ᠲᠦᠮᠤᠰᠤᠨ᠎ᠤ ᠠᠵᠤ ᠤᠢᠯᠡᠰ ᠤ᠋ᠨ ᠬᠡᠯᠬᠢᠶ᠎ᠠ ᠲᠦᠮᠠᠨ ᠤᠯᠠᠨ ᠤ᠋ ᠪᠠᠶᠠᠵᠢᠯ ᠤ᠋ᠨ ᠰᠠᠬᠢᠶ᠎ᠠ
2025-10-09 16:03:08
ᠵᠣᠬᠢᠶᠠᠭ᠍ᠴᠢ᠄
ᠬᠠᠶ ᠵᠢᠶᠦ᠋ᠨ
ᠣᠩᠱᠢᠭ᠍ᠰᠠᠨ ᠣᠳᠠᠭ᠎ᠠ᠄
★★★☆☆

ᠠᠯᠳᠠᠨ ᠨᠠᠮᠤᠷ᠎ᠤᠨ ᠶᠢᠰᠦᠨ ᠰᠠᠷ᠎ᠠ᠎ᠳᠤ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ ᠡᠯᠪᠡᠭ ᠬᠤᠷᠢᠶᠠᠯᠲᠠ᠎ᠶ᠋ᠢᠨ ᠠᠭᠤᠷ ᠠᠮᠢᠰᠭᠤᠯ ᠵᠢᠡᠷ ᠪᠢᠯᠬᠠᠵᠤ᠂ ᠥᠷᠭᠡᠨ  ᠠᠭᠤᠳᠠᠮ ᠲᠠᠷᠢᠶᠠᠨ ᠭᠠᠵᠠᠷ ᠵᠢᠡᠷ ᠮᠠᠱᠢᠨ ᠮᠸᠬᠠᠨᠢᠭ ᠬᠦᠷᠴᠢᠭᠢᠨᠡᠨ᠂ ᠤᠭᠤᠲᠠ ᠤᠭᠤᠲᠠ ᠰᠢᠨᠡᠭᠡᠨ ᠬᠤᠷᠢᠶᠠᠭᠰᠠᠨ ᠲᠥᠮᠥᠰᠥ᠎ᠶ᠋ᠢ ᠲᠡᠷᠢ ᠲᠡᠭ᠌ᠰᠢ ᠲᠠᠯᠪᠢᠵᠤ᠂ ᠪᠠᠶᠠᠨ ᠨᠠᠮᠤᠷ᠎ᠤᠨ ᠲᠠᠨᠭᠰᠤᠭ ᠵᠢᠷᠤᠭ ᠲᠡᠯᠭᠡᠭᠳᠡᠨ᠎ᠠ᠃

ᠬᠤᠯᠤᠰᠤᠲᠠᠢ ᠬᠤᠡᠭᠭᠤᠷ ᠪᠠᠯᠭᠠᠰᠤᠨ᠎ᠤ ᠱᠢᠨ ᠶᠤᠸᠠᠢ ᠲᠤᠰᠭᠠᠢ ᠬᠤᠷᠱᠢᠶ᠎ᠠ᠎ᠶ᠋ᠢᠨ 300 ᠭᠠᠷᠤᠢ ᠮᠦ᠍᠎ᠶ᠋ᠢᠨ ᠲᠠᠷᠢᠶᠠᠯᠠᠬᠤ ᠰᠠᠭᠤᠷᠢᠨ᠎ᠳᠤ᠂ ᠲᠠᠷᠢᠶᠠᠯᠠᠩ᠎ᠤᠨ ᠮᠠᠱᠢᠨ ᠭᠠᠵᠠᠷ ᠤᠷᠪᠠᠭᠤᠯᠤᠨ ᠦᠡᠭᠭᠡᠷᠡᠬᠦ ᠳ᠋ᠤ ᠲᠥᠮᠥᠰᠥ ᠬᠦᠷᠦᠰᠤᠨ ᠡᠴᠡ ᠪᠦᠮᠪᠦᠷᠢᠨ ᠭᠠᠷᠴᠤ᠂ ᠬᠤᠷᠱᠢᠶ᠎ᠠ᠎ᠶ᠋ᠢᠨ ᠬᠥᠯᠥᠰᠥᠯᠡᠭᠰᠨᠨ ᠠᠵᠢᠯᠴᠢᠳ ᠲᠡᠭᠦᠵᠤ ᠤᠭᠤᠲᠠᠯᠠᠨ ᠶᠠᠭᠠᠷᠠᠯᠳᠤᠨ᠎ᠠ᠃ ᠳᠡᠮᠡᠢ ᠤᠳᠠᠯ ᠦᠭᠡᠢ ᠲᠦᠮᠦᠰᠤ ᠲᠦᠭᠦᠷᠡᠳᠡᠯ᠎ᠠ ᠲᠡᠭᠡᠭᠡᠭ᠌ᠰᠡᠨ ᠲᠤᠮᠤ ᠪᠠᠷᠠᠭᠠᠨ ᠤ᠋ ᠲᠡᠭᠡᠭᠡᠪᠤᠷᠢ ᠵᠢᠨ ᠮᠠᠰᠢᠨ ᠲᠠᠷᠢᠶᠠᠨ ᠭᠠᠵᠠᠷ᠎ᠠᠴᠠ ᠭᠠᠷᠴᠤ ᠥᠪᠥᠷ ᠮᠣᠩᠭᠣᠯ᠎ᠤᠨ ᠱᠤ᠌ ᠳ᠋ᠦ᠋ ᠺᠠᠢ ᠳ᠋ᠠ ᠬᠢᠵᠠᠭᠠᠷᠲᠤ ᠺᠣᠮᠫᠠᠨᠢ ᠵᠢ ᠴᠢᠭ᠌ᠯᠡᠨ ᠶᠠᠪᠤᠵᠤ᠂ ᠡᠨᠡ ᠬᠦ᠌ ᠡᠯᠪᠡᠭ ᠬᠤᠷᠢᠶᠠᠯᠲᠠ᠎ᠶ᠋ᠢᠨ ᠦᠷ᠎ᠡ ᠵᠢᠮᠢᠰ᠎ᠢ ᠠᠵᠤ ᠦᠢᠯᠡᠰ᠎ᠦᠨ ᠬᠡᠯᠬᠢᠶ᠎ᠠ᠎ᠶ᠋ᠢᠨ ᠳᠠᠷᠠᠭᠠᠴᠢ᠎ᠶ᠋ᠢᠨ ᠦᠷᠳᠡᠭᠡ᠎ᠳᠦ ᠬᠦᠷᠭᠡᠨ᠎ᠠ᠃

ᠲᠥᠮᠥᠰᠥ᠎ᠶ᠋ᠢᠨ 《ᠪᠣᠷᠣᠯᠠᠭᠤᠯᠬᠤ ᠳ᠋ᠤ ᠬᠦᠴᠢᠷ᠂ ᠦᠨ᠎ᠡ ᠨᠢ ᠲᠣᠭ᠍ᠲᠠᠪᠤᠷᠢ ᠥᠬᠡᠶ》 ᠪᠠᠢᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠎ᠶ᠋ᠢᠨ ᠲᠥᠯᠥᠭᠡ᠂ ᠱᠢᠨ ᠶᠤᠸᠠᠢ ᠲᠤᠰᠭᠠᠶ ᠬᠣᠷᠱᠢᠶ᠎ᠠ ᠠᠯᠢ ᠡᠷᠲᠡ ᠱᠤ᠌ ᠳ᠋ᠦ᠋ ᠺᠠᠢ ᠳ᠋ᠠ ᠬᠢᠵᠠᠭᠠᠷᠲᠤ ᠺᠣᠮᠫᠠᠨᠢ ᠲᠠᠢ ᠵᠠᠬᠢᠶᠠᠯᠡᠭ᠎ᠠ ᠵᠢᠨ ᠬᠡᠷ᠎ᠠ  ᠲᠤᠭᠳᠠᠬᠤ ᠵᠢᠨ ᠬᠠᠮᠳᠤ ᠬᠤᠯᠤᠰᠤᠲᠠᠢ ᠬᠤᠡᠭᠭᠤᠷ ᠪᠠᠯᠭᠠᠰᠤᠨ ᠤ᠋ ᠴᠢᠤᠸᠠᠨ ᠱᠧᠩ ᠵᠢᠤᠢ ᠲᠣᠰᠭᠣᠨ᠂ ᠱ᠌ᠢ ᠡᠯ ᠬᠥ᠋ ᠲᠣᠰᠭᠣᠨ᠎ᠤ 2000 ᠭᠠᠷᠤᠶ ᠮᠥ᠍ ᠲᠠᠷᠢᠶᠠᠨ ᠭᠠᠵᠠᠷ ᠤ᠋ᠨ ᠬᠡᠷᠡᠭᠯᠡᠬᠦ ᠡᠷᠬᠡ ᠵᠢ ᠲᠠᠭᠠᠭᠠᠴᠢᠯᠠᠨ᠂ ᠪᠦᠬᠦᠨ᠎ᠳᠤᠨᠢ ᠵᠠᠬᠢᠶᠠᠯᠠᠭ᠎ᠠ᠎ᠶ᠋ᠢᠨ  ᠲᠥᠮᠥᠰᠥ᠍ ᠳᠠᠷᠢᠵᠠᠢ᠃ ᠣᠲᠣ ᠬᠠᠳᠤᠵᠤ ᠬᠤᠷᠢᠶᠠᠬᠤ ᠤᠯᠠᠷᠢᠯ ᠪᠣᠯᠵᠣ᠂ ᠡᠳᠦᠷ ᠪᠦᠷᠢ ᠡᠷᠬᠢᠨ ᠲᠣᠭᠣᠷᠢᠨ᠎ᠤ 200 ᠭᠠᠷᠤᠶ ᠲᠣᠰᠭᠣᠨ᠎ᠤ ᠠᠷᠠᠳ ᠡᠨᠳᠡ ᠬᠦᠯᠦᠰᠤᠨ ᠠᠵᠢᠯ ᠬᠢᠵᠤ᠂ ᠤᠯᠠᠨ ᠲᠦᠮᠡᠨ ᠳ᠋ᠤ 《ᠭᠠᠵᠠᠷ ᠱᠢᠷᠣᠶ ᠵᠢᠨ ᠵᠢᠡᠨ ᠬᠡᠷᠡᠭᠯᠡᠬᠦ ᠡᠷᠭᠡ ᠵᠢ ᠲᠠᠭᠠᠭᠠᠴᠢᠯᠠᠭᠤᠯᠤᠨ ᠲᠦᠷᠢᠶᠡᠰᠦᠨ ᠮᠥᠩᠭᠥ᠌ ᠤᠯᠬᠤ᠂ ᠣᠢᠷ᠎ᠠ ᠬᠠᠪᠢ᠎ᠳᠠᠭᠠᠨ ᠬᠦᠯᠦᠰᠤᠨ ᠠᠵᠢᠯ ᠬᠢᠵᠤ ᠴᠠᠯᠢᠩ ᠮᠥᠩᠭᠥ᠌ ᠤᠯᠬᠤ》 ᠳᠠᠪᠬᠤᠷ ᠠᠱᠢᠭ ᠣᠷᠣᠯᠭ᠎ᠠ ᠣᠯᠭᠣᠵᠤ ᠪᠠᠢᠨ᠎ᠠ᠃

《ᠡᠨᠡ ᠵᠢᠯ  ᠪᠢ ᠴᠢᠤᠸᠠᠨ ᠱᠧᠩ ᠵᠢᠤᠢ  ᠲᠣᠰᠭᠣᠨ᠂ ᠱ᠌ᠢ ᠡᠯ ᠬᠥ᠋ ᠲᠣᠰᠭᠣᠨ᠎ᠳᠤ ᠨᠡᠢᠲᠡ 2000 ᠭᠠᠷᠤᠶ ᠮᠥ᠍ ᠵᠢᠨ ᠮᠠᠢ ᠺᠸᠨ ᠡᠭᠦᠯᠳᠡᠷ ᠤ᠋ᠨ ᠲᠥᠮᠥᠰᠥ᠍ ᠳᠠᠷᠢᠵᠤ᠂ ᠮᠥ᠍ ᠪᠦᠷᠢ᠎ᠶ᠋ᠢᠨ ᠤᠨᠠᠯᠲᠠ ᠨᠢ 4 ᠲᠣᠨ ᠣᠷᠴᠢᠮ᠎ᠳᠤ ᠬᠦᠷᠴᠦ᠍᠂ ᠰᠠᠷ᠎ᠠ᠎ᠶ᠋ᠢᠨ ᠰᠡᠭᠦᠯᠴᠢ ᠪᠤᠯᠳᠠᠯ᠎ᠠ ᠬᠤᠷᠢᠶᠠᠵᠤ ᠲᠠᠭᠤᠰᠬᠠᠬᠤ ᠪᠡᠷ ᠲᠦᠯᠦᠪᠯᠡᠵᠤ ᠪᠤᠢ》 ᠭᠡᠵᠦ᠍ ᠱᠢᠨ ᠶᠤᠸᠠᠢ ᠲᠤᠰᠭᠠᠶ ᠬᠣᠷᠱᠢᠶ᠎ᠠ᠎ᠶ᠋ᠢᠨ ᠬᠠᠷᠢᠭᠤᠴᠠᠯᠭᠠᠲᠠᠨ ᠴᠧᠨ ᠶᠤᠸᠠᠢ ᠲᠠᠨᠢᠯᠴᠠᠭᠤᠯᠤᠨ᠎ᠠ᠃

《 ᠡᠨᠡ  ᠵᠢᠯ  ᠪᠢ  ᠲᠣᠰᠭᠣᠨ᠎ᠤ  ᠪᠠᠨ ᠣᠢᠷᠠᠯᠴᠠᠭ᠎ᠠ ᠬᠥᠯᠥᠰᠥᠨ ᠠᠵᠢᠯ ᠬᠢᠵᠦ᠍ ᠲᠥᠮᠥᠰᠥ᠍ ᠬᠤᠷᠢᠶᠠᠵᠤ ᠪᠠᠢᠨ᠎ᠠ᠂ ᠡᠳᠦᠷ᠎ᠲᠦ ᠬᠣᠶᠠᠷ ᠭᠤᠷᠪᠠᠨ ᠵᠠᠭᠤᠨ ᠲᠥᠭᠥᠷᠢᠭ ᠤ᠋ᠨ ᠤᠷᠤᠯᠭ᠎ᠠ ᠲᠠᠢ》 ᠭᠡᠵᠦ᠍ ᠴᠢᠤᠸᠠᠨ ᠱᠧᠩ ᠵᠢᠤᠢ  ᠲᠣᠰᠭᠣᠨ᠎ᠤ  ᠠᠷᠠᠳ ᠵᠠᠩ ᠱ᠌ᠢ  ᠵᠢᠶᠦ᠋ᠨ ᠶᠠᠷᠢᠨ᠎ᠠ᠃

《ᠠᠵᠤ ᠠᠬᠤᠢᠯᠠᠯ +  ᠰᠠᠭᠤᠷᠢᠨ +  ᠲᠠᠷᠢᠶᠠᠴᠢᠨ ᠡᠷᠦᠬᠡ》 ᠵᠢᠨ ᠠᠷᠭ᠎ᠠ ᠵᠠᠬᠪᠤᠷ ᠨᠢ ᠰᠠᠨ ᠴᠠ ᠺᠸᠤ ᠱᠢᠶᠠᠩ᠎ᠤᠨ ᠪᠸᠢ ᠯᠢᠦ ᠵᠧᠦ ᠲᠣᠰᠭᠣᠨ᠎ᠤ ᠠᠷᠠᠳ᠎ᠲᠤ ᠠᠵᠤ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢ ᠨᠡᠭᠡᠭᠡᠵᠡᠢ᠃ ᠬᠣᠩ ᠵᠠᠨ ᠲᠠᠷᠢᠶᠠᠯᠠᠩ᠎ᠤᠨ ᠬᠣᠷᠱᠢᠶ᠎ᠠ ᠡᠨᠡ ᠵᠢᠯ 3000 ᠮᠥ᠍ ᠲᠠᠷᠢᠶᠠᠨ ᠭᠠᠵᠠᠷ ᠤ᠋ᠨ ᠬᠡᠷᠡᠭᠯᠡᠬᠦ ᠡᠷᠬᠡ ᠵᠢ  ᠲᠠᠭᠠᠭᠠᠴᠢᠯᠠᠨ᠂ ᠪᠠᠷᠤᠭᠴᠠᠭᠠᠯᠠᠪᠠᠯ ᠮᠤ᠌ ᠪᠦᠷᠢ ᠡᠴᠡ 4 ᠲᠤᠨ ᠤᠷᠴᠢᠮ ᠲᠦᠮᠦᠰᠤ ᠬᠤᠷᠢᠶᠡᠬᠤ ᠪᠤᠯᠤᠨ᠎ᠠ᠃ ᠡᠢᠮᠤ ᠶᠡᠬᠡ ᠬᠡᠮᠵᠢᠶᠠᠨ ᠤ᠋ ᠲᠦᠮᠦᠰᠤ ᠵᠢ ᠪᠤᠷᠤᠯᠠᠭᠤᠯᠬᠤ ᠨᠢ ᠪᠠᠰᠠ ᠶᠠᠬᠡ ᠶᠠᠪᠤᠳᠠᠯ ᠪᠢᠯᠡ᠃ ᠬᠡᠬᠦ ᠳ᠋ᠤ ᠬᠣᠩ ᠵᠠᠨ ᠲᠠᠷᠢᠶᠠᠯᠠᠩ᠎ᠤᠨ ᠬᠣᠷᠱᠢᠶ᠎ᠠ ᠵᠢᠨ ᠬᠠᠷᠢᠭᠤᠴᠠᠯᠭᠠᠲᠠᠨ ᠯᠢᠶᠠᠩ ᠷᠦᠢ ᠫᠢᠩ ᠪᠣᠷᠣᠯᠠᠭᠤᠯᠭ᠎ᠠ ᠵᠢᠨ ᠲᠤᠬᠠᠢ ᠦᠴᠦᠬᠡᠨ ᠴᠤ᠌ ᠰᠠᠨᠠᠭ᠎ᠠ ᠵᠤᠪᠠᠬᠤ ᠦᠭᠡᠢ ᠪᠠᠢᠯ᠎ᠠ᠃ ᠲᠡᠭᠦᠨ᠎ᠦ ᠢᠲᠡᠭᠡᠯ ᠨᠢ ᠤᠷᠢᠳᠴᠢᠯᠠᠨ ᠲᠣᠭ᠍ᠲᠠᠭ᠍ᠰᠠᠨ ᠵᠠᠬᠢᠶᠠᠯᠠᠭ᠎ᠠ ᠵᠢᠨ ᠭᠡᠷ᠎ᠠ ᠪᠠᠢᠵᠤ᠂ 《ᠰᠠᠢᠨ ᠤᠨᠠᠯᠲᠠ》 ᠶ᠋ᠢ ᠦᠨᠡᠨ ᠬᠦ᠌ 《ᠡᠯᠪᠡᠭ  ᠬᠤᠷᠢᠶᠠᠯᠲᠠ》 ᠪᠤᠯᠭᠠᠵᠠᠢ᠃

《ᠪᠢᠳᠡ ᠰᠠᠨ ᠴᠠ ᠺᠸᠤ ᠱᠢᠶᠠᠩ᠎ᠳᠤ ᠲᠠᠷᠢᠶᠠᠨ ᠭᠠᠵᠠᠷ ᠤ᠋ᠨ ᠬᠡᠷᠡᠭᠯᠡᠬᠦ ᠡᠷᠬᠡ ᠵᠢ ᠲᠠᠭᠠᠭᠠᠴᠢᠯᠠᠨ ᠲᠥᠮᠥᠰᠥ᠍ ᠲᠠᠷᠢᠵᠤ᠂ ᠬᠡᠰᠡᠭ ᠲᠣᠰᠭᠣᠨ᠎ᠤ ᠠᠷᠠᠳ᠎ᠲᠤ ᠠᠵᠢᠯ᠎ᠤᠨ ᠪᠠᠢᠷᠢ ᠬᠠᠩᠭᠠᠵᠤ᠂ ᠲᠡᠳᠡᠨ᠎ᠦ ᠣᠷᠣᠯᠭ᠎ᠠ᠎ᠶ᠋ᠢ ᠨᠡᠮᠡᠭ᠌ᠳᠡᠭᠦᠯᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠤ ᠪᠤᠢ︾ ᠭᠡᠵᠦ᠍ ᠬᠣᠩ ᠵᠠᠨ ᠲᠠᠷᠢᠶᠠᠯᠠᠩ᠎ᠤᠨ ᠬᠤᠷᠱᠢᠶ᠎ᠠ᠎ᠶ᠋ᠢᠨ  ᠬᠠᠷᠢᠭᠤᠴᠠᠯᠭᠠᠲᠠᠨ ᠯᠢᠶᠠᠩ ᠷᠦᠢ ᠫᠢᠩ ᠶᠠᠷᠢᠨ᠎ᠠ᠃

ᠱᠤ᠌ ᠳ᠋ᠦ᠋ ᠺᠠᠶ ᠳ᠋ᠠ ᠬᠢᠵᠠᠭᠠᠷᠲᠤ ᠺᠤᠮᠫᠠᠨᠢ ᠵᠢᠨ ᠦᠶ᠋ᠯᠡᠳᠪᠦᠷᠢᠯᠡᠯ᠎ᠦᠨ ᠲᠠᠰᠤᠭ᠎ᠲᠤ᠂ ᠠᠦ᠋ᠲ᠋ᠣᠴᠢᠯᠠᠭ᠍ᠰᠠᠨ ᠡᠳ᠋ᠰᠢᠭᠦᠯᠦᠨ ᠪᠤᠯᠪᠠᠰᠤᠷᠠᠭᠤᠯᠬᠤ ᠤᠢᠯᠡᠳᠪᠤᠷᠢᠯᠡᠯ ᠤ᠋ᠨ ᠱᠤᠭᠤᠮ᠎ᠨᠢ ᠴᠢᠨᠡᠭᠡ᠎ᠪᠡᠷ᠎ᠢᠶᠡᠨ ᠠᠵᠢᠯᠯᠠᠵᠤ᠂ ᠡᠯ᠎ᠡ ᠱᠢᠶᠠᠩ ᠪᠠᠯᠭᠠᠰᠤᠨ ᠤ᠋ ᠳᠠᠷᠢᠶᠠᠯᠠᠬᠤ ᠰᠠᠭᠤᠷᠢᠨ᠎ᠠᠴᠠ ᠵᠥᠭᠡᠭᠡᠪᠦᠷᠢᠯᠡᠵᠦ᠍ ᠠᠪᠴᠢᠷᠠᠭ᠍ᠰᠠᠨ ᠲᠥᠮᠥᠰᠥ᠎ᠨᠢ ᠠᠦ᠋ᠲ᠋ᠣᠴᠢᠯᠠᠭ᠍ᠰᠠᠨ ᠲᠥᠬᠥᠭᠡᠷᠦᠮᠵᠢ᠎ᠶ᠋ᠢᠨ ᠬᠠᠮᠲᠤᠷᠠᠭ᠍ᠰᠠᠨ ᠠᠵᠢᠯᠯᠠᠭᠠᠨ ᠵᠢᠡᠷ ᠲᠠᠮᠵᠢᠨ᠂ ᠤᠬᠢᠶᠠᠵᠤ ᠴᠡᠪᠡᠷᠯᠡᠬᠦ᠌᠂ ᠬᠠᠯᠢᠰᠤ᠎ᠶ᠋ᠢ᠎ᠨᠢ ᠠᠷᠢᠯᠭᠠᠬᠤ᠂ ᠬᠤᠪᠢᠶᠠᠨ ᠰᠣᠩᠭᠣᠬᠤ᠂ ᠬᠡᠷᠴᠢᠬᠦ᠌ ᠵᠡᠷᠭᠡ ᠡᠳ᠋ᠱᠢᠭᠦᠯᠬᠦ᠌ ᠶᠠᠪᠤᠴᠠ᠎ᠪᠠᠷ ᠳᠡᠮᠵᠢᠨ᠂ ᠠᠮᠲᠠᠲᠤ ᠲᠥᠮᠥᠰᠥᠨ ᠵᠦᠰᠦᠮ ᠪᠣᠯᠵᠤ ᠭᠠᠷᠴᠤ ᠢᠷᠡᠵᠤ ᠪᠠᠢᠯ᠎ᠠ᠃

《ᠣᠳᠣᠬᠠᠨ᠎ᠳᠤ ᠡᠳᠦᠷ ᠪᠦᠷᠢ 2000 — 2300 ᠲᠣᠨ ᠲᠥᠮᠥᠰᠥ᠍ ᠪᠣᠯᠪᠠᠰᠤᠷᠠᠭᠤᠯᠵᠤ᠂ ᠡᠳᠦᠷ ᠪᠦᠷᠢ᠎ᠶ᠋ᠢᠨ ᠬᠤᠷᠢᠶᠠᠬᠤ ᠲᠥᠮᠥᠰᠥ᠎ᠶ᠋ᠢᠨ ᠬᠡᠮᠵᠢᠶ᠎ᠡ 5000 — 6000 ᠲᠣᠨ ᠳ᠋ᠤ ᠬᠦᠷᠴᠤ᠂ ᠡᠨᠡ ᠵᠢᠯ ᠪᠢᠳᠡ ᠵᠢᠱ᠌ᠢᠯᠲᠡ᠎ᠪᠡᠷ 35 ᠲᠦᠮᠡᠨ ᠲᠣᠨ ᠲᠥᠮᠥᠰᠥ᠍ ᠬᠤᠷᠢᠶᠠᠨ᠎ᠠ︾ᠬᠡᠵᠤ ᠱᠤ᠌ ᠳ᠋ᠦ᠋ ᠺᠠᠶ ᠳ