ᠬᠥᠬᠡᠬᠣᠲᠠ ᠲᠥᠯᠥᠪᠵᠢᠭᠦᠯᠭᠡ ᠲᠣᠭ᠍ᠲᠠᠭᠠᠵᠤ ᠪᠦᠬᠦ᠌ ᠤᠷᠤᠨ ᠪᠦᠰᠡ ᠳ᠋ᠤ ᠦᠵᠡᠰᠭᠦᠯᠡᠩᠲᠦ ᠰᠠᠢᠬᠠᠨ ᠬᠣᠲᠠ ᠶ᠋ᠢ ᠴᠣᠭ᠍ᠴᠠᠯᠠᠵᠤ ᠪᠤᠢ
2025-10-09 11:27:41
ᠵᠣᠬᠢᠶᠠᠭ᠍ᠴᠢ᠄
ᠨᠠᠮᠤᠭ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ  ᠣᠷᠣᠨ ᠤ᠋  ᠠᠮᠢ  ᠠᠬᠤᠶ  ᠣᠷᠴᠢᠨ ᠲᠣᠭᠣᠷᠢᠨ ᠤ᠋ ᠲᠢᠩᠬᠢᠮ ᠡᠴᠡ ᠣᠢᠯᠠᠭᠠᠭ᠍ᠰᠠᠨ ᠵᠢᠡᠷ᠂ ᠣᠢᠷ᠎ᠠ ᠳ᠋ᠤ ᠬᠥᠬᠡᠬᠣᠲᠠ ᠵᠢᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠵᠥᠪᠯᠡᠯ 《ᠦᠵᠡᠰᠭᠦᠯᠡᠩᠲᠦ ᠰᠠᠢᠬᠠᠨ ᠣᠷᠣᠨ ᠤ᠋ ᠲᠥᠪ ᠤ᠋ᠨ ᠪᠥᠲᠥᠭᠡᠨ ᠪᠠᠢᠭᠤᠯᠤᠯᠲᠠ ᠵᠢᠨ ᠲᠥᠯᠥᠪᠵᠢᠭᠦᠯᠭᠡ (2025 — 2035 ᠣᠨ)》 ᠎ᠵᠢ (ᠳᠣᠷᠣᠭ᠍ᠰᠢ ᠲᠥᠯᠥᠪᠵᠢᠭᠦᠯᠭᠡ ᠭᠡᠵᠦ᠍ ᠲᠣᠪᠴᠢᠯᠠᠨ᠎ᠠ) ᠲᠣᠭ᠍ᠲᠠᠭᠠᠨ ᠳᠠᠷᠤᠮᠠᠯᠯᠠᠨ ᠲᠠᠷᠬᠠᠭᠠᠵᠤ᠂ ᠦᠵᠡᠰᠭᠦᠯᠡᠩᠲᠦ ᠰᠠᠢᠬᠠᠨ ᠣᠷᠣᠨ ᠤ᠋ ᠲᠥᠪ ᠤ᠋ᠨ ᠪᠥᠲᠥᠭᠡᠨ ᠪᠠᠢᠭᠤᠯᠤᠯᠲᠠ ᠵᠢᠨ ᠪᠣᠳᠠᠲᠠᠶ ᠡᠭᠦᠷᠭᠡ ᠵᠢᠨ ᠪᠢᠴᠢᠭ᠂ ᠵᠠᠮ ᠱᠤᠭᠤᠮ ᠤ᠋ᠨ ᠵᠢᠷᠤᠭ ᠪᠠ ᠴᠠᠭ ᠤ᠋ᠨ ᠬᠦᠰᠦᠨᠦᠭ᠌ᠲᠦ᠍ ᠶ᠋ᠢ ᠤᠯᠠᠮ ᠲᠣᠳᠣᠷᠬᠠᠢᠯᠠᠨ᠂  ᠪᠥᠬᠥ᠌ ᠤᠷᠤᠨ ᠪᠦᠰᠡ ᠳ᠋ᠤ ᠦᠵᠡᠰᠭᠦᠯᠡᠩᠲᠦ ᠰᠠᠢᠬᠠᠨ ᠬᠣᠲᠠ ᠵᠢᠨ ᠪᠥᠲᠥᠭᠡᠨ ᠪᠠᠢᠭᠤᠯᠤᠯᠲᠠ ᠵᠢᠨ ᠵᠢᠱ᠌ᠢᠶ᠎ᠡ ᠦᠵᠡᠭᠦᠯᠬᠦ᠌ ᠬᠡᠪ ᠳᠠᠭᠤᠷᠢᠶᠠᠯ ᠢ᠋ ᠪᠣᠶ ᠪᠣᠯᠭᠠᠪᠠ᠃

