ᠪᠦᠬᠦ᠌ ᠤᠯᠤᠰ ᠎ᠤᠨ ᠲᠠᠪᠤᠳᠤᠭᠠᠷ ᠬᠤᠭᠤᠴᠠᠭᠠᠨ ᠎ᠤ ᠬᠢᠲᠠᠳ ᠡᠮ᠎ᠤᠨ ᠮᠠᠲ᠋ᠧᠷᠢᠶᠠᠯ ( ᠮᠣᠩᠭᠤᠯ ᠡᠮ ᠎ᠤᠨ ᠮᠠᠲ᠋ᠧᠷᠢᠶᠠᠯ ) ᠎ᠤ᠋ᠨ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠶᠡᠭᠡ ᠬᠤᠷᠠᠯ ᠤᠯᠠᠭᠠᠨᠬᠠᠳᠠ᠎ᠳᠤ ᠬᠤᠷᠠᠯᠳᠤᠪᠠ
2025-10-09 16:45:38
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 29᠎ᠤ ᠡᠳᠦᠷ᠂ ᠪᠦᠬᠦ᠌ ᠤᠯᠤᠰ᠎ᠤᠨ ᠲᠠᠪᠤᠳᠤᠭᠠᠷ ᠬᠤᠭᠤᠴᠠᠭᠠᠨ᠎ᠤ ᠬᠢᠲᠠᠳ ᠡᠮ᠎ᠤᠨ ᠮᠠᠲ᠋ᠧᠷᠢᠶᠠᠯ (ᠮᠣᠩᠭᠤᠯ ᠡᠮ᠎ᠤᠨ ᠮᠠᠲ᠋ᠧᠷᠢᠶᠠᠯ)  ᠤ᠋ᠨ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠶᠡᠭᠡ ᠬᠤᠷᠠᠯ ᠬᠢᠭᠡᠳ ᠤᠯᠠᠭᠠᠨᠬᠠᠳᠠ᠎ᠶ᠋ᠢᠨ ᠵᠢᠩᠬᠢᠨᠢ ᠡᠮ᠎ᠤᠨ ᠮᠠᠲ᠋ᠧᠷᠢᠶᠠᠯ᠎ᠤᠨ ᠲᠥᠪᠯᠡᠷᠡᠭᠦᠯᠦᠨ ᠲᠠᠷᠬᠠᠭᠠᠬᠤ ᠭᠠᠵᠠᠷ᠎ᠤᠨ ᠠᠷᠠᠯᠵᠢᠶᠠᠴᠢᠨ ᠤᠷᠢᠬᠤ ᠬᠤᠷᠠᠯ ᠤᠯᠠᠭᠠᠨᠬᠠᠳᠠ ᠬᠤᠲᠠ᠎ᠶ᠋ᠢᠨ ᠬᠠᠷᠠᠴᠢᠨ ᠬᠤᠱᠢᠭᠤᠨ᠎ᠳᠤ ᠶᠠᠪᠤᠭ᠍ᠳᠠᠪᠠ᠃ ᠪᠦᠬᠦ᠌ ᠤᠯᠤᠰ᠎ᠤᠨ ᠡᠯ᠎ᠡ ᠭᠠᠵᠠᠷ᠎ᠠᠴᠠ ᠬᠦᠷᠦᠯᠴᠠᠨ ᠢᠷᠡᠭ᠌ᠰᠡᠨ ᠡᠮ ᠡᠮᠨᠡᠯᠭᠡ᠎ᠶ᠋ᠢᠨ ᠬᠦᠷᠢᠶᠡᠨ᠎ᠤ ᠲᠤᠰᠭᠠᠢ ᠮᠡᠷᠭᠡᠵᠢᠯᠲᠡᠨ ᠡᠷᠳᠡᠮᠲᠡᠨ᠂ ᠠᠵᠤ ᠠᠬᠤᠢᠯᠠᠯᠲᠠᠨ ᠵᠢᠴᠢ ᠲᠠᠷᠢᠮᠠᠯ᠎ᠤᠨ ᠡᠷᠦᠬᠡ᠎ᠶ᠋ᠢᠨ ᠲᠥᠯᠥᠭᠡᠯᠡᠭ᠌ᠴᠢ ᠴᠤᠭ᠍ᠯᠠᠷᠠᠵᠤ᠂《ᠵᠢᠩᠬᠢᠨᠢ ᠡᠮ᠎ᠤᠨ ᠮᠠᠲ᠋ᠧᠷᠢᠶᠠᠯ᠎ᠢ ᠲᠥᠪᠯᠡᠷᠡᠭᠦᠯᠦᠨ ᠲᠠᠷᠬᠠᠭᠠᠬᠤ ᠭᠠᠵᠠᠷ ᠎ᠢ ᠪᠠᠢᠭᠤᠯᠤᠨ᠂  ᠬᠠᠮᠲᠤᠷᠠᠨ ᠠᠵᠢᠯᠯᠠᠵᠤ ᠬᠠᠮᠲᠤ ᠪᠠᠷ ᠠᠱᠢᠭ ᠬᠦᠷᠳᠡᠬᠦ᠌ ᠱᠢᠨ᠎ᠡ ᠲᠠᠪᠴᠠᠩ ᠎ᠢ ᠪᠠᠢᠭᠤᠯᠬᠤ》ᠭᠤᠣᠯ ᠰᠡᠳᠦᠪ᠎ᠤᠨ ᠲᠣᠭᠤᠷᠢᠨ᠎ᠳᠤ᠂ ᠠᠵᠤ ᠦᠢᠯᠡᠰ᠎ᠤᠨ ᠬᠥᠭ᠌ᠵᠢᠯᠲᠡ᠎ᠶ᠋ᠢᠨ ᠢᠷᠡᠭᠡᠳᠦᠢ ᠵᠢᠨ ᠲᠤᠬᠠᠢ ᠬᠠᠮᠲᠤ ᠪᠠᠷ ᠵᠥᠪᠯᠡᠵᠠᠢ᠃

ᠲᠤᠰ ᠤᠳᠠᠭ᠎ᠠ᠎ᠶ᠋ᠢᠨ ᠶᠡᠭᠡ ᠬᠤᠷᠠᠯ ᠠᠭᠤᠯᠭ᠎ᠠ ᠪᠠᠶᠠᠯᠢᠭ᠂ ᠬᠡᠯᠪᠡᠷᠢ ᠤᠯᠠᠨ ᠶᠠᠩᠵᠤ᠎ᠶ᠋ᠢᠨ ᠪᠠᠢᠵᠤ᠂ ᠭᠤᠣᠯ ᠰᠡᠳᠦᠪᠲᠦ ᠮᠡᠳᠡᠭᠦᠯᠦᠯᠲᠡ᠂ ᠦᠷ᠎ᠡ ᠪᠦᠲᠦᠭᠡᠯ ᠨᠡᠢᠲᠡᠯᠡᠬᠦ᠂ ᠲᠤᠬᠠᠢ᠎ᠶ᠋ᠢᠨ ᠭᠠᠵᠠᠷ᠎ᠲᠤᠨᠢ ᠱᠢᠨᠵᠢᠯᠡᠨ ᠪᠠᠢᠴᠠᠭᠠᠬᠤ᠂ ᠰᠣᠯᠢᠯᠴᠠᠭ᠎ᠠ ᠬᠢᠵᠦ᠍ ᠰᠤᠳᠤᠯᠤᠨ ᠶᠠᠷᠢᠯᠴᠠᠬᠤ ᠵᠡᠷᠭᠡ ᠤᠯᠠᠨ ᠭᠤᠭ᠍ᠴᠤᠭ᠎ᠠ ᠎ᠶ᠋ᠢ ᠬᠠᠮᠤᠷᠪᠠ᠃ ᠬᠤᠷᠠᠯ ᠳᠡᠭᠡᠷ᠎ᠡ ᠬᠤᠷᠳᠤᠨ ᠴᠠᠭᠠᠨ᠎ᠤ ᠱᠢᠨ᠎ᠡ ᠲᠦᠷᠦᠯ ᠵᠦᠢᠯ ᠵᠡᠷᠭᠡ ᠤᠯᠠᠨ ᠲᠦᠷᠦᠯ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠎ᠢ ᠨᠡᠢᠲᠡᠯᠡᠵᠦ᠍᠂ ᠵᠢᠩᠬᠢᠨᠢ ᠡᠮ ᠎ᠤᠨ ᠮᠠᠲ᠋ᠧᠷᠢᠶᠠᠯ ᠎ᠢ ᠲᠥᠪᠯᠡᠷᠡᠭᠦᠯᠦᠨ ᠲᠠᠷᠬᠠᠭᠠᠬᠤ ᠭᠠᠵᠠᠷ᠎ᠤᠨ ᠠᠷᠠᠯᠵᠢᠶᠠᠴᠢᠨ ᠤᠷᠢᠬᠤ ᠭᠡᠷ᠎ᠡ ᠲᠣᠭ᠍ᠲᠠᠬᠤ ᠶᠣᠰᠣᠯᠠᠯ᠎ᠢ ᠵᠡᠷᠭᠡ ᠪᠡᠷ ᠶᠠᠪᠤᠭ᠍ᠳᠠᠭᠤᠯᠵᠤ᠂ ᠵᠢᠩᠬᠢᠨᠢ ᠡᠮ ᠎ᠤᠨ ᠮᠠᠲ᠋ᠧᠷᠢᠶᠠᠯ ᠲᠠᠷᠢᠬᠤ ᠰᠠᠭᠤᠷᠢᠨ᠎ᠤ ᠪᠦᠳᠦᠭᠡᠨ ᠪᠠᠢᠭᠤᠯᠤᠯᠲᠠ᠂ ᠨᠠᠷᠢᠯᠢᠭ ᠡᠳ᠋ᠱᠢᠭᠦᠯᠬᠦ᠂ ᠠᠵᠤ ᠠᠬᠤᠢᠯᠠᠯ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠬᠠᠮᠲᠤᠷᠠᠯᠴᠠᠭ᠎ᠠ᠂ ᠵᠠᠬ᠎ᠠ ᠳᠡᠯᠭᠡᠭᠦᠷ᠎ᠤᠨ ᠠᠷᠭ᠎ᠠ ᠵᠠᠮ᠎ᠢ ᠵᠣᠯᠭᠠᠭᠤᠯᠬᠤ ᠵᠡᠷᠭᠡ ᠲᠠᠯ᠎ᠠ ᠵᠢ ᠬᠠᠮᠤᠷᠴᠠᠢ᠃

ᠬᠠᠷᠠᠴᠢᠨ ᠬᠣᠱᠢᠭᠤ ᠨᠢ ᠳᠤᠮᠳᠠᠳᠤ ᠤᠯᠤᠰ᠎ᠤ᠋ᠨ ᠤᠮᠠᠷᠠᠲᠤ᠎ᠶᠢᠨ ᠵᠢᠩᠬᠢᠨᠢ ᠡᠮ ᠎ᠦ᠋ᠨ ᠮᠠᠲ᠋ᠧᠷᠢᠶᠠᠯ᠎ᠤ᠋ᠨ ᠭᠣᠣᠯ ᠭᠠᠷᠤᠯᠲᠠ ᠎ᠶᠢᠨ ᠣᠷᠣᠨ᠂ ᠳᠤᠮᠳᠠᠳᠤ ᠤᠯᠤᠰ᠎ᠤ᠋ᠨ ᠲᠠᠪᠤᠨ ᠶᠡᠬᠡ ᠪᠣᠬᠢᠷᠲᠤᠯ ᠦᠭᠡᠢ ᠬᠢᠲᠠᠳ ᠡᠮ ᠎ᠦ᠋ᠨ ᠮᠠᠲ᠋ᠧᠷᠢᠶᠠᠯ᠎ᠤ᠋ᠨ ᠰᠠᠭᠤᠷᠢᠨ ᠤ᠋ ᠨᠢᠭᠡ ᠪᠣᠯᠤᠭ᠍ᠰᠠᠨ᠎ᠤ᠋ ᠬᠤᠪᠢ᠎ᠳ᠋ᠤ᠂ ᠬᠤᠷᠳᠤᠨ ᠴᠠᠭᠠᠨ᠂ ᠤᠮᠠᠷᠠᠲᠤ᠎ᠶᠢᠨ ᠡᠯᠡᠰᠦᠨ ᠤᠷᠬᠤᠲᠠᠢ᠎ᠶᠢᠨ ᠤᠨᠠᠯᠲᠠ ᠵᠢᠨ ᠬᠡᠮᠵᠢᠶ᠎ᠡ ᠨᠢ ᠲᠤᠰ ᠲᠤᠰ ᠪᠦᠬᠦ᠌ ᠤᠯᠤᠰ᠎ᠤ᠋ᠨ 60% ᠪᠠ 80%᠎ᠠ᠋ᠴᠠ ᠳᠡᠭᠡᠭ᠌ᠱᠢᠬᠢ᠎ᠶᠢ ᠡᠵᠡᠯᠡᠵᠦ᠍ ᠪᠣᠢ᠃ ᠨᠢᠤ ᠵᠢᠶᠠ ᠶᠢᠩᠽᠢ ᠪᠠᠯᠭᠠᠰᠤ《ᠳᠤᠮᠳᠠᠳᠤ ᠤᠯᠤᠰ ᠎ᠤᠨ ᠤᠮᠠᠷᠠᠲᠤ᠎ᠵᠢᠨ ᠡᠯᠡᠰᠦᠨ ᠣᠷᠬᠤᠳᠠᠢ᠂ ᠬᠤᠷᠳᠤᠨ ᠴᠠᠭᠠᠨ ᠎ᠤ  ᠨᠤᠲᠤᠭ》 ᠬᠡᠮᠡᠨ ᠠᠯᠳᠠᠷᠱᠢᠵᠥ᠂ 《ᠨᠢᠤ ᠵᠢᠶᠠ ᠶᠢᠩᠽᠢ᠎ᠶ᠋ᠢᠨ ᠤᠮᠠᠷᠠᠲᠤ᠎ᠵᠢᠨ ᠡᠯᠡᠰᠦᠨ ᠣᠷᠬᠤᠳᠠᠢ》᠂ 《ᠨᠢᠤ ᠵᠢᠶᠠ ᠶᠢᠩᠽᠢ ᠶ᠋ᠢᠨ ᠬᠤᠷᠳᠤᠨ ᠴᠠᠭᠠᠨ》ᠨᠢ《ᠪᠦᠬᠦ᠌ ᠤᠯᠤᠰ᠎ᠤᠨ ᠨᠠᠷᠠᠲᠤ ᠣᠨᠴᠠ ᠱᠢᠯᠢᠳᠡᠭ ᠱᠢᠨ᠎ᠡ ᠲᠠᠷᠢᠶᠠᠯᠠᠩ᠎ᠤᠨ ᠪᠦᠲᠦᠭᠡᠭ᠌ᠳᠡᠬᠦᠨ》 ᠎ᠤ  ᠨᠡᠷᠡᠰ ᠎ᠤᠨ ᠵᠢᠭ᠍ᠰᠠᠭᠠᠯᠲᠠ᠎ᠳᠤ ᠣᠷᠣᠪᠠ᠃ ᠣᠳᠣᠬᠠᠨ᠎ᠳᠤ᠂ ᠪᠥᠬᠦ᠌ ᠬᠤᠱᠢᠭᠤᠨ᠎ᠤ ᠬᠢᠲᠠᠳ ᠡᠮ᠎ᠤᠨ ᠮᠠᠲ᠋ᠧᠷᠢᠶᠠᠯ (ᠮᠣᠩᠭᠤᠯ ᠡᠮ᠎ᠤᠨ ᠮᠠᠲ᠋ᠧᠷᠢᠶᠠᠯ) ᠤ᠋ᠨ ᠳᠠᠷᠢᠬᠤ ᠲᠠᠯᠠᠪᠠᠶ᠎ᠶ᠋ᠢ 15.8 ᠲᠦᠮᠡᠨ ᠮᠸ᠋ ᠎ᠳᠤ ᠲᠣᠭ᠍ᠲᠠᠪᠤᠷᠢᠵᠢᠭᠤᠯᠵᠤ᠂ 76 ᠵᠠᠰᠠᠭ ᠵᠠᠬᠢᠷᠭᠠᠨ᠎ᠤ ᠲᠣᠰᠭᠤᠨ᠎ᠢ ᠬᠠᠮᠤᠷᠴᠤ᠌᠂ 1.8 ᠲᠦᠮᠡᠨ ᠲᠠᠷᠢᠶᠠᠴᠢᠨ ᠡᠷᠦᠬᠡ᠂ 6 ᠲᠦᠮᠡ ᠱᠢᠬᠠᠮ ᠬᠥᠮᠦᠨ᠎ᠢ ᠳᠠᠢᠴᠢᠯᠠᠨ ᠠᠵᠤ ᠦᠢᠯᠡᠰ ᠎ᠤᠨ ᠬᠠᠮᠢᠶ᠎ᠠ ᠪᠦᠬᠦᠢ ᠠᠵᠢᠯ ᠎ᠢ ᠬᠢᠯᠭᠡᠵᠦ᠍᠂ ᠵᠢᠯ᠎ᠤᠨ ᠶᠡᠷᠦᠩᠬᠡᠢᠯᠡᠭ᠌ᠰᠡᠨ ᠦᠢᠯᠡᠳᠬᠦᠨ᠎ᠤ ᠥᠷᠲᠡᠭ ᠎ᠨᠢ 50 ᠳ᠋ᠦᠩᠱᠢᠭᠤᠷ ᠲᠥᠭᠦᠷᠢᠭ᠎ᠲᠤ ᠬᠦᠷᠴᠡᠶ᠃

ᠲᠣᠰ ᠤᠳᠠᠭᠠᠨ᠎ᠤ ᠶᠡᠭᠡ ᠬᠤᠷᠠᠯ᠎ᠢ ᠠᠮᠵᠢᠯᠲᠠ᠎ᠲᠠᠢ ᠬᠤᠷᠠᠯᠳᠤᠭᠤᠯᠤᠭ᠍ᠰᠠᠨ᠎ᠨᠢ ᠪᠥᠬᠦ᠌ ᠤᠯᠤᠰ᠎ᠤᠨ ᠬᠢᠲᠠᠳ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠤᠨ ᠬᠥᠭ᠌ᠵᠢᠯᠲᠡ᠎ᠳᠤ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠴᠢᠭ᠌ᠯᠡᠯ᠎ᠢ ᠲᠣᠳᠣᠷᠬᠠᠢᠯᠠᠭ᠍ᠰᠠᠨ᠎ᠢᠶᠠᠷ ᠪᠠᠷᠠᠬᠤ ᠥᠬᠡᠶ᠂ ᠪᠠᠰᠠ ᠬᠠᠷᠠᠴᠢᠨ ᠬᠤᠱᠢᠭᠤᠨ᠎ᠤ ᠬᠢᠲᠠᠳ ᠡᠮ᠎ᠤᠨ ᠮᠠᠲ᠋ᠧᠷᠢᠶᠠᠯ ᠎ᠤᠨ ᠠᠵᠤ ᠦᠢᠯᠡᠰ᠎ᠤᠨ ᠨᠥᠯᠥᠭᠡᠯᠡᠬᠦ᠌ ᠬᠦᠴᠦᠨ ᠎ᠢ ᠤᠯᠠᠮ ᠨᠢᠭᠡ ᠠᠯᠬᠤᠮ ᠥᠷᠭᠡᠳᠭᠡᠵᠦ᠍᠂ ᠥᠷᠢᠰᠦᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌ ᠎ᠳᠤ ᠴᠢᠬᠤᠯᠠ ᠠᠵᠠ ᠲᠣᠬᠢᠶᠠᠯ ᠬᠠᠩᠭᠠᠭ᠍ᠰᠠᠨ ᠪᠠᠢᠨ᠎ᠠ᠃ 《ᠪᠢᠳᠡ 〈ᠲᠣᠮᠣ ᠡᠷᠡᠭᠦᠯ ᠮᠡᠨᠳᠦ᠍᠎ᠶ᠋ᠢᠨ ᠠᠵᠤ ᠦᠢᠯᠡᠰ ᠎ᠤᠨ ᠰᠦᠷᠦᠭᠵᠢᠯ᠎ᠢ ᠪᠠᠢᠭᠤᠯᠵᠤ᠂ ᠵᠢᠩᠬᠢᠨᠢ ᠡᠮ᠎ᠤᠨ ᠮᠠᠲ᠋ᠧᠷᠢᠶᠠᠯ᠎ᠢ ᠲᠥᠪᠯᠡᠷᠡᠭᠦᠯᠦᠨ ᠲᠠᠷᠬᠠᠭᠠᠬᠤ ᠭᠠᠵᠠᠷ ᠎ᠢ ᠪᠠᠢᠭᠤᠯᠬᠤ〉 ᠬᠠᠷᠠᠯᠲᠠ᠎ᠶ᠋ᠢ ᠲᠣᠭ᠍ᠲᠠᠭᠠᠵᠤ᠂ 〈ᠳᠠᠷᠢᠬᠤ᠂ ᠲᠥᠪᠯᠡᠷᠡᠭᠦᠯᠬᠦ᠂ ᠲᠠᠷᠬᠠᠭᠠᠬᠤ〉 ᠭᠤᠷᠪᠠᠨ ᠶᠡᠭᠡ ᠵᠠᠩᠭᠢᠯᠠᠭ᠎ᠠ᠎ᠶ᠋ᠢᠨ ᠭᠤᠭ᠍ᠴᠤᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂〈ᠨᠢᠭᠡ ᠲᠤᠷᠱᠢᠯᠲᠠ᠎ᠶ᠋ᠢᠨ ᠲᠠᠰᠤᠭ᠂ ᠬᠤᠶᠠᠷ ᠰᠠᠭᠤᠷᠢᠨ᠂ ᠳᠥᠷᠪᠡᠨ ᠲᠥᠪ᠂ ᠨᠢᠭᠡ ᠬᠦᠷᠢᠶᠡᠯᠡᠩ ᠲᠣᠭᠤᠷᠢᠭ〉ᠤ᠋ᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ 〈ᠲᠠᠷᠢᠬᠤ᠂ ᠡᠳ᠋ᠱᠢᠭᠦᠯᠬᠦ᠂ ᠬᠥᠮᠥᠷᠭᠡᠯᠡᠨ ᠬᠠᠳᠠᠭᠠᠯᠠᠬᠤ᠂ ᠭᠦᠶ᠋ᠯᠭᠡᠭᠡᠬᠦ᠂ ᠡᠷᠡᠭᠦᠯᠵᠢᠯ ᠰᠤᠪᠢᠯᠠᠯᠲᠠ〉 ᠶ᠋ᠢ ᠨᠢᠭᠡ ᠴᠣᠭ᠍ᠴᠠᠵᠢᠭᠤᠯᠤᠭ᠍ᠰᠠᠨ ᠬᠢᠲᠠᠳ ᠮᠣᠩᠭᠤᠯ ᠡᠮ᠎ᠤᠨ ᠮᠠᠲ᠋ᠧᠷᠢᠶᠠᠯ ᠎ᠤᠨ ᠪᠥᠬᠦ᠌ ᠠᠵᠤ ᠦᠢᠯᠡᠰ᠎ᠤᠨ ᠬᠡᠯᠬᠢᠶ᠎ᠡ᠎ᠶ᠋ᠢᠨ ᠠᠮᠢ ᠠᠬᠤᠶ᠎ᠶ᠋ᠢ ᠪᠥᠬᠦ᠌ ᠬᠦᠴᠦᠨ᠎ᠢᠶᠠᠷ᠎ᠢᠶᠠᠨ ᠪᠠᠢᠭᠤᠯᠵᠤ᠂  ᠵᠢᠯ᠎ᠤᠨ ᠶᠡᠷᠦᠩᠬᠡᠢᠯᠡᠭ᠌ᠰᠡᠨ ᠦᠢᠯᠡᠳᠬᠦᠨ᠎ᠤ ᠥᠷᠲᠡᠭ᠎ᠢ ᠵᠠᠭᠤᠨ ᠳ᠋ᠦᠩᠱᠢᠭᠤᠷ ᠲᠥᠭᠦᠷᠢᠭ᠎ᠠᠴᠠ ᠳᠡᠭᠡᠭ᠌ᠰᠢ᠎ᠳᠤ ᠬᠦᠷᠦᠭᠦᠯᠬᠦ᠌᠎ᠪᠠᠷ ᠴᠢᠷᠮᠠᠢᠵᠤ᠂ ᠤᠯᠤᠰ᠎ᠤᠨ ᠲᠠᠰ᠎ᠤᠨ ᠬᠢᠲᠠᠳ ᠮᠣᠩᠭᠤᠯ ᠡᠮ᠎ᠤᠨ ᠮᠠᠲ᠋ᠧᠷᠢᠶᠠᠯ᠎ᠤᠨ ᠠᠵᠤ ᠦᠢᠯᠡᠰ᠎ᠤᠨ ᠥᠨᠳᠦᠷᠯᠢᠭ᠎ᠢ ᠴᠢᠷᠮᠠᠢᠨ ᠪᠠᠢᠭᠤᠯᠤᠨ᠎ᠠ》 ᠭᠡᠵᠦ᠍ ᠬᠠᠷᠠᠴᠢᠨ ᠬᠣᠱᠢᠭᠤᠨ᠎ᠤ ᠨᠠᠮ ᠎ᠤᠨ ᠬᠣᠷᠢᠶᠠᠨ᠎ᠤ ᠱᠦᠵᠢ ᠵᠤᠤ ᠶᠠᠨ ᠬᠤᠩ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号