ᠰᠡᠳᠭᠢᠯ ᠨᠢᠬᠡᠳᠦᠨ ᠬᠦᠴᠦ᠍ ᠪᠠᠨ ᠬᠠᠮᠲᠤᠳᠭᠠᠵᠤ ᠪᠦᠯᠬᠦᠮᠳᠡᠯ᠎ᠦᠨ ᠬᠠᠭᠤᠳᠠᠰᠤ᠎ᠶ᠋ᠢ ᠬᠠᠮᠲᠤ᠎ᠪᠠᠷ ᠪᠢᠴᠢᠭᠯᠡᠨᠡᠮ
2025-10-09 11:31:33
ᠵᠣᠬᠢᠶᠠᠭ᠍ᠴᠢ᠄
ᠯᠢ ᠼᠦᠨ ᠱᠢᠶᠠ ᠯᠢᠦ ᠶᠠᠨ
ᠣᠩᠱᠢᠭ᠍ᠰᠠᠨ ᠣᠳᠠᠭ᠎ᠠ᠄
★★★☆☆

—  ᠬᠣᠶᠠᠳᠤᠭᠠᠷ ᠬᠤᠭᠤᠴᠠᠭᠠᠨ ᠎ᠤ  《ᠦᠵᠡᠰᠬᠦᠯᠡᠡᠭᠳᠤ ᠨᠠᠢᠷᠠᠮᠳᠠᠭᠤ ᠤᠮᠠᠷᠠᠲᠤ ᠬᠢᠯᠢ  ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠶ᠎ᠠ》ᠭᠡᠬᠦ ᠳᠤᠮᠳᠠᠳᠤ  ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠦᠨᠳᠦᠰᠦᠨ ᠱᠠᠲᠤᠨ᠎ᠤ ᠠᠶᠠᠯᠠᠯ᠎ᠤᠨ ᠠᠵᠢᠯᠯᠠᠭ᠎ᠠ᠎ᠶ᠋ᠢᠨ ᠬᠦᠤᠷᠨᠢᠯ


1000 ᠭᠠᠷᠤᠢ ᠪᠠᠭ᠍ᠰᠢ ᠰᠤᠷᠤᠭ᠍ᠴᠢᠳ 《ᠪᠢ ᠡᠬᠡ ᠤᠯᠤᠰ ᠎ᠲᠠᠶ ᠎ᠪᠠᠨ》 ᠭᠡᠬᠦ᠌ ᠳᠠᠭᠤᠤ᠎ᠶ᠋ᠢ ᠬᠠᠮᠲᠤ᠎ᠪᠠᠷ ᠳᠠᠭᠤᠯᠠᠵᠤ᠂ 300 ᠱᠢᠬᠠᠮ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ ᠦᠨᠳᠦᠰᠦᠲᠡᠨ᠎ᠦ ᠪᠦᠯᠬᠦᠮᠳᠡᠯ ᠎ᠦᠨ ᠬᠠᠭᠤᠳᠠᠰᠤ᠎ᠶ᠋ᠢ ᠬᠠᠮᠲᠤ᠎ᠪᠠᠷ ᠪᠢᠴᠢᠭᠯᠡᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠤᠳᠬ᠎ᠠ ᠲᠡᠬᠦᠯᠳᠡᠷ ᠦᠨᠳᠦᠰᠦᠲᠡᠨ᠎ᠦ ᠪᠦᠯᠬᠦᠮᠳᠡᠯ᠎ᠦᠨ ᠬᠢᠴᠢᠶᠡᠯ ᠣᠷᠤᠪᠠ ᠁

ᠡᠨᠡ ᠵᠢᠯ᠎ᠤᠨ 9 ᠰᠠᠷ᠎ᠠ ᠪᠣᠯ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ 42 ᠳ᠋ᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯᠯᠠᠭ᠎ᠠ᠎ᠶ᠋ᠢᠨ ᠰᠠᠷ᠎ᠠ ᠪᠣᠯᠤᠨ᠎ᠠ᠃ 9 ᠰᠠᠷ᠎ᠠ ᠎ᠶ᠋ᠢᠨ 10 ᠡᠴᠡ 27 ᠤ᠋ ᠡᠳᠦᠷ ᠪᠣᠯᠲᠠᠯ᠎ᠠ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ ᠵᠢᠨ ᠨᠢᠭᠡᠳᠦᠮᠡᠯ ᠹᠷᠣᠨᠲ ᠎ᠤᠨ ᠵᠢᠯᠣᠭᠣᠳᠤᠯᠭ᠎ᠠ ᠳᠤᠤᠷ᠎ᠠ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠪᠠ ᠥᠪᠥᠷ ᠮᠣᠩᠭᠣᠯ᠎ᠤᠨ ᠡᠳᠦᠷ᠎ᠦᠨ ᠰᠣᠨᠢᠨ ᠎ᠤ ᠬᠣᠷᠢᠶ᠎ᠠ ᠬᠠᠮᠲᠤᠷᠠᠨ ᠬᠣᠶᠠᠳᠤᠭᠠᠷ ᠬᠤᠭᠤᠴᠠᠭᠠᠨ᠎ᠤ 《ᠦᠵᠡᠰᠬᠦᠯᠡᠡᠭᠳᠤ ᠨᠠᠢᠷᠠᠮᠳᠠᠭᠤ ᠤᠮᠠᠷᠠᠲᠤ ᠬᠢᠯᠢ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠶ᠎ᠠ》 ᠭᠡᠬᠦ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠨᠳᠦᠰᠦᠨ ᠱᠠᠲᠤᠨ ᠎ᠤ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠡᠷᠭᠢᠯᠡᠵᠦ᠂ ᠬᠥᠬᠡᠬᠣᠲᠠ᠂ ᠪᠠᠶᠠᠨᠨᠠᠭᠤᠷ ᠬᠣᠲᠠ ᠳ᠋ᠸ᠋ ᠭᠦᠨᠵᠡᠭᠡᠢᠷᠡᠨ᠂ 《ᠬᠠᠮᠲᠤ ᠎ᠪᠠᠷ ᠨᠢᠭᠡ ᠵᠦᠴᠦᠭᠡ ᠦᠵᠡᠬᠦ᠌》᠂ 《ᠬᠠᠮᠲᠤ᠎ᠪᠠᠷ ᠨᠢᠭᠡ ᠳᠠᠭᠤᠤ ᠳᠠᠭᠤᠯᠠᠬᠤ》᠂ 《ᠬᠠᠮᠲᠤ ᠎ᠪᠠᠷ ᠨᠢᠭᠡ ᠪᠥᠵᠢᠭ ᠪᠥᠵᠢᠭ᠌ᠯᠡᠬᠦ᠌》᠂ 《ᠬᠠᠮᠲᠤ᠎ᠪᠠᠷ ᠨᠢᠭᠡ ᠵᠢᠷᠤᠭ ᠵᠢᠷᠤᠬᠤ》᠂ 《ᠬᠠᠮᠲᠤ ᠎ᠪᠠᠷ ᠨᠢᠭᠡ ᠬᠢᠴᠢᠶᠡᠯ ᠣᠷᠣᠬᠤ》 6 ᠲᠠᠯᠠᠪᠠᠢ ᠠᠬᠤᠢ ᠲᠠᠯᠠᠪᠠᠢ ᠵᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠬᠡᠯᠪᠡᠷᠢ᠎ᠪᠡᠷ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶ᠋ᠢ ᠤᠮᠠᠷᠠᠲᠤ ᠬᠢᠯᠢ ᠎ᠶ᠋ᠢᠨ ᠡᠬᠡ ᠭᠠᠵᠠᠷ ᠎ᠲᠤ ᠰᠠᠴᠤᠵᠦ᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠷᠢᠬᠠᠨ ᠰᠠᠯᠬᠢ ᠥᠭ᠌ᠭᠢᠶᠡᠮᠦᠷ ᠬᠤᠷ᠎ᠠ ᠪᠤᠯᠭᠠᠨ ᠬᠦᠮᠦᠰ ᠤ᠋ᠨ ᠰᠡᠳᠬᠢᠯ ᠢ᠋ ᠤᠮᠳᠠᠯᠠᠵᠤ᠂  ᠪᠦᠯᠬᠦᠮᠳᠡᠨ ᠲᠡᠮᠡᠴᠡᠬᠦ᠌ ᠠᠤᠭ᠎ᠠ ᠬᠦᠴᠦᠨ᠎ᠢ ᠨᠢᠭ᠍ᠲᠠᠷᠠᠭᠤᠯᠪᠠ᠃

ᠠᠵᠢᠯᠯᠠᠭ᠎ᠠ᠎ᠶ᠋ᠢᠨ ᠠᠩᠬᠠᠨ᠎ᠤ ᠥᠷᠲᠡᠭᠡ᠎ᠶ᠋ᠢ ᠬᠥᠬᠡᠬᠣᠲᠠ᠎ᠶ᠋ᠢᠨ ᠷᠦᠢ ᠮᠧᠶ ᠺᠠᠶ ᠨᠦᠸᠸ ᠤᠯᠠᠭᠠᠨ ᠠᠨᠠᠷ᠎ᠤᠨ ᠭᠤᠤᠯ ᠰᠡᠳᠦᠪᠲᠦ ᠺᠢᠨᠣ᠋᠎ᠶ᠋ᠢᠨ ᠣᠷᠳᠣᠨ᠎ᠳᠤ ᠲᠤᠬᠢᠷᠠᠭᠤᠯᠪᠠ᠃ ᠳᠣᠲᠣᠭᠠᠳᠤ᠎ᠶ᠋ᠢ ᠬᠠᠮᠠᠭᠠᠯᠠᠬᠤ ᠺᠠᠳ᠋ᠷ ᠴᠠᠭ᠍ᠳᠠᠭ᠎ᠠ᠂ ᠨᠡᠢᠭᠡᠮ ᠲᠣᠭᠣᠷᠢᠭ᠎ᠤᠨ ᠠᠵᠢᠯᠲᠠᠨ ᠵᠢᠴᠢ ᠦᠨᠳᠦᠰᠦᠲᠡᠨ᠎ᠨᠦᠭᠦᠳ᠎ᠦᠨ ᠣᠯᠠᠨ ᠲᠦᠮᠡᠨ ᠵᠡᠷᠭᠡ ᠨᠡᠢᠲᠡ ᠵᠠᠭᠤ ᠭᠠᠷᠤᠶ ᠬᠥᠮᠦᠨ ᠨᠢᠭᠡ ᠲᠠᠩᠬᠢᠮ᠎ᠳᠤ ᠴᠤᠭ᠍ᠯᠠᠷᠠᠵᠤ᠂ ᠦᠨᠳᠦᠰᠦᠲᠡᠨ᠎ᠦ ᠪᠦᠯᠬᠦᠮᠳᠡᠯ᠎ᠦᠨ ᠰᠡᠳᠦᠪᠲᠦ ᠺᠢᠨᠣ᠋ 《ᠴᠠᠭ᠍ᠳᠠᠭ᠎ᠠ ᠪᠤᠶᠠᠨ》ᠢ᠋ ᠬᠠᠮᠲᠤ᠎ᠪᠠᠷ ᠰᠣᠨᠢᠷᠬᠠᠪᠠ᠃ ᠺᠢᠨᠣ᠋ ᠎ᠳᠤ ᠪᠦᠬᠦ᠌ ᠤᠯᠤᠰ ᠎ᠤᠨ ᠳᠣᠲᠣᠭᠠᠳᠤ᠎ᠶ᠋ᠢ ᠬᠠᠮᠠᠭᠠᠯᠠᠬᠤ ᠱᠢᠰᠲ᠋ᠧᠮ᠎ᠦᠨ ᠨᠢᠭᠡᠳᠦᠭᠡᠷ ᠳᠡᠰ᠎ᠤᠨ ᠪᠠᠭᠠᠲᠤᠷ ᠵᠢᠱ᠌ᠢᠶᠡᠴᠢ ᠪᠤᠶᠠᠨᠳᠡᠯᠭᠡᠷ᠎ᠦᠨ ᠬᠢᠯᠢ ᠬᠢᠵᠠᠭᠠᠷ᠎ᠲᠤ ᠦᠨᠳᠦᠰᠦᠯᠡᠵᠦ᠍᠂ ᠤᠯᠠᠨ ᠲᠦᠮᠡᠨ᠎ᠳᠦ ᠦᠢᠯᠡᠴᠢᠯᠡᠵᠦ᠍᠂ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠭ᠍ᠰᠠᠨ ᠰᠡᠳᠭᠢᠯ ᠬᠥᠳᠡᠯᠭᠡᠮ᠎ᠡ ᠦᠯᠢᠭᠡᠷ᠎ᠢ ᠶᠠᠷᠢᠪᠠ᠃

ᠺᠢᠨᠣ᠋ ᠨᠢ ᠨᠢᠭᠡᠨ ᠦᠨᠳᠦᠰᠦᠨ ᠱᠠᠲᠤᠨ᠎ᠤ ᠠᠷᠠᠳ᠎ᠤᠨ ᠴᠠᠭ᠍ᠳᠠᠭ᠎ᠠ᠎ᠶ᠋ᠢᠨ ᠠᠮᠢᠳᠤᠯᠢᠭ ᠳᠦᠷᠢ ᠲᠥᠷᠬᠦ᠌᠎ᠶ᠋ᠢ ᠱᠤᠭᠤᠭ᠍ᠰᠠᠨ᠎ᠢᠶᠠᠷ ᠪᠠᠷᠠᠬᠤ ᠦᠭᠡᠢ ᠨᠡᠩ ᠴᠤ᠌ ᠲᠦᠭ ᠲᠦᠮᠡᠨ ᠡᠮᠦᠨ᠎ᠡ ᠹᠷᠣᠨᠲ᠎ᠲᠤ ᠦᠨᠳᠦᠰᠦᠯᠡᠵᠦ᠍᠂ ᠪᠦᠯᠬᠦᠮᠳᠡᠯ ᠎ᠢ ᠠᠬᠢᠭᠤᠯᠬᠤ ᠡᠷᠡᠯᠬᠡᠭ᠌ᠯᠡᠨ ᠲᠡᠮᠡᠴᠡᠭ᠌ᠰᠡᠳ᠎ᠦᠨ ᠪᠠᠷ᠎ᠠ ᠰᠡᠭᠦᠳᠡᠷ᠎ᠢ ᠲᠤᠰᠭᠠᠵᠤ᠂ ᠲᠤᠬᠠᠢ ᠵᠢᠨ ᠲᠠᠯᠠᠪᠠᠢ᠎ᠶ᠋ᠢᠨ ᠦᠵᠡᠭ᠌ᠴᠢᠳ᠎ᠦᠨ ᠰᠡᠳᠭᠢᠯ᠎ᠢ᠋ ᠬᠦᠨ ᠬᠦᠨᠳᠡᠪᠡ᠃ ᠺᠢᠨᠣ᠋ ᠵᠢ ᠦᠵᠡᠭ᠌ᠰᠡᠨ ᠎ᠤ ᠲᠠᠷᠠᠭ᠎ᠠ᠂ ᠬᠥᠬᠡᠬᠣᠲᠠ᠎ᠵᠢᠨ ᠠᠷᠠᠳ ᠎ᠤᠨ ᠴᠠᠭ᠍ᠳᠠᠭ᠎ᠠ ᠵᠢᠩ ᠪᠥᠸᠧ ᠸᠸᠨ᠄ 《ᠪᠤᠶᠠᠨ ᠨᠥᠬᠥᠷ 〈ᠠᠷᠠᠳ ᠲᠦᠮᠡᠨ᠎ᠳᠦ ᠦᠢᠯᠡᠴᠢᠯᠡᠬᠦ᠌〉 ᠵᠢ ᠡᠳᠦᠷ ᠲᠤᠳᠤᠮ ᠎ᠤᠨ ᠠᠮᠢᠳᠤᠷᠠᠯ᠎ᠳᠠᠭᠠᠨ ᠠᠭᠤᠰᠬᠠᠵᠤ᠂ ᠲᠡᠭᠦᠨ ᠎ᠤ ᠵᠣᠷᠢᠭ ᠰᠠᠨᠠᠭ᠎ᠠ ᠨᠢ ᠮᠢᠨᠦ᠍ ᠠᠵᠢᠯ᠎ᠤᠨ ᠳᠤᠮᠳᠠ ᠤᠬ ᠰᠠᠨᠠᠭ᠎ᠠ᠎ᠪᠠᠨ ᠪᠠᠲᠤ ᠰᠠᠬᠢᠵᠤ᠂ ᠪᠦᠭᠦ᠌ ᠰᠡᠳᠭᠢᠯ ᠪᠦᠭᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ᠌᠎ᠶ᠋ᠢ ᠤᠯᠠᠮ ᠵᠣᠷᠢᠭ᠍ᠵᠢᠭᠤᠯᠵᠠᠢ》 ᠭᠡᠵᠦ ᠰᠡᠳᠭᠢᠯ ᠳᠣᠭ᠍ᠳᠣᠯᠤᠨ ᠬᠡᠯᠡᠪᠡ᠃

ᠬᠥᠬᠡᠬᠣᠲᠠ᠎ᠶ᠋ᠢᠨ ᠭᠤᠴᠢᠳᠤᠭᠠᠷ ᠳᠤᠮᠳᠠᠳᠤ ᠰᠤᠷᠭᠠᠭᠤᠯᠢ (ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠶ᠋ᠢᠨ ᠬᠠᠷᠢᠶᠠᠲᠤ ᠬᠣᠶᠠᠳᠤᠭᠠᠷ ᠰᠤᠷᠭᠠᠭᠤᠯᠢ) ᠎ᠶ᠋ᠢᠨ 《ᠬᠠᠮᠲᠤ  ᠪᠡᠷ ᠨᠢᠭᠡ ᠵᠢᠷᠤᠭ ᠵᠢᠷᠤᠬᠤ》 ᠠᠵᠢᠯᠯᠠᠭ᠎ᠠ᠎ᠳᠤ 300 ᠱᠢᠬᠠᠮ ᠰᠤᠷᠤᠭ᠍ᠴᠢᠳ ᠣᠷᠣᠯᠴᠠᠵᠠᠶ᠃ ᠬᠡᠦᠬᠡᠳ᠎ᠦᠳ ᠪᠤᠳᠤᠭ᠍ᠲᠤ ᠪᠢᠷ ᠵᠢᠡᠷ ᠵᠢᠡᠨ 240 ᠬᠤᠪᠢ ᠵᠢᠷᠤᠭ᠎ᠤᠨ ᠬᠠᠪᠲᠠᠰᠤᠨ᠎ᠳᠤ ᠥᠩᠭᠡ ᠪᠤᠳᠤᠭ ᠪᠠ ᠠᠮᠢᠵᠢᠷᠠᠯ᠎ᠤᠨ ᠬᠦᠴᠦᠨ ᠤᠯᠭᠤᠪᠠ᠃