《ᠲᠥᠯᠥᠪᠵᠢᠭᠦᠯᠭᠡ》 ᠳ᠋ᠤ᠂ ᠣᠷᠣᠨ ᠤ᠋ ᠲᠥᠪ ᠤ᠋ᠨ ᠬᠠᠮᠤᠭ ᠤ᠋ᠨ ᠭᠤᠶᠤ ᠠᠮᠢ ᠠᠬᠤᠢ ᠵᠢᠨ ᠵᠢᠷᠤᠭ ᠳᠦᠷᠰᠦ ᠶ᠋ᠢ ᠪᠦᠬᠦ᠌ ᠬᠦᠴᠦ ᠪᠡᠷ ᠵᠢᠡᠨ ᠵᠢᠷᠤᠭ᠍ᠯᠠᠨ᠂ ᠬᠥᠭ᠌ᠵᠢᠯᠲᠡ ᠵᠢᠨ ᠬᠡᠯᠪᠡᠷᠢ ᠵᠢᠨ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ ᠪᠠᠨ ᠬᠤᠪᠢᠷᠠᠭᠤᠯᠬᠤ ᠶ᠋ᠢ ᠲᠦᠷᠭᠡᠳᠭᠡᠨ ᠠᠬᠢᠭᠤᠯᠵᠤ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠶ᠋ᠢ ᠢᠳᠡᠪᠬᠢᠲᠡᠢ ᠪᠥᠭᠡᠳ ᠯᠠᠪᠳᠠᠭᠤᠨ ᠠᠬᠢᠭᠤᠯᠤᠨ᠂ ᠠᠮᠢ ᠠᠬᠤᠢ ᠣᠷᠴᠢᠨ ᠲᠣᠭᠣᠷᠢᠨ ᠤ᠋ ᠶᠠᠰᠤ ᠴᠢᠨᠠᠷ ᠤ᠋ᠨ ᠦᠷᠭᠦᠯᠵᠢᠯᠡᠨ ᠰᠠᠢᠵᠢᠷᠠᠬᠤ ᠶ᠋ᠢ ᠭᠦᠨᠵᠡᠭᠡᠢ ᠠᠬᠢᠭᠤᠯᠵᠤ᠂ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ ᠤ᠋ ᠲᠦᠭ᠌ᠰᠢᠭᠦᠷᠢ ᠶ᠋ᠢ ᠴᠢᠩᠭ᠎ᠠ ᠰᠡᠷᠭᠡᠢᠯᠡᠨ ᠡᠵᠡᠮᠳᠡᠵᠦ᠍᠂ ᠦᠵᠡᠰᠭᠦᠯᠡᠩᠲᠦ ᠰᠠᠢᠬᠠᠨ ᠬᠤᠳᠠ ᠬᠥᠳᠡᠭᠡ ᠶ᠋ᠢ ᠵᠣᠬᠢᠴᠠᠩᠭᠤᠢ ᠠᠭᠤᠰᠤᠯᠴᠠᠭᠤᠯᠬᠤ᠂ ᠦᠵᠡᠰᠭᠦᠯᠡᠩᠲᠦ ᠰᠠᠢᠬᠠᠨ ᠣᠷᠣᠨ ᠤ᠋ ᠲᠥᠪ ᠤ᠋ᠨ ᠪᠦᠳᠦᠭᠡᠨ ᠪᠠᠢᠭᠤᠯᠤᠯᠲᠠ ᠵᠢᠨ ᠪᠦᠬᠦ᠌ ᠠᠷᠠᠳ ᠤ᠋ᠨ ᠠᠵᠢᠯᠯᠠᠭ᠎ᠠ ᠶ᠋ᠢ ᠥᠷᠨᠢᠭᠦᠯᠬᠦ᠌ ᠵᠡᠷᠭᠡ ᠭᠣᠣᠯᠳᠠᠯᠭ᠎ᠠ᠎ᠲᠠᠶ ᠪᠦᠳᠦᠭᠡᠨ ᠪᠠᠢᠭᠤᠯᠤᠯᠲᠠ ᠵᠢᠨ ᠡᠭᠦᠷᠭᠡ ᠶ᠋ᠢ ᠲᠦᠷᠭᠡᠳᠭᠡᠨ ᠪᠠᠢᠭᠤᠯᠤᠨ᠎ᠠ ᠭᠡᠵᠦ᠍ ᠳᠤᠷᠠᠳᠪᠠ᠃

ᠦᠵᠡᠰᠭᠦᠯᠡᠩᠲᠦ ᠰᠠᠢᠬᠠᠨ ᠤᠷᠤᠨ ᠤ᠋ ᠲᠥᠪ ᠤ᠋ᠨ ᠪᠥᠲᠥᠭᠡᠨ ᠪᠠᠢᠭᠤᠯᠤᠯᠲᠠ ᠵᠢᠨ ᠪᠠᠲᠤᠯᠠᠭ᠎ᠠ ᠵᠢᠨ ᠱᠢᠰᠲ᠋ᠧᠮ ᠢ᠋ ᠤᠯᠠᠮ  ᠴᠢᠩᠭᠠᠳᠭᠠᠨ ᠪᠦᠷᠢᠨᠱᠢᠭᠦᠯᠵᠦ᠍᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ᠂ ᠣᠷᠴᠢᠨ ᠲᠣᠭᠣᠷᠢᠨ ᠭᠣᠶᠣ ᠰᠠᠢᠬᠠᠨ᠂ ᠠᠮᠢ ᠠᠬᠤᠶ ᠣᠷᠣᠱᠢᠨ ᠰᠠᠭᠤᠷᠢᠰᠢᠬᠤ ᠳ᠋ᠤ ᠲᠣᠬᠢᠷᠠᠮᠵᠢᠲᠠᠶ᠂ ᠠᠮᠤᠷ ᠲᠦᠪᠱᠢᠨ ᠡᠷᠡᠭᠦᠯ ᠮᠡᠨᠳᠦ᠂ ᠤᠶᠤᠨᠴᠢ ᠥᠨᠳᠥᠷ  ᠪᠦᠲᠦᠮᠵᠢᠲᠡᠶ᠂ ᠣᠷᠣᠨ ᠪᠦᠰᠡ ᠵᠢᠨ ᠦᠶ᠋ᠯᠡᠳᠦᠯᠭᠡ 6 ᠶᠡᠬᠡ  ᠬᠦᠷᠢᠶ᠎ᠡ ᠴᠠᠷᠠᠭ᠎ᠠ ᠵᠢᠨ ᠲᠣᠭᠣᠷᠢᠨ ᠳ᠋ᠤ 34 ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠭᠦᠶ᠋ᠴᠡᠳᠭᠡᠯ ᠲᠣᠭ᠎ᠠ ᠶ᠋ᠢ ᠲᠣᠭ᠍ᠲᠠᠭᠠᠵᠤ᠂ 2035 ᠣᠨ  ᠪᠣᠯᠬᠤ ᠳ᠋ᠤ ᠬᠥᠮᠦᠨ ᠪᠤᠯᠤᠨ ᠪᠠᠢᠭᠠᠯᠢ ᠡᠶ᠎ᠡ ᠵᠣᠬᠢᠴᠠᠩᠭᠤᠢ ᠬᠠᠮᠲᠤ ᠪᠡᠷ ᠣᠷᠣᠱᠢᠬᠤ 《ᠦᠵᠡᠰᠭᠦᠯᠡᠩᠲᠦ ᠰᠠᠢᠬᠠᠨ ᠬᠥᠬᠡᠬᠣᠲᠠ ᠲᠠᠯ᠎ᠠ ᠨᠤᠲᠤᠭ ᠤ᠋ᠨ ᠬᠣᠲᠠ》 ᠶ᠋ᠢ ᠴᠢᠷᠮᠠᠢᠨ ᠪᠠᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号