ᠬᠢᠩᠭᠠᠨ ᠳᠠᠪᠠᠭ᠎ᠠ ᠵᠢᠨ ᠨᠠᠮᠤᠷ᠎ᠤᠨ ᠦᠵᠡᠮᠵᠢ ᠳᠦᠷᠪᠡᠨ ᠵᠦᠭ ᠤ᠋ᠨ ᠵᠢᠭᠤᠯᠴᠢᠯᠠᠭᠰᠠᠳ ᠤ᠋ᠨ ᠪᠠᠬᠠᠷᠬᠠᠯ ᠢ᠋ ᠳᠠᠳᠠᠨ᠎ᠠ
2025-10-09 11:07:22
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

ᠠᠯᠲᠠᠨ ᠨᠠᠮᠤᠷ ᠎ᠤᠨ ᠷᠠᠱᠢᠶᠠᠨ ᠎ᠤ ᠤᠯᠤᠰ ᠎ᠤᠨ ᠤᠢ ᠱᠢᠭᠤᠢ᠎ᠶ᠋ᠢᠨ ᠴᠡᠴᠡᠷᠯᠢᠭ ᠪᠣᠯ ᠬᠢᠩᠭᠠᠨ ᠠᠢᠮᠠᠭ ᠎ᠤᠨ ᠬᠠᠮᠤᠭ ᠎ᠤᠨ ᠬᠢᠯᠳᠠᠭᠠᠨᠠᠭᠰᠠᠠ ᠨᠡᠷ᠎ᠡ᠎ᠶ᠋ᠢᠨ ᠬᠠᠭᠤᠳᠠᠰᠤ ᠪᠣᠯᠤᠨ᠎ᠠ᠃ ᠠᠭᠤᠯᠠ ᠳᠦᠭᠦᠷᠡᠩ ᠤᠯᠠᠭᠠᠨ᠂ ᠱᠢᠷ᠎ᠠ᠂ ᠨᠣᠭᠣᠭᠠᠨ ᠦᠩᠭᠡ ᠰᠤᠯᠤᠩᠭᠠᠷᠠᠵᠤ᠂ ᠶᠠᠭ ᠯᠠ ᠲᠩᠷᠢ ᠭᠠᠵᠠᠷ᠎ᠤᠨ ᠳᠤᠮᠳᠠ ᠳᠡᠯᠭᠡᠭ᠌ᠳᠡᠭ᠌ᠰᠡᠨ ᠲᠣᠮᠣ ᠲᠣᠰᠣᠨ ᠵᠢᠷᠤᠭ ᠬᠡᠮᠡᠷ ᠪᠠᠢᠳᠠᠭ᠃

ᠡᠨᠡ ᠬᠦ᠌ ᠤᠯᠤᠰ᠎ᠤᠨ ᠪᠠᠶᠠᠷ ᠪᠠ ᠨᠠᠢ᠍ᠮᠠᠨ ᠰᠠᠷ᠎ᠠ ᠵᠢᠨ ᠲᠡᠷᠭᠡᠯ ᠪᠠᠶᠠᠷ ᠤ᠋ᠨ ᠠᠮᠠᠷᠠᠯᠲᠠ᠎ᠶ᠋ᠢᠨ ᠬᠤᠭᠤᠴᠠᠭᠠᠨ᠎ᠳᠤ᠂ ᠷᠠᠱᠢᠶᠠᠨ ᠎ᠤ ᠨᠠᠮᠤᠷ ᠎ᠤᠨ ᠤᠯᠠᠷᠢᠯ ᠎ᠤᠨ ᠬᠠᠯᠠᠮᠰᠢᠯ ᠵᠢᠱ᠌ᠢᠯᠲᠡ᠎ᠡᠴᠡ ᠬᠣᠯᠠ ᠳᠠᠪᠠᠭ᠍ᠰᠠᠨ ᠪᠠᠢᠨ᠎ᠠ᠃ ᠤᠯᠤᠰ᠎ᠤᠨ ᠪᠠᠶᠠᠷ᠎ᠤᠨ ᠲᠦᠷᠦᠭᠦᠦ ᠡᠳᠦᠷ᠂ ᠷᠠᠱᠢᠶᠠᠨ 4.25 ᠲᠦᠮᠡᠨ ᠬᠥᠮᠦᠨ ᠤᠳᠠᠭ᠎ᠠ ᠵᠢᠨ ᠵᠢᠭᠤᠯᠴᠢᠯᠠᠭᠰᠠᠳ ᠢ᠋ ᠬᠦᠯᠢᠶᠡᠨ ᠠᠪᠴᠤ᠌᠂ 0.53 ᠳ᠋ᠦᠩᠱᠢᠭᠤᠷ ᠲᠥᠭᠥᠷᠢᠭ ᠎ᠦᠨ ᠣᠷᠣᠯᠭ᠎ᠠ ᠡᠬᠦᠳᠪᠠ; ᠳᠠᠷᠠᠭ᠎ᠠ ᠡᠳᠦᠷ ᠤ᠋ᠨ ᠲᠤᠭ᠎ᠠ ᠬᠡᠮᠵᠢᠶ᠎ᠠ ᠨᠢ  ᠨᠡᠡᠭ ᠴᠦ᠍ ᠳᠠᠬᠢᠨ ᠵᠢᠡᠷ ᠨᠡᠮᠡᠭ᠌ᠳᠡᠵᠦ᠍᠂ 8.32 ᠲᠦᠮᠡᠨ ᠵᠢᠭᠤᠯᠴᠢᠯᠠᠭᠰᠠᠳ ᠢᠷᠡᠵᠦ᠍᠂ ᠵᠢᠭᠤᠯᠴᠢᠯᠠᠯ᠎ᠤᠨ ᠣᠷᠣᠯᠭ᠎ᠠ 1.04 ᠳ᠋ᠦᠩᠱᠢᠭᠤᠷ ᠲᠥᠭᠥᠷᠢᠭ᠎ᠢ ᠳᠠᠪᠠᠪᠠ᠃ ᠷᠠᠱᠢᠶᠠᠨ᠎ᠤ ᠤᠯᠤᠰ᠎ᠤᠨ ᠣᠶ ᠱᠢᠭᠤᠶ᠎ᠶ᠋ᠢᠨ ᠴᠡᠴᠡᠷᠯᠢᠭ᠎ᠢ ᠨᠡᠭᠡᠭᠡᠳ ᠭᠤᠷᠪᠠᠬᠠᠨ ᠴᠠᠭ ᠪᠣᠯᠤᠮᠠᠭ᠍ᠴᠠ ᠪᠢᠯᠧᠲ ᠵᠢᠡᠨ ᠬᠤᠳᠠᠯᠳᠤᠨ ᠳᠠᠭᠤᠰᠴᠤ᠌᠂ 70 ᠺᠢᠯᠣᠮᠧᠲ᠋ᠷ ᠬᠤᠯᠠ ᠪᠠᠢᠭ᠎ᠠ ᠦ᠋ ᠴᠠ ᠭᠸᠦ ᠪᠠᠯᠭᠠᠰᠤᠨ ᠳ᠋ᠦ ᠴᠤ᠌ ᠵᠣᠴᠢᠳ᠎ᠤᠨ ᠪᠠᠭᠤᠳᠠᠯ ᠤᠯᠬᠤ ᠦᠭᠡᠢ ᠪᠤᠯᠪᠠ᠃ ᠮᠠ ᠹᠸᠩ ᠸᠸ ᠰᠦᠯᠵᠢᠶ᠎ᠠ ᠵᠢᠨ ᠲᠤᠮᠤ ᠳ᠋ᠠᠢᠲ᠋ᠠ ᠵᠢ ᠦᠨᠳᠦᠰᠦᠯᠡᠪᠡᠯ᠂ ᠷᠠᠱᠢᠶᠠᠨ ᠤ᠋ ᠵᠢᠭᠤᠯᠴᠢᠯᠠᠯ ᠤ᠋ᠨ ᠬᠠᠯᠠᠮᠰᠢᠯ 340% ᠎ᠪᠡᠷ ᠨᠡᠮᠡᠭᠳᠡᠵᠤ᠂ ᠪᠡᠭᠡᠵᠢᠩ᠂ ᠱᠠᠩᠬᠠᠶ ᠵᠢᠴᠢ ᠴᠧᠩᠳᠦ᠋ ᠵᠡᠷᠭᠡ ᠬᠠᠯᠠᠮᠰᠢᠯ ᠬᠣᠲᠠ ᠡᠴᠡ ᠳᠠᠪᠠᠵᠤ᠂ ᠡᠨᠡ ᠵᠢᠯ᠎ᠦᠨ ᠤᠯᠤᠰ᠎ᠤᠨ ᠪᠠᠶᠠᠷ᠎ᠤᠨ ᠲᠡᠷᠢᠭᠦᠨ ᠰᠣᠩᠭᠣᠯᠲᠠ᠎ᠶ᠋ᠢᠨ ᠭᠠᠵᠠᠷ ᠪᠣᠯᠤᠭ᠍ᠰᠠᠨ ᠪᠠᠢᠨ᠎ᠠ᠃

ᠬᠠᠯᠠᠮᠰᠢᠯ ᠤ᠋ᠨ ᠠᠷᠤ᠎ᠳᠤ ᠰᠣᠶᠣᠯ ᠵᠢᠭᠤᠯᠴᠢᠯᠠᠯ᠎ᠤᠨ ᠪᠦᠲᠦᠭᠡᠭ᠌ᠳᠡᠬᠦᠨ ᠢ᠋ ᠨᠠᠷᠢᠨ ᠪᠠᠢᠷᠢᠯᠠᠭᠤᠯᠤᠭᠰᠠᠨ ᠳ᠋ᠤ ᠪᠠᠢᠨ᠎ᠠ᠃ ᠡᠨᠡ ᠬᠦ᠌《ᠠᠷᠪᠠᠨ ᠰᠠᠷ᠎ᠠ᠎ᠶ᠋ᠢᠨ ᠨᠢᠭᠡᠨ》 ᠤ᠋ ᠠᠮᠠᠷᠠᠯᠲᠠ᠎ᠶ᠋ᠢᠨ ᠬᠤᠭᠤᠴᠠᠭᠠᠨ᠎ᠳᠤ᠂ ᠷᠠᠱᠢᠶᠠᠨ ᠤ᠋ ᠬᠢᠨ《ᠭᠤᠢᠳᠠ ᠰᠠᠢᠬᠠᠨ ᠳᠤᠮᠳᠠᠳᠤ ᠤᠯᠤᠰ·ᠢᠷᠠᠭᠤ ᠰᠠᠢᠬᠠᠨ ᠷᠠᠰᠢᠶᠠᠨ》 ᠭᠡᠬᠦ᠌ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠦᠳᠡᠭ ᠭᠠᠯ᠎ᠤᠨ ᠳᠠᠭᠤᠤ ᠬᠥᠭ᠌ᠵᠢᠮ᠎ᠦᠨ ᠦᠳᠡᠱᠢᠯᠡᠭᠡ᠂ 《ᠵᠡᠭᠦᠳᠦ ᠵᠡᠷᠭᠡᠯᠭᠡᠨ ᠮᠡᠳᠦ ᠷᠠᠱᠢᠶᠠᠨ》 ᠰᠥᠨᠢ᠎ᠶ᠋ᠢᠨ ᠵᠢᠭᠤᠯᠴᠢᠯᠠᠯ᠂ ᠬᠢᠯᠢ᠎ᠶ᠋ᠢᠨ ᠭᠤᠤᠯ ᠳ᠋ᠡᠬᠢ ᠤᠷᠤᠯᠳᠤᠭᠠᠨ᠂ ᠴᠡᠴᠡᠭ᠌ᠲᠦ ᠲᠡᠷᠭᠡ᠎ᠪᠡᠷ ᠲᠣᠭᠣᠷᠢᠨ ᠵᠤᠭᠠᠴᠠᠬᠤ ᠪᠠ ᠭᠤᠤᠯ ᠰᠡᠳᠦᠪᠳᠤ ᠳᠠᠭᠤᠤ ᠬᠦᠭᠵᠢᠮ ᠤ᠋ᠨ ᠨᠠᠢᠷ ᠵᠡᠷᠭᠡ ᠠᠯᠢ ᠣᠯᠠᠨ ᠠᠵᠢᠯᠯᠠᠭ᠎ᠠ᠎ᠶ᠋ᠢ ᠨᠠᠷᠢᠨ ᠨᠢᠮᠪᠠᠶ ᠪᠡᠯᠡᠳᠭᠡᠵᠦ᠍᠂ ᠠᠯᠤᠰ ᠬᠣᠯᠠ ᠡᠴᠡ ᠢᠷᠡᠭ᠌ᠰᠡᠨ ᠨᠠᠢᠵᠠ ᠨᠢᠭᠡᠪᠦᠷᠢ᠎ᠳᠦ ᠡᠨᠡ ᠬᠦ᠌ ᠵᠢᠵᠢᠭ ᠬᠣᠲᠠ᠎ᠶ᠋ᠢᠨ ᠬᠠᠯᠠᠭᠤᠨ ᠰᠡᠳᠭᠢᠯᠭᠡ ᠎ᠶ᠋ᠢ ᠮᠡᠳᠡᠷᠡᠭᠦᠯᠪᠡ᠃

ᠵᠢᠭᠤᠯᠴᠢᠯᠠᠭᠰᠠᠳ ᠤ᠋ᠨ ᠰᠡᠳᠭᠢᠯ ᠢ᠋ ᠨᠡᠩ ᠳᠤᠯᠠᠭᠠᠴᠠᠭᠤᠯᠤᠭᠰᠠᠨ ᠨᠢ ᠭᠡᠪᠡᠯ᠂《ᠲᠡᠷᠭᠡ ᠵᠣᠭ᠍ᠰᠣᠬᠤ᠎ᠳᠤ ᠬᠦᠴᠢᠷᠲᠡᠶ》 ᠪᠠᠢᠬᠤ ᠠᠰᠠᠭᠤᠳᠠᠯ ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠲᠤᠬᠠᠶ᠎ᠶ᠋ᠢᠨ ᠭᠠᠵᠠᠷ᠎ᠤᠨ ᠠᠯᠪᠠᠨ ᠪᠠᠢᠭᠤᠯᠤᠯᠭ᠎ᠠ᠎ᠶ᠋ᠢᠨ 1200 ᠭᠠᠷᠤᠶ ᠲᠡᠷᠭᠡᠨ ᠵᠣᠭ᠍ᠰᠣᠭᠠᠯ᠎ᠢ ᠨᠡᠭᠡᠭᠡᠵᠦ᠍᠂ ᠬᠡᠷᠳᠤ ᠲᠡᠷᠭᠡ᠎ᠶ᠋ᠢᠨ ᠲᠤᠰᠭᠠᠶ ᠵᠣᠭ᠍ᠰᠣᠭᠠᠯ᠎ᠢ 2 ᠲᠥᠯᠥᠪᠵᠢᠭᠦᠯᠦᠨ ᠪᠠᠢᠭᠤᠯᠵᠤ᠂ ᠬᠠᠯᠠᠮᠱᠢᠯ ᠦᠵᠡᠮᠵᠢ᠎ᠶ᠋ᠢᠨ ᠣᠷᠣᠨ᠎ᠳᠤ ᠲᠦᠷ ᠴᠠᠭ᠎ᠤᠨ ᠲᠡᠷᠭᠡᠨ ᠵᠣᠭ᠍ᠰᠣᠭᠠᠯ ᠨᠡᠮᠡᠵᠦ᠍ ᠭᠠᠷᠭᠠᠵᠠᠶ;ᠵᠠᠰᠠᠭ᠎ᠤᠨ ᠣᠷᠳᠣᠨ᠎ᠤ ᠬᠣᠭᠣᠯᠠᠨ ᠬᠡᠷ 5 ᠲᠥᠭᠥᠷᠢᠭ᠂ 10 ᠲᠥᠭᠥᠷᠢᠭ᠂ 15 ᠲᠥᠭᠥᠷᠢᠭ᠎ᠦᠨ ᠠᠷᠠᠳ᠎ᠲᠤ ᠠᠱᠢᠭ ᠬᠦᠷᠲᠡᠭᠡᠬᠦ᠌ ᠬᠣᠭᠣᠯᠠ ᠲᠤᠬᠢᠷᠠᠭᠤᠯᠵᠤ᠂ ᠵᠢᠭᠤᠯᠴᠢᠯᠠᠭ᠍ᠰᠠᠳ᠎ᠲᠤ ᠬᠢᠮᠳᠠ ᠮᠦᠷᠳᠡᠭᠡᠨ ᠠᠮᠳᠠᠳᠠᠢ ᠬᠤᠭᠤᠯᠠ ᠬᠠᠩᠭᠠᠪᠠ; ᠬᠣᠲᠠ᠎ᠶ᠋ᠢᠨ ᠲᠣᠭᠣᠷᠢᠭ ᠡᠴᠡ ᠦᠵᠡᠮᠵᠢ᠎ᠶ᠋ᠢᠨ ᠣᠷᠣᠨ ᠬᠥᠷᠬᠥ᠌ ᠨᠡᠢᠲᠡ᠎ᠶ᠋ᠢᠨ ᠮᠠᠱᠢᠨ ᠲᠡᠷᠭᠡᠨ᠎ᠦ ᠡᠭᠡᠯᠵᠢ ᠤᠳᠠᠭ᠎ᠠ᠎ᠶ᠋ᠢ ᠤᠯᠠᠨ ᠪᠤᠯᠭᠠᠵᠤ᠂ ᠶᠠᠪᠤᠵᠤ ᠰᠠᠭᠤᠬᠤ᠎ᠳᠤ ᠨᠠᠩ ᠲᠥᠬᠥᠮ ᠪᠣᠯᠭᠠᠪᠠ; 《ᠷᠠᠰᠢᠶᠠᠨ ᠪᠤᠭᠤ》 ᠱᠢᠷᠢᠰ ᠰᠣᠶᠣᠯ᠎ᠤᠨ ᠰᠢᠨ᠎ᠠ ᠡᠭᠦᠳᠦᠯᠳᠡ ᠵᠢᠨ ᠪᠦᠲᠦᠭᠡᠭᠳᠡᠭᠦᠨ ᠢ᠋ ᠵᠢᠭᠤᠯᠴᠢᠯᠠᠭᠰᠠᠳ ᠤ᠋ᠨ ᠦᠶ᠋ᠯᠡᠴᠢᠯᠡᠭᠡᠨ᠎ᠦ ᠲᠥᠪ᠎ᠲᠦ ᠤᠷᠤᠭᠤᠯᠵᠤ᠂ ᠠᠶᠠᠯᠠᠯ ᠤ᠋ᠨ ᠬᠠᠪᠤ ᠰᠤᠨᠢᠷᠬᠠᠯ ᠢ᠋ ᠨᠡᠮᠡᠭᠳᠡᠭᠦᠯᠪᠡ ᠁《ᠪᠢᠳᠡ ᠪᠥᠬᠥ᠌ ᠬᠦᠴᠦ᠍᠎ᠪᠡᠷ᠎ᠢᠶᠡᠨ ᠵᠢᠭᠤᠯᠴᠢᠯᠠᠭᠰᠠᠳ᠎ᠲᠤ ᠠᠮᠤᠷ ᠲᠦᠪᠱᠢᠨ᠂ ᠳᠥᠭᠥᠮ ᠳᠥᠲᠡ᠂ ᠲᠠᠭᠠᠯᠠᠮᠵᠢᠲᠠᠶ ᠣᠷᠴᠢᠨ ᠲᠣᠭᠣᠷᠢᠨ ᠎ᠢ ᠬᠠᠩᠭᠠᠵᠤ᠂ ᠣᠯᠠᠨ᠎ᠢ ᠰᠠᠨᠠᠭ᠎ᠠ ᠠᠮᠤᠷ ᠢᠳᠡᠭᠦᠯᠵᠤ ᠤᠤᠭᠤᠯᠭᠠᠵᠤ᠂ ᠲᠠᠭᠠᠲᠠᠶ ᠨᠠᠭᠠᠳᠤᠭᠤᠯᠵᠤ᠂ ᠪᠠᠶᠠᠷ ᠬᠥᠷ᠎ᠲᠡᠶ ᠵᠢᠭᠤᠯᠴᠢᠯᠠᠭᠤᠯᠵᠤ᠂ ᠷᠠᠱᠢᠶᠠᠨ᠎ᠤ ᠠᠮᠢ ᠠᠬᠤᠶ᠎ᠶ᠋ᠢᠨ ᠵᠢᠭᠤᠯᠴᠢᠯᠠᠯ᠎ᠤᠨ ᠲᠥᠷᠥᠯ ᠲᠡᠮᠳᠡᠭ᠎ᠢ ᠠᠯᠳᠠᠷᠰᠢᠭᠤᠯᠤᠨ᠎ᠠ》 ᠭᠡᠵᠤ ᠷᠠᠱᠢᠶᠠᠨ ᠬᠣᠲᠠ᠎ᠶ᠋ᠢᠨ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠬᠠᠨ ᠹᠦ᠋ ᠴᠢᠶᠠᠨ ᠢᠯᠡᠳᠭᠡᠪᠡ᠃

《ᠬᠤᠪᠢᠰᠭᠠᠯ᠎ᠤᠨ ᠤᠯᠠ ᠮᠥᠷ᠎ᠢ ᠡᠷᠢᠯᠬᠢᠯᠡᠬᠦ᠌ ᠳᠤᠷᠠᠳᠠᠢ ᠰᠣᠶᠣᠯ᠎ᠤᠨ ᠪᠠᠬᠠᠲᠠᠨ ᠴᠤ᠌ ᠲᠡᠷᠡ᠂ ᠪᠠᠢᠭᠠᠯᠢ᠎ᠶ᠋ᠢᠨ ᠦᠩᠭᠡ ᠦᠵᠡᠮᠵᠢ᠎ᠳᠦ ᠪᠠᠬᠠᠲᠠᠢ ᠵᠢᠭᠤᠯᠴᠢᠯᠠᠭᠴᠢ ᠴᠤ᠌ ᠲᠡᠷᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠎ᠳᠤ ᠪᠠᠬᠠᠲᠠᠢ ᠬᠦᠮᠦᠨ ᠴᠤ᠌ ᠲᠡᠷᠡ᠂ ᠬᠡᠤᠬᠡᠳ ᠵᠢᠡᠨ ᠨᠠᠭᠠᠳᠤᠭᠤᠯᠬᠤ ᠪᠡᠷ ᠢᠷᠡᠭᠰᠡᠨ ᠴᠤ᠌ ᠲᠡᠷᠡ᠂ ᠴᠦᠮ ᠬᠢᠩᠭᠠᠨ ᠠᠢᠮᠠᠭ᠎ᠲᠤ ᠬᠦᠰᠡᠵᠦ ᠪᠤᠳᠤᠭᠰᠠᠨ ᠵᠢᠡᠨ ᠪᠡᠶᠡᠯᠡᠭᠦᠯᠵᠤ ᠪᠤᠯᠤᠨ᠎ᠠ》᠂ ᠬᠢᠩᠭᠠᠨ ᠠᠢᠮᠠᠭ᠎ᠤᠨ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠲᠢᠶᠠᠨ ᠹᠸᠩ᠂ ᠤᠷᠠᠨ ᠰᠠᠢᠬᠠᠨ᠎ᠤ ᠲᠣᠭ᠍ᠯᠠᠯᠲᠠ ᠡᠴᠡ ᠬᠡᠷ᠎ᠦᠨ ᠭᠠᠳᠠᠨᠠᠬᠢ ᠬᠥᠳᠡᠯᠭᠡᠭᠡᠨ ᠬᠦᠷᠲᠡᠯ᠎ᠡ᠂ ᠤᠯᠠᠮᠵᠢᠯᠠᠯᠲᠤ ᠵᠠᠩ ᠦᠶ᠋ᠯᠡ᠎ᠡᠴᠡ ᠣᠲᠣ ᠦᠶ᠎ᠡ᠎ᠶ᠋ᠢᠨ ᠲᠣᠭ᠍ᠯᠠᠯᠲᠠ ᠬᠦᠷᠲᠡᠯ᠎ᠡ᠂ ᠬᠢᠩᠭᠠᠨ ᠠᠢᠮᠠᠭ ᠶᠠᠭ ᠣᠷᠭᠢᠯᠤᠮ᠎ᠠ ᠬᠠᠯᠠᠭᠤᠨ ᠰᠡᠳᠭᠢᠯᠭᠡ ᠪᠠ ᠪᠦᠷᠢᠨ ᠭᠦᠶ᠋ᠴᠡᠳ ᠦᠶ᠋ᠯᠡᠴᠢᠯᠡᠭᠡ᠎ᠪᠡᠷ ᠨᠠᠮᠤᠷ᠎ᠤᠨ ᠤᠯᠠᠷᠢᠯ᠎ᠤᠨ ᠬᠣᠪᠣᠷ ᠨᠠᠨᠳᠢᠨ ᠥᠩᠭᠡ ᠦᠵᠡᠮᠵᠢ᠎ᠶ᠋ᠢ ᠵᠢᠭᠤᠯᠴᠢᠯᠠᠭ᠍ᠰᠠᠳ᠎ᠤᠨ ᠰᠡᠳᠭᠢᠯ᠎ᠳᠡᠬᠢ ᠬᠠᠯᠠᠭᠤᠨ ᠳᠤᠯᠠᠭᠠᠨ ᠪᠥᠭᠡᠳ ᠮᠠᠷᠲᠠᠭ᠍ᠳᠠᠰᠢ ᠥᠬᠡᠶ ᠳᠤᠷᠠᠳᠭᠠᠯ ᠪᠣᠯᠭᠠᠨ ᠬᠤᠪᠢᠷᠠᠭᠤᠯᠵᠤ᠂ 《ᠬᠢᠩᠭᠠᠨ ᠳᠠᠪᠠᠭ᠎ᠠ᠎ᠳᠠᠬᠢ ᠬᠢᠩᠭᠠᠨ ᠠᠢᠮᠠᠭ》 ᠤ᠋ᠨ ᠥᠪᠡᠷᠮᠢᠴᠡ ᠰᠠᠢᠬᠠᠨ ᠦᠵᠡᠮᠵᠢ᠎ᠶ᠋ᠢ ᠨᠠᠩ ᠣᠯᠠᠨ ᠬᠥᠮᠦᠰ᠎ᠲᠦ ᠲᠠᠨᠢᠭᠤᠯᠵᠤ ᠪᠠᠢᠨ᠎ᠠ ᠭᠡᠵᠤ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号