ᠲᠡᠳᠡ ᠠᠵᠢᠯ ᠵᠢᠡᠨ ᠬᠤᠪᠢᠶᠠᠷᠢᠯᠠᠨ ᠬᠠᠮᠵᠢᠯᠴᠠᠵᠤ᠂ ᠵᠠᠷᠢᠮ ᠨᠢ ᠠᠨᠠᠷ᠎ᠲᠤ ᠬᠤᠷᠴᠠ ᠤᠯᠠᠭᠠᠨ ᠳᠤᠮᠳᠠᠳᠦ ᠤᠯᠤᠰ᠎ᠤᠨ ᠤᠯᠠᠭᠠᠨ᠎ᠢ ᠨᠡᠮᠡᠷᠢᠯᠡᠵᠦ᠂ ᠵᠠᠷᠢᠮ ᠨᠢ ᠰᠠᠯᠠᠭ᠎ᠠ ᠨᠠᠮᠠᠭ᠎ᠠ᠎ᠶ᠋ᠢ ᠨᠢ ᠨᠠᠷᠢᠨ ᠵᠢᠷᠤᠭ᠍ᠯᠠᠵᠦ᠂ ᠪᠠᠰᠠ ᠵᠠᠷᠢᠮ ᠨᠢ ᠨᠠᠷᠢᠨ ᠵᠦᠢᠯᠡᠰ᠎ᠢ ᠴᠢᠮᠡᠭ᠌ᠯᠡᠨ ᠪᠤᠲᠤᠬᠯᠠᠨ᠎ᠠ ᠁ ᠪᠤᠢ ᠪᠦᠬᠦᠢ ᠵᠢᠷᠤᠭ᠎ᠤᠨ ᠬᠠᠪᠲᠠᠰᠤ ᠎ᠶ᠋ᠢ ᠨᠡᠢᠯᠡᠭᠦᠯᠦᠭᠰᠡᠨ᠎ᠤ ᠳᠠᠷᠠᠭ᠎ᠠ᠂ ᠵᠠᠭᠤᠨ ᠲᠡᠭ᠌ᠰᠢ ᠳᠥᠷᠪᠡᠯᠵᠢᠨ ᠮᠸᠲᠷ ᠱᠢᠬᠠᠮ ᠲᠤᠮᠤ ᠦᠨᠳᠦᠰᠦᠲᠡᠨ᠎ᠦ ᠪᠦᠯᠬᠦᠮᠳᠡᠯ᠎ᠦᠨ ᠵᠢᠷᠤᠭ ᠨᠢ ᠬᠦᠮᠦᠰ᠎ᠢ ᠭᠠᠢᠬᠠᠰᠢ ᠠᠯᠳᠠᠭᠤᠯᠵᠦ᠂ 《 ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠨ᠎ᠠ》 ᠭᠡᠬᠦ ᠦᠰᠦᠭ ᠢᠯᠡᠭᠡᠨ ᠬᠠᠷᠠᠭ᠍ᠳᠠᠵᠤ᠂ ᠦᠨᠳᠦᠰᠦᠲᠡᠨ᠎ᠦ ᠪᠦᠯᠬᠦᠮᠳᠡᠯ᠎ᠦᠨ ᠭᠦᠨ ᠵᠤᠵᠠᠭᠠᠨ ᠬᠠᠢᠷ᠎ᠠ ᠰᠡᠳᠬᠢᠯᠭᠡ᠎ᠶᠢ ᠢᠯᠡᠷᠡᠬᠦᠯᠪᠡ᠃ ᠳᠥᠷᠪᠡᠳᠦᠭᠡᠷ ᠣᠨ᠎ᠤ ᠰᠤᠷᠤᠭ᠍ᠴᠢ ᠲᠠᠯᠢᠨᠬᠦᠦ ᠰᠡᠳᠭᠢᠯ ᠳᠣᠭ᠍ᠳᠣᠯᠤᠨ᠄ 《 ᠬᠡᠰᠡᠭ ᠪᠦᠷᠢ ᠵᠢᠷᠤᠭ᠎ᠤᠨ ᠬᠠᠪᠲᠠᠰᠤ᠎ᠶ᠋ᠢ ᠲᠤᠰᠠᠭᠠᠷ ᠨᠢ ᠦᠵᠡᠬᠦ᠌᠎ᠳᠤ ᠲᠡᠢᠮᠦ᠍ ᠴᠦ᠍ ᠰᠣᠨᠢᠨ ᠶᠠᠪᠤᠳᠠᠯ ᠪᠢᠰᠢ᠂ ᠭᠡᠪᠡᠴᠦ᠍ ᠨᠡᠢᠯᠡᠭᠦᠯᠪᠡᠯ ᠳᠠᠷᠤᠶ ᠰᠦᠷᠯᠢᠭ ᠰᠠᠢᠬᠠᠨ ᠵᠢᠷᠤᠭ ᠪᠣᠯᠤᠨ᠎ᠠ᠃ ᠡᠨᠡ ᠨᠢ ᠨᠠᠳᠠ᠎ᠳᠤ ᠦᠨᠳᠦᠰᠦᠲᠡᠨ᠎ᠦ ᠪᠦᠯᠬᠦᠮᠳᠡᠯ ᠎ᠦᠨ ᠬᠦᠴᠦᠨ᠎ᠢ ᠵᠢᠩᠬᠢᠨᠢ ᠣᠢᠯᠠᠭᠠᠭᠤᠯᠵᠠᠢ!》 ᠬᠡᠯ᠎ᠠ᠃ ᠡᠨᠡ ᠬᠦ᠌ ᠵᠢᠷᠤᠭ ᠨᠢ ᠬᠡᠦᠬᠡᠳ᠎ᠦᠨ ᠤᠷᠠᠨ ᠰᠡᠳᠭᠢᠮᠵᠢ᠎ᠶ᠋ᠢ ᠨᠢᠭ᠍ᠲᠠᠷᠠᠭᠤᠯᠤᠭ᠍ᠰᠠᠨ᠎ᠢᠶᠠᠷ ᠪᠠᠷᠠᠬᠤ ᠦᠭᠡᠢ ᠨᠡᠩ ᠴᠤ᠌ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠪᠦᠯᠬᠦᠮᠳᠡᠯ᠎ᠦᠨ ᠲᠤᠬᠠᠢ ᠭᠦᠨᠵᠡᠭᠡᠢ ᠲᠠᠨᠢᠯᠲᠠ᠎ᠶ᠋ᠢ ᠳᠠᠮᠵᠢᠭᠤᠯᠪᠠ᠃

ᠪᠠᠶᠠᠨᠨᠠᠭᠤᠷ ᠬᠤᠳᠠ᠎ᠶ᠋ᠢᠨ ᠯᠢᠨ ᠾᠧ ᠲᠣᠭᠣᠷᠢᠭ᠎ᠤᠨ ᠤᠯᠤᠰ᠎ᠤᠨ ᠡᠵᠡᠩᠨᠡᠯᠲᠡ᠎ᠶ᠋ᠢᠨ ᠱᠢᠨᠬᠤᠸᠠ ᠤᠢ ᠱᠢᠭᠤᠢ᠎ᠶ᠋ᠢᠨ ᠲᠠᠯᠠᠪᠠᠢ᠎ᠳᠤ᠂ ᠲᠤᠬᠠᠢ᠎ᠶ᠋ᠢᠨ ᠭᠠᠵᠠᠷ᠎ᠤᠨ ᠵᠠᠭᠤ ᠱᠢᠬᠠᠮ ᠤᠯᠠᠨ ᠲᠦᠮᠡᠨ ᠤᠢ ᠱᠢᠭᠤᠢ᠎ᠶᠢᠨ ᠳᠤᠮᠲᠠ᠎ᠴᠤᠭ᠍ᠯᠠᠷᠠᠨ《ᠨᠢᠭᠡ ᠬᠢᠴᠢᠶᠡᠯ᠎ᠢ ᠬᠠᠮᠲᠦ ᠪᠡᠷ ᠣᠷᠣᠪᠠ》᠃ ᠤᠷᠠᠨ ᠲᠤᠳᠦ ᠪᠣᠷᠣᠲᠣᠬᠣᠢ᠎ᠶ᠋ᠢᠨ ᠬᠤᠯᠪᠤᠭ᠎ᠠ᠂ ᠠᠮᠢᠳᠤᠯᠢᠭ ᠪᠤᠲᠠᠲᠠᠢ ᠬᠥᠮᠦᠰ᠎ᠤᠨ ᠰᠡᠳᠬᠢᠯ᠎ᠢ ᠲᠤᠬᠲᠤᠯᠤᠭᠤᠯᠤᠮ᠎ᠠ ᠳᠡᠷᠭᠡᠳᠡᠬᠢ ᠦᠯᠢᠭᠡᠷ ᠨᠢ ᠤᠨᠤᠯ ᠪᠣᠯᠤᠨ ᠲᠦᠷᠦ᠍᠎ᠶ᠋ᠢᠨ ᠪᠤᠳᠤᠯᠭ᠎ᠠ᠎ᠶ᠋ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠵᠠᠢ᠃ ᠬᠠᠷᠢᠯᠴᠠᠨ ᠬᠦᠳᠡᠯᠦᠯᠴᠡᠬᠦ ᠠᠰᠠᠭᠤᠯᠲᠠ ᠬᠠᠷᠢᠭᠤᠯᠲᠠ᠎ᠶ᠋ᠢᠨ ᠭᠣᠭ᠍ᠴᠣᠭ᠎ᠠ᠎ᠳᠤ᠂ ᠤᠯᠠᠨ ᠎ᠢᠶᠠᠷ᠎ᠢᠶᠠᠨ ᠢᠳᠡᠪᠬᠢᠲᠡᠢ᠎ᠪᠡᠷ ᠭᠠᠷ ᠡᠷᠭᠦᠵᠦ᠍᠂ ᠢᠳᠡᠪᠬᠢᠲᠡᠢ᠎ᠪᠡᠷ ᠵᠠᠪᠳᠤᠨ ᠬᠠᠷᠢᠭᠤᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠨᠢ ᠠᠭᠤᠵᠢᠭᠤ ᠲᠠᠯᠪᠢᠭᠤ ᠪᠠᠶᠠᠷ ᠪᠠᠶᠠᠰᠭᠤᠯᠠᠩᠲᠠᠢ ᠠᠭᠤᠷ ᠠᠮᠢᠰᠭᠤᠯ᠎ᠤᠨ ᠳᠤᠮᠳᠠ ᠰᠡᠳᠭᠢᠯ᠎ᠳᠦ ᠬᠠᠳᠠᠩᠱᠢᠯ᠎ᠠ᠃

 ᠳᠠᠭᠤᠤ ᠬᠥᠭ᠌ᠵᠢᠮ ᠪᠠ ᠪᠥᠵᠢᠭ ᠪᠣᠯ ᠦᠭᠡ ᠬᠡᠯᠡ ᠠᠯᠤᠰᠯᠠᠭ᠍ᠰᠠᠨ ᠰᠡᠳᠭᠢᠯ ᠵᠢᠷᠦᠭᠡᠨ᠎ᠤ ᠶᠠᠷᠢᠯᠴᠠᠭ᠎ᠠ ᠪᠤᠯᠤᠨ᠎ᠠ᠃ ᠲᠤᠰ ᠬᠤᠭᠤᠴᠠᠭᠠᠨ᠎ᠤ ᠠᠵᠢᠯᠯᠠᠭ᠎ᠠ᠎ᠳᠤ᠂ 《ᠨᠢᠭᠡ ᠳᠠᠭᠤᠤ᠎ᠶᠢ ᠬᠠᠮᠲᠤ᠎ᠪᠠᠷ ᠳᠠᠭᠤᠯᠠᠶ᠎ᠠ》 ᠂ 《ᠨᠢᠭᠡ ᠪᠦᠵᠢᠭ ᠎ᠢ ᠬᠠᠮᠲᠤ᠎ᠪᠠᠷ ᠪᠥᠵᠢᠭ᠌ᠯᠡᠶ᠎ᠡ》 ᠭᠡᠬᠦ᠌ ᠲᠤᠬᠯᠠᠯᠲᠠ ᠨᠢ ᠬᠠᠮᠲᠤ᠎ᠪᠠᠷ ᠠᠭᠤᠰᠤᠯᠴᠠᠬᠤ ᠠᠭᠤᠷ ᠠᠮᠢᠰᠭᠤᠯ᠎ᠢ ᠪᠦᠷᠢᠯᠳᠦᠬᠦᠯᠬᠦ ᠬᠢᠯᠠᠰ ᠴᠡᠭ ᠪᠣᠯᠪᠠ᠃ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠂ ᠪᠣᠷᠣᠲᠣᠬᠣᠶ ᠳᠡᠭᠡᠳᠦ ᠰᠤᠷᠭᠠᠭᠤᠯᠢ᠎ᠶ᠋ᠢᠨ ᠬᠦᠷᠢᠶᠡᠨ᠎ᠳᠦ᠂ ᠲᠣᠰ ᠲᠣᠰ 《ᠨᠢᠭᠡ ᠳᠠᠭᠤᠤ᠎ᠶᠢ ᠬᠠᠮᠳᠦ ᠪᠡᠷ ᠳᠠᠭᠤᠯᠠᠶ᠎ᠠ》 ᠭᠡᠬᠦ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠪᠥᠬᠥ᠌ ᠲᠠᠯᠠᠪᠠᠶ᠎ᠶ᠋ᠢᠨ ᠪᠠᠭ᠍ᠰᠢ ᠰᠤᠷᠤᠭ᠍ᠴᠢᠳ ᠤᠯᠤᠰ᠎ᠤᠨ ᠲᠣᠭ᠎ᠢᠶᠠᠨ ᠬᠤᠷᠤᠢᠯᠠᠵᠤ᠂ 《ᠪᠢ ᠡᠬᠡ ᠤᠯᠤᠰ᠎ᠲᠠᠶ᠎ᠪᠠᠨ》 ᠭᠡᠬᠦ᠌ ᠳᠠᠭᠤᠤ᠎ᠶ᠋ᠢ ᠬᠠᠮᠳᠦ ᠳ᠋ᠠᠭᠠᠨ ᠬᠠᠩᠭᠢᠨᠠᠲᠠᠯ᠎ᠠ ᠳᠠᠭᠤᠯᠠᠵᠤ᠂ ᠬᠠᠩᠭᠢᠨᠠᠮ᠎ᠠ ᠲᠠᠭᠤᠨ ᠰᠤᠷᠭᠠᠭᠤᠯᠢ᠎ᠶ᠋ᠢᠨ ᠬᠦᠷᠢᠶᠡᠨ ᠎ᠳᠦ ᠴᠤᠤᠷᠢᠶᠠᠲᠤᠨ᠎ᠠ᠃ ᠪᠠᠶᠠᠨᠨᠠᠭᠤᠷ ᠬᠣᠲᠠ᠎ᠶ᠋ᠢᠨ ᠬᠠᠩᠭᠢᠨ ᠬᠣᠢᠲᠤ ᠬᠣᠱᠢᠭᠤᠨ᠎ᠤ ᠪᠡᠶ᠎ᠡ᠎ᠶ᠋ᠢᠨ ᠲᠠᠮᠢᠷ᠎ᠤᠨ ᠴᠡᠴᠡᠷᠯᠢᠭ᠎ᠲᠦ᠂ ᠬᠡᠳᠦᠨ ᠵᠠᠭᠤᠨ ᠪᠥᠵᠢᠭ᠌ᠴᠢᠨ ᠠᠢᠵᠠᠮ ᠴᠣᠬᠢᠯᠭ᠎ᠠ ᠨᠢᠭᠡᠲᠡᠢ ᠬᠠᠮᠳᠦ ᠳ᠋ᠠᠭᠠᠨ ᠪᠥᠵᠢᠭ᠌ᠯᠡᠵᠦ᠍᠂ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ ᠮᠡᠲᠦ ᠳᠣᠲᠣᠨᠣ》 ᠪᠠᠢᠬᠤ ᠬᠠᠯᠠᠭᠤᠨ ᠳᠣᠲᠣᠨᠣ ᠨᠥᠬᠥᠷᠯᠡᠯ᠎ᠢ ᠳᠠᠮᠵᠢᠭᠤᠯᠤᠨ᠎ᠠ᠃

ᠺᠢᠨᠣ᠋᠎ᠶ᠋ᠢᠨ ᠣᠷᠳᠣᠨ᠎ᠳᠤ ᠰᠡᠳᠭᠢᠯ ᠳᠣᠭ᠍ᠳᠣᠯᠤᠨ ᠨᠢᠯᠪᠤᠰᠤ ᠠᠰᠭᠠᠷᠠᠭᠤᠯᠬᠤ᠎ᠠᠴᠠ ᠰᠤᠷᠭᠠᠭᠤᠯᠢ᠎ᠶ᠋ᠢᠨ ᠬᠦᠷᠢᠶᠡᠨ ᠎ᠳᠦ ᠪᠠᠶᠠᠷᠯᠠᠨ ᠤᠷᠠᠢᠯᠠᠬᠤ ᠬᠦᠷᠲᠡᠯ᠎ᠡ᠂ ᠵᠢᠷᠤᠭ᠎ᠤᠨ ᠪᠢᠷ ᠳᠣᠣᠷᠠᠬᠢ ᠪᠦᠯᠬᠦᠮᠳᠡᠯ ᠬᠠᠮᠵᠢᠯᠴᠠᠭ᠎ᠠ ᠎ᠠᠴᠠ ᠨᠢᠭᠡ ᠬᠢᠴᠢᠶᠡᠯ ᠎ᠤᠨ ᠲᠠᠩᠬᠢᠮ᠎ᠳᠤ ᠴᠤᠬᠯᠠᠷᠠᠬᠤ᠎ᠡᠴᠡ ᠪᠤᠯᠤᠬᠰᠠᠨ ᠬᠠᠮᠳᠦ ᠎ᠶᠢᠨ ᠠᠢᠵᠠᠮ ᠴᠤᠬᠢᠯᠭ᠎ᠠ ᠬᠦᠷᠲᠡᠯ᠎ᠡ ᠁  ᠠᠵᠢᠯᠯᠠᠭ᠎ᠠ ᠨᠢ ᠤᠯᠠᠨ ᠲᠦᠮᠡᠨ ᠎ᠲᠡᠶ ᠤᠢ᠍ᠢᠷᠠᠳᠤᠭ᠍ᠰᠠᠨ᠂ ᠤᠯᠠᠨ ᠲᠦᠮᠡᠨ ᠎ᠦ ᠰᠡᠳᠭᠢᠯ᠎ᠢ ᠨᠢᠭ᠍ᠲᠠᠷᠠᠭᠤᠯᠤᠭ᠍ᠰᠠᠨ᠂ ᠬᠦᠮᠦᠰ ᠎ᠤᠨ ᠰᠡᠳᠬᠢᠯ᠎ᠢ ᠲᠤᠯᠠᠭᠠᠴᠠᠭᠤᠯᠤᠬᠰᠠᠨ ᠠᠷᠭ᠎ᠠ ᠬᠡᠯᠪᠡᠷᠢ᠎ᠪᠡᠷ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠎ᠶ᠋ᠢ ᠪᠤᠲᠠᠲᠦ ᠲᠦᠷᠦᠭᠳᠡᠯ᠎ᠲᠡᠶ᠂ ᠣᠢᠯᠠᠭᠠᠮᠵᠢᠲᠠᠢ᠂ ᠣᠷᠣᠯᠴᠠᠵᠤ ᠪᠣᠯᠬᠤᠢᠴᠠ ᠠᠬᠤᠢᠴᠢ ᠥᠩᠭᠡᠷᠡᠯᠲᠡ ᠪᠣᠯᠭᠠᠪᠠ᠃

ᠬᠣᠶᠠᠳᠤᠭᠠᠷ ᠬᠤᠭᠤᠴᠠᠭᠠᠨ᠎ᠤ《ᠦᠵᠡᠰᠬᠦᠯᠡᠩᠲᠦ ᠨᠠᠢᠷᠠᠮᠳᠠᠭᠤ ᠤᠮᠠᠷᠠᠲᠤ ᠬᠢᠯᠢ᠎ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠶ᠎ᠠ》 ᠭᠡᠬᠦ ᠳᠤᠮᠳᠠᠳᠤ᠎ᠶ᠋ᠢᠨ ᠦᠨᠳᠦᠰᠦᠲᠡᠨ ᠎ᠤ  ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠵᠢ ᠬᠦᠨᠵᠡᠬᠡᠢᠷᠡᠬᠦᠯᠬᠦ ᠤᠬᠠᠭᠤᠯᠭ᠎ᠠ᠎ᠶᠢᠨ ᠦᠨᠳᠦᠰᠦᠨ ᠱᠠᠲᠤᠨ᠎ᠤ ᠠᠶᠠᠯᠠᠯ᠎ᠤᠨ ᠠᠵᠢᠯᠯᠠᠭ᠎ᠠ ᠨᠢ ᠰᠣᠶᠣᠯ᠎ᠢᠶᠠᠷ ᠣᠶᠤᠨ ᠰᠠᠨᠠᠭ᠎ᠠ᠎ᠪᠠᠨ ᠨᠡᠪᠲᠡᠷᠡᠯᠴᠡᠬᠦ᠌᠂ ᠠᠵᠢᠯᠯᠠᠭ᠎ᠠ᠎ᠪᠠᠷ ᠠᠭᠤᠰᠤᠯᠴᠠᠯ ᠎ᠢ ᠠᠬᠢᠭᠤᠯᠬᠤ ᠬᠥᠭᠥᠷᠭᠡ ᠬᠤᠯᠪᠤᠭᠠᠰᠦ᠎ᠶ᠋ᠢ ᠪᠠᠢᠭᠤᠯᠪᠠ᠃ ᠦᠨᠳᠦᠰᠦᠲᠡᠨ᠎ᠨᠦᠭᠦᠳ ᠎ᠦᠨ ᠤᠯᠠᠨ ᠲᠦᠮᠡᠨ ᠢᠳᠡᠪᠬᠢᠳᠡᠢ ᠣᠷᠣᠯᠴᠠᠨ ᠬᠦᠭᠡᠷᠦᠯᠳᠦᠨ ᠪᠠᠶᠠᠷᠯᠠᠵᠤ᠂ ᠣᠢᠯᠠᠭᠠᠯᠴᠠᠭ᠎ᠠ ᠪᠠᠨ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠨᠥᠬᠥᠷᠯᠡᠯ᠎ᠢᠶᠡᠨ ᠭᠦᠨᠵᠡᠭᠡᠢᠷᠡᠭᠦᠯᠵᠦ᠍᠂ ᠪᠦᠯᠬᠦᠮᠳᠡᠨ ᠤᠷᠤᠭ᠍ᠰᠢᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号