠭᠠᠰᠤᠨ᠎ᠤ ᠱᠢᠨ ᠱᠧᠩ ᠲᠣᠰᠭᠣᠨ᠎ᠤ ᠵᠠᠯᠭᠠᠯᠳᠤᠭ᠍ᠰᠠᠨ ᠤᠶᠤᠨᠲᠤ ᠬᠦᠯᠡᠮᠵᠢ᠎ᠳᠦ ᠨᠠᠮ᠎ᠤᠨ ᠭᠡᠱᠢᠭᠦᠨ ᠯᠢ ᠸᠠᠩ ᠷᠦᠩ ᠯᠠᠵᠤᠤ᠎ᠶ᠋ᠢᠨ ᠤᠷᠭᠤᠯᠲᠠ᠎ᠶ᠋ᠢᠨ ᠪᠠᠢᠳᠠᠯ᠎ᠢ ᠪᠠᠢᠴᠠᠭᠠᠨ ᠦᠵᠡᠬᠦ᠎ᠶᠢᠨ ᠳᠠᠭᠠᠤ ᠳᠠᠷᠢᠶᠠᠴᠢᠳ᠎ᠲᠦ ᠲᠠᠷᠢᠶᠠᠨ ᠭᠠᠵᠠᠷ᠎ᠤᠨ ᠬᠠᠮᠢᠶᠠᠷᠤᠯᠲᠠ᠎ᠶ᠋ᠢᠨ ᠠᠷᠭ᠎ᠠ ᠪᠠᠷᠢᠯ᠎ᠢ ᠲᠠᠢᠯᠪᠤᠷᠢᠯᠠᠵᠤ ᠦᠭᠬᠦᠨ᠎ᠡ᠃
ᠤᠢ᠍ᠢᠷ᠎ᠠ᠎ᠶ᠋ᠢᠨ ᠵᠢᠯ᠎ᠡᠴᠡ᠂ ᠵᠢᠦᠶᠤᠸᠠᠨ ᠲᠣᠭᠣᠷᠢᠭ ᠲᠤᠱᠢᠶᠠᠯ ᠦᠭᠡᠢ ᠨᠠᠮ᠎ᠤᠨ ᠭᠡᠱᠢᠭᠦᠨ᠎ᠳᠦ ᠠᠵᠢᠯ᠎ᠤᠨ ᠪᠠᠢᠷᠢ ᠲᠤᠬᠢᠷᠠᠭᠤᠯᠤᠨ ᠬᠠᠷᠢᠭᠤᠴᠠᠯᠭ᠎ᠠ ᠲᠣᠭ᠍ᠲᠠᠭᠠᠬᠤ ᠠᠵᠢᠯ᠎ᠢ ᠶᠡᠬᠡᠪᠡᠷ ᠠᠬᠢᠭᠤᠯᠵᠤ᠂ ᠬᠥᠳᠡᠭᠡ ᠲᠣᠰᠭᠣᠨ ᠨᠡᠢᠭᠡᠮ ᠲᠣᠭᠣᠷᠢᠭ᠎ᠤᠨ ᠲᠤᠱᠢᠶᠠᠯ ᠦᠭᠡᠢ ᠨᠠᠮ᠎ᠤᠨ ᠭᠡᠱᠢᠭᠦᠨ᠎ᠦ ᠨᠠᠰᠤ ᠵᠢᠯ᠂ ᠰᠣᠶᠣᠯ᠎ᠤᠨ ᠬᠡᠮᠵᠢᠶ᠎ᠡ᠂ ᠣᠨᠴᠠ ᠴᠢᠳᠠᠪᠤᠷᠢ᠂ ᠠᠵᠢᠯ ᠡᠷᠬᠢᠯᠡᠭ᠌ᠰᠡᠨ ᠪᠠᠢᠳᠠᠯ ᠪᠣᠯᠤᠨ ᠭᠡᠷ ᠪᠦᠯᠢ᠎ᠶ᠋ᠢᠨ ᠪᠠᠢᠳᠠᠯ ᠵᠡᠷᠭᠡ ᠮᠡᠳᠡᠭᠡ ᠵᠠᠩᠭᠢ᠎ᠶ᠋ᠢ ᠪᠦᠬᠦ᠌ ᠲᠠᠯ᠎ᠠ᠎ᠪᠠᠷ ᠤᠢ᠍ᠢᠯᠠᠭᠠᠨ ᠡᠵᠡᠮᠱᠢᠵᠦ᠍᠂ ᠬᠤᠪᠢ ᠬᠥᠮᠦᠨ᠎ᠦ ᠣᠨᠴᠠ ᠴᠢᠳᠠᠪᠤᠷᠢ᠂ ᠵᠣᠬᠢᠶᠠᠨ ᠪᠠᠢᠭᠤᠯᠤᠯᠲᠠ᠎ᠶ᠋ᠢᠨ ᠬᠡᠷᠡᠭ᠌ᠴᠡᠭᠡ᠂ ᠤᠯᠠᠨ ᠲᠦᠮᠡᠨ᠎ᠦ ᠬᠦᠰᠡᠯ ᠡᠷᠡᠮᠡᠯᠵᠡᠯ ᠵᠡᠷᠭᠡ ᠭᠤᠷᠪᠠᠨ ᠲᠠᠯ᠎ᠡ ᠪᠡᠷ ᠬᠠᠷᠭᠤᠭᠤᠯᠵᠤ᠂ ᠲᠤᠱᠢᠶᠠᠯ ᠦᠭᠡᠢ ᠨᠠᠮ᠎ᠤᠨ ᠭᠡᠱᠢᠭᠦᠨ᠎ᠳᠦ ᠦᠨᠳᠦᠰᠦᠨ ᠱᠠᠲᠤᠨ᠎ᠤ ᠵᠠᠰᠠᠯᠲᠠ᠂ ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡ᠂ ᠤᠯᠠᠨ ᠲᠥᠮᠡᠨᠴᠢ ᠬᠥᠮᠦᠵᠢᠯ ᠵᠡᠷᠭᠡ 5 ᠶᠡᠷᠦᠩᠬᠡᠢ ᠠᠵᠢᠯ᠎ᠤᠨ ᠪᠠᠢᠷᠢ ᠵᠢᠴᠢ ᠬᠠᠪᠰᠤᠷᠤᠨ ᠭᠦᠢᠴᠡᠳᠭᠡᠭ᠌ᠴᠢ ᠣᠷᠣᠯᠠᠨ ᠭᠦᠢᠴᠡᠳᠭᠡᠬᠴᠢ᠂ ᠭᠡᠷ ᠪᠦᠯᠢ᠎ᠶ᠋ᠢᠨ ᠡᠮᠴᠢ᠂ ᠲᠤᠨᠤᠭ ᠲᠥᠬᠥᠭᠡᠷᠦᠮᠵᠢ ᠰᠡᠯᠪᠢᠨ ᠵᠠᠰᠠᠬᠤ ᠵᠡᠷᠭᠡ 10 ᠭᠠᠷᠤᠢ ᠪᠣᠳᠠᠲᠠᠢ ᠠᠵᠢᠯ᠎ᠤᠨ ᠪᠠᠢᠷᠢ ᠭᠠᠷᠭᠠᠵᠤ᠂ ᠨᠢᠭᠡ ᠬᠥᠮᠦᠨ ᠨᠢᠭᠡ ᠳᠠᠩᠰᠠ᠂ ᠨᠢᠭᠡ ᠠᠵᠢᠯ᠎ᠤᠨ ᠪᠠᠢᠷᠢ ᠨᠢᠭᠡ ᠬᠠᠷᠢᠭᠤᠴᠠᠯᠭ᠎ᠠ ᠪᠡᠷ 《ᠲᠤᠱᠢᠶᠠᠯ ᠦᠭᠡᠢ》 ᠪᠠᠢᠭᠰᠠᠨ᠎ᠢ 《ᠲᠤᠰᠢᠶᠠᠯ ᠲᠠᠢ》 ᠪᠤᠯᠭᠠᠵᠤ᠂ ᠨᠢᠭᠡᠨᠳᠡ 1039 ᠬᠦᠮᠦᠨ ᠳ᠋ᠤ ᠠᠵᠢᠯ᠎ᠤᠨ ᠪᠠᠢᠷᠢᠲᠤᠬᠳᠠᠭᠠᠬᠰᠠᠨ ᠪᠠᠢᠨ᠎ᠠ᠃
ᠯᠢ ᠸᠠᠩ ᠷᠦᠩ ᠪᠣᠯ ᠲᠡᠳᠡᠨ᠎ᠦ ᠳᠣᠲᠣᠷᠠᠬᠢ ᠱᠢᠯᠢᠳᠡᠭ ᠲᠥᠯᠥᠭᠡᠯᠡᠭ᠌ᠴᠢ ᠪᠣᠯᠤᠨ᠎ᠠ᠃ ᠲᠤᠱᠢᠶᠠᠯ ᠥᠬᠡᠶ ᠨᠠᠮ᠎ᠤᠨ ᠭᠡᠱᠢᠭᠦᠨ᠎ᠳᠦ ᠠᠵᠢᠯ᠎ᠤᠨ ᠪᠠᠢᠷᠢ ᠲᠣᠬᠢᠷᠠᠭᠤᠯᠤᠨ ᠬᠠᠷᠢᠭᠤᠴᠠᠯᠭ᠎ᠠ ᠲᠣᠭ᠍ᠲᠠᠭᠠᠬᠤ ᠠᠵᠢᠯ᠎ᠢ ᠥᠷᠨᠢᠭᠦᠯᠦᠭ᠌ᠰᠡᠨ᠎ᠡᠴᠡ ᠨᠠᠭᠠᠰᠢ᠂ ᠯᠢ ᠸᠠᠩ ᠷᠦᠩ ᠲᠣᠰ ᠪᠡᠶ᠎ᠡ᠎ᠶ᠋ᠢᠨ ᠳᠠᠪᠠᠭᠤᠯᠢᠭ᠎ᠲᠠᠶ ᠪᠠᠨ ᠤᠶᠠᠯᠳᠤᠭᠤᠯᠤᠨ ᠰᠠᠨᠠᠭᠠᠴᠢᠯᠠᠭ᠎ᠠ ᠡᠴᠡ᠎ᠪᠠᠨ 《ᠮᠡᠷᠭᠡᠵᠢᠯ ᠵᠢᠯᠣᠭᠣᠳᠭᠤ ᠠᠵᠢᠯ᠎ᠤᠨ ᠪᠠᠢᠷᠢ》 ᠳ᠋ᠤ᠌ ᠭᠠᠷᠴᠤ 《ᠲᠠᠷᠢᠶᠠᠨ ᠳᠤᠮᠳᠠᠬᠢ ᠬᠢᠴᠢᠶᠡᠯ᠎ᠦᠨ ᠲᠠᠩᠬᠢᠮ》 ᠡᠷᠬᠢᠯᠡᠵᠦ᠂ ᠭᠤᠸ᠎ᠠ ᠨᠣᠭᠣᠭ᠎ᠠ ᠮᠦᠬᠦ᠎ᠶ᠋ᠢ ᠡᠭᠡᠯᠵᠢᠯᠡᠨ ᠳᠠᠷᠢᠬᠤ ᠮᠡᠷᠭᠡᠵᠢᠯ᠎ᠢ ᠢᠳᠡᠪᠬᠢᠲᠡᠶ ᠳᠡᠯᠭᠡᠷᠡᠭᠦᠯᠪᠡ᠃ ᠲᠠᠷᠪᠤᠰ᠂ ᠠᠮᠳᠠᠳᠤ ᠬᠡᠮᠬᠡ᠎ᠶ᠋ᠢ ᠬᠤᠷᠢᠶᠠᠭ᠍ᠰᠠᠨ᠎ᠤ ᠳᠠᠷᠠᠭ᠎ᠠ ᠲᠡᠷᠡ ᠬᠣᠷᠱᠢᠶ᠎ᠠ᠎ᠶ᠋ᠢᠨ ᠲᠠᠷᠢᠶᠠᠴᠢᠨ ᠡᠷᠦᠬᠡ᠎ᠶ᠋ᠢ ᠳᠠᠭᠠᠭᠤᠯᠤᠨ ᠯᠠᠵᠤᠤ ᠲᠠᠷᠢᠵᠤ᠂ ᠨᠢᠭᠡ ᠭᠠᠵᠠᠷ᠎ᠢ ᠣᠯᠠᠨ ᠵᠦᠶ᠋ᠯ᠎ᠳᠦ ᠬᠡᠷᠡᠭ᠌ᠯᠡᠵᠦ᠍᠂ ᠳᠥᠷᠪᠡᠨ ᠤᠯᠠᠷᠢᠯ᠎ᠢᠶᠡᠷ ᠣᠷᠣᠯᠭ᠎ᠠ ᠵᠢ ᠨᠡᠮᠡᠭ᠌ᠳᠡᠭᠦᠯᠪᠡ᠃ ᠵᠢᠯ᠎ᠤᠨ ᠡᠬᠢᠨ ᠡᠴᠡ ᠨᠠᠭᠠᠰᠢ᠂ ᠡᠷᠬᠢᠨ ᠲᠣᠭᠣᠷᠢᠨ᠎ᠤ 480 ᠭᠠᠷᠤᠶ ᠲᠠᠷᠢᠶᠠᠴᠢᠨ ᠡᠷᠦᠬᠡ᠎ᠶ᠋ᠢ ᠳᠠᠢᠴᠢᠯᠠᠨ ᠳᠠᠷᠢᠵᠤ᠂ ᠮᠥ᠍ ᠳᠤᠮᠳᠠᠴᠢ ᠡᠴᠡ ᠪᠠᠷᠤᠭ 2000 — 4000 ᠲᠥᠭᠥᠷᠢᠭ᠎ᠦᠨ ᠣᠷᠣᠯᠭ᠎ᠠ ᠢᠯᠡᠬᠦᠦ ᠣᠯᠬᠤ ᠪᠤᠯᠭᠠᠵᠠᠢ᠃ ᠠᠳᠠᠯᠢ ᠨᠢᠭᠡ ᠬᠡᠰᠡᠭ ᠭᠠᠵᠠᠷ ᠱᠢᠷᠣᠢ ᠪᠣᠯᠪᠠᠴᠤ᠌ ᠨᠠᠮ᠎ᠤᠨ ᠭᠡᠱᠢᠭᠦᠨ ᠠᠵᠢᠯ᠎ᠤᠨ ᠪᠠᠢᠷᠢ᠎ᠳᠦ ᠭᠠᠷᠴᠤ᠌ ᠲᠤᠱᠢᠶᠠᠯ ᠬᠠᠷᠢᠭᠤᠴᠠᠯᠭ᠎ᠠ ᠭᠦᠢᠴᠡᠳᠭᠡᠭ᠌ᠰᠡᠨ᠎ᠡᠴᠡ ᠡᠯᠪᠡᠭ ᠪᠠᠶᠠᠯᠢᠭ 《ᠪᠠᠶᠠᠵᠢᠯ᠎ᠤᠨ ᠦᠷ᠎ᠡ ᠪᠦᠲᠦᠭᠡᠯ》 ᠤᠯᠬᠤ ᠪᠤᠯᠪᠠ᠃
ᠬᠣᠲᠠ᠎ᠶ᠋ᠢᠨ ᠨᠡᠢᠭᠡᠮ ᠲᠣᠭᠣᠷᠢᠭ᠎ᠲᠤ ᠠᠷᠠᠳ᠎ᠤᠨ ᠠᠮᠢᠳᠤᠷᠠᠯ᠎ᠤᠨ ᠬᠡᠷᠡᠭ᠌ᠴᠡᠭᠡ ᠨᠠᠩ ᠨᠠᠷᠢᠨ ᠪᠠᠢᠳᠠᠭ᠃ 《ᠤᠤᠯ᠎ᠳᠠᠭᠠᠨ ᠲᠤᠱᠢᠶᠠᠯ ᠦᠭᠡᠢ ᠨᠠᠮ᠎ᠤᠨ ᠭᠡᠱᠢᠭᠦᠨ ᠵᠣᠬᠢᠶᠠᠨ ᠪᠠᠢᠭᠤᠯᠤᠯᠲᠠ᠎ᠶ᠋ᠢᠨ ᠠᠮᠢᠳᠤᠷᠠᠯ᠎ᠳᠤ ᠣᠷᠣᠯᠴᠠᠬᠤ ᠡᠴᠡ ᠥᠬᠡᠷ᠎ᠡ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠶᠠᠪᠤᠳᠠᠯ᠎ᠳᠤ ᠦᠨᠳᠦᠰᠦᠨ᠎ᠳᠡᠭᠡᠨ ᠣᠷᠣᠯᠴᠠᠵᠤ ᠳᠡᠢᠯᠬᠦ᠌ ᠦᠭᠡᠢ ᠪᠠᠢᠵᠠᠢ》 ᠭᠡᠵᠦ᠍ ᠰᠠᠢᠬᠠᠨ ᠵᠡᠭᠡᠯᠢ ᠭᠤᠳᠤᠮᠵᠢ᠎ᠶ᠋ᠢᠨ ᠵᠣᠬᠢᠶᠠᠨ ᠪᠠᠢᠭᠤᠯᠬᠤ ᠭᠡᠱᠢᠭᠦᠨ ᠯᠢᠦ ᠵᠢᠶᠤᠤ ᠰᠤᠷᠪᠤᠯᠵᠢᠯᠠᠭ᠍ᠴᠢ᠎ᠳᠤ ᠬᠡᠯᠡᠪᠡ᠃
ᠡᠢᠨ ᠬᠦ᠌᠂ ᠵᠢᠦᠶᠤᠸᠠᠨ ᠲᠣᠭᠣᠷᠢᠭ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠣᠷᠴᠢᠨ ᠲᠣᠭᠣᠷᠢᠨ᠎ᠤ ᠴᠡᠭ᠌ᠴᠡᠯᠡᠨ ᠵᠠᠰᠠᠯᠲᠠ᠂ ᠲᠣᠨᠣᠭ ᠲᠥᠬᠥᠭᠡᠷᠦᠮᠵᠢ᠎ᠶ᠋ᠢᠨ ᠰᠡᠯᠪᠢᠨ ᠵᠠᠰᠠᠯᠲᠠ ᠵᠡᠷᠭᠡ ᠠᠵᠢᠯ᠎ᠤᠨ ᠪᠠᠢᠷᠢ᠎ᠶ᠋ᠢ ᠲᠤᠰᠭᠠᠢᠯᠠᠨ ᠲᠣᠬᠢᠷᠠᠭᠤᠯᠵᠤ᠂ 《ᠬᠤᠪᠢ ᠬᠥᠮᠦᠨ ᠲᠠᠨᠢᠵᠤ ᠠᠪᠬᠤ + ᠵᠣᠬᠢᠶᠠᠨ ᠪᠠᠢᠭᠤᠯᠤᠯᠲᠠ ᠡᠴᠡ ᠮᠠᠭᠠᠳᠯᠠᠨ ᠲᠣᠭ᠍ᠲᠠᠭᠠᠬᠤ》 ᠶ᠋ᠢ ᠤᠶᠠᠯᠳᠤᠭᠤᠯᠬᠤ ᠠᠷᠭ᠎ᠠ ᠬᠡᠯᠪᠡᠷᠢ ᠪᠡᠷ ᠲᠤᠱᠢᠶᠠᠯ ᠥᠬᠡᠶ ᠨᠠᠮ᠎ᠤᠨ ᠭᠡᠱᠢᠭᠦᠨ᠎ᠢ ᠳᠠᠢᠴᠢᠯᠠᠨ ᠦᠨᠳᠦᠰᠦᠨ ᠱᠠᠲᠤᠨ᠎ᠤ ᠵᠠᠰᠠᠯᠲᠠ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠵᠡᠷᠭᠡ᠎ᠳᠦ ᠣᠷᠣᠯᠴᠠᠭᠤᠯᠵᠤ᠂ ᠲᠤᠱᠢᠶᠠᠯ ᠥᠬᠡᠶ ᠨᠠᠮ᠎ᠤᠨ ᠭᠡᠱᠢᠭᠦᠨ᠎ᠦ ᠠᠵᠢᠯ ᠬᠢᠬᠦ᠌ ᠬᠠᠯᠠᠭᠤᠨ ᠰᠡᠳᠭᠢᠯᠭᠡ᠎ᠶ᠋ᠢ ᠬᠦᠭᠵᠢᠭᠡᠵᠦ᠂ ᠤᠯᠠᠨ᠎ᠢᠶᠡᠷ᠎ᠢᠶᠡᠨ ᠠᠮᠠᠯᠠᠭ᠍ᠰᠠᠨ ᠵᠦᠶ᠋ᠯᠡᠰ᠎ᠢᠶᠡᠨ ᠰᠠᠢᠳᠤᠷ ᠬᠢᠬᠦ 《ᠪᠠᠲᠤᠯᠠᠭ᠎ᠠ᠎ᠶ᠋ᠢᠨ ᠪᠢᠴᠢᠭ》 ᠪᠢᠴᠢᠵᠡᠭᠡᠪᠡ᠃
《ᠲᠤᠱᠢᠶᠠᠯ ᠥᠬᠡᠶ ᠨᠠᠮ᠎ᠤᠨ ᠭᠡᠱᠢᠭᠦᠨ ᠨᠢ ᠨᠠᠮ᠎ᠤᠨ ᠭᠡᠱᠢᠭᠦᠨ᠎ᠦ ᠡᠩᠨᠡᠭᠡ᠎ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠤᠭ᠍ᠰᠠᠨ᠎ᠤ ᠬᠤᠪᠢ᠎ᠳᠤ ᠡᠯ᠎ᠡ ᠠᠵᠢᠯ ᠲᠥᠷᠥᠯ᠂ ᠡᠯ᠎ᠡ ᠹᠷᠣᠨᠲ᠂ ᠡᠯ᠎ᠡ ᠠᠵᠢᠯ᠎ᠤᠨ ᠪᠠᠢᠷᠢ᠎ᠳᠤ ᠥᠷᠭᠡᠨ᠎ᠢᠶᠡᠷ ᠲᠠᠷᠬᠠᠵᠤ᠂ ᠬᠦᠴᠦᠨ ᠴᠢᠳᠠᠯ᠎ᠢ ᠨᠢᠭ᠍ᠲᠠᠷᠠᠭᠤᠯᠬᠤ᠂ ᠦᠶ᠋ᠯᠡᠳᠦᠯ᠎ᠢᠶᠡᠨ ᠪᠠᠳᠠᠷᠠᠭᠤᠯᠬᠤ ᠴᠢᠬᠤᠯᠠ ᠬᠦᠮᠦᠰ ᠪᠣᠯᠤᠨ᠎ᠠ》᠃ ᠵᠢᠦᠶᠤᠸᠠᠨ ᠲᠣᠭᠣᠷᠢᠭ᠎ᠤᠨ ᠨᠠᠮ᠎ᠤᠨ ᠬᠤᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢᠦ ᠶᠧ᠂ ᠲᠤᠱᠢᠶᠠᠯ ᠥᠬᠡᠶ ᠨᠠᠮ᠎ᠤᠨ ᠭᠡᠱᠢᠭᠦᠨ ᠬᠠᠵᠠᠭᠤ ᠡᠴᠡ ᠬᠠᠷᠠᠭ᠍ᠴᠢ ᠪᠠᠢᠭᠰᠠᠨ ᠡᠴᠡ ᠪᠠᠨ ᠣᠷᠣᠯᠴᠠᠭᠴᠢ ᠪᠤᠯᠵᠤ ᠬᠤᠪᠢᠷᠠᠬᠤ ᠵᠢ ᠬᠥᠲᠥᠯᠥᠨ ᠳᠠᠭᠠᠭᠤᠯᠬᠤ᠎ᠶ᠋ᠢᠨ ᠲᠥᠯᠥᠭᠡ᠂ 2024 ᠣᠨ ᠡᠴᠡ ᠵᠢᠦᠶᠤᠸᠠᠨ ᠲᠣᠭᠣᠷᠢᠭ ᠨᠡᠢᠲᠡ 140 ᠭᠠᠷᠤᠶ ᠲᠦᠮᠡᠨ ᠲᠥᠭᠥᠷᠢᠭ᠎ᠦᠨ ᠲᠤᠰᠭᠠᠶ ᠪᠠᠯᠠ ᠮᠥᠩᠭᠥ᠌ ᠪᠠᠭᠤᠯᠭᠠᠵᠤ ᠵᠢᠭ᠍ᠰᠠᠭᠠᠯ᠎ᠤᠨ ᠭᠠᠵᠠᠷ᠎ᠢ ᠪᠥᠲᠥᠭᠡᠨ ᠪᠠᠢᠭᠤᠯᠬᠤ᠂ ᠠᠵᠢᠯᠯᠠᠭ᠎ᠠ ᠥᠷᠨᠢᠭᠦᠯᠬᠦ᠌ ᠵᠡᠷᠭᠡ᠎ᠳᠦ ᠬᠡᠷᠡᠭ᠌ᠯᠡᠵᠦ᠍᠂ ᠨᠡᠢᠲᠡ 10 ᠭᠠᠷᠤᠶ ᠨᠡᠢᠭᠡᠮ ᠲᠣᠭᠣᠷᠢᠭ᠎ᠤᠨ ᠨᠠᠮ᠎ᠤᠨ ᠬᠡᠰᠢᠬᠦᠨ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠢ ᠱᠢᠨ᠎ᠡ᠎ᠪᠡᠷ ᠪᠠᠢᠭᠤᠯᠤᠭ᠍ᠰᠠᠨ ᠪᠤᠶᠤ ᠥᠷᠭᠡᠳᠭᠡᠨ ᠪᠠᠢᠭᠤᠯᠵᠤ᠂ ᠨᠠᠮ᠎ᠤᠨ ᠬᠡᠰᠢᠬᠦᠨ ᠣᠯᠠᠨ ᠲᠦᠮᠡᠨ᠎ᠦ ᠥᠷᠲᠡᠭᠡ᠎ᠶ᠋ᠢ 38 ᠪᠠᠢᠭᠤᠯᠪᠠ᠃ ᠡᠭᠦᠨ᠎ᠦ ᠬᠠᠮᠲᠤ᠂ ᠠᠬᠠᠮᠠᠳ ᠨᠠᠮ᠎ᠤᠨ ᠭᠡᠱᠢᠭᠦᠨ᠂ ᠠᠬᠠᠮᠠᠳ ᠺᠠᠳ᠋ᠷ᠂ ᠠᠬᠠᠮᠠᠳ ᠲᠤᠰᠭᠠᠢ ᠮᠡᠷᠭᠡᠵᠢᠯᠲᠡᠨ᠎ᠦ ᠬᠦᠴᠦᠨ᠎ᠢ ᠭᠦᠢᠴᠡᠳ ᠰᠠᠢᠲᠤᠷ ᠬᠡᠷᠡᠭ᠌ᠯᠡᠵᠦ᠍᠂ ᠲᠤᠱᠢᠶᠠᠯ ᠦᠭᠡᠢ ᠨᠠᠮ᠎ᠤᠨ ᠭᠡᠱᠢᠭᠦᠨ᠎ᠢ ᠬᠠᠪᠰᠤᠷᠤᠨ ᠠᠯᠢ ᠲᠦᠷᠭᠡᠨ᠎ᠢᠶᠡᠷ ᠠᠵᠢᠯ᠎ᠤᠨ ᠪᠠᠢᠷᠢ᠎ᠳᠤ ᠵᠣᠬᠢᠴᠠᠭᠤᠯᠵᠤ᠂ ᠠᠵᠢᠯ᠎ᠳ᠋ᠤ ᠤᠷᠤᠯᠴᠠᠭᠤᠯᠵᠠᠢ ᠭᠡᠵᠦ ᠢᠯᠡᠳᠬᠡᠪᠡ᠃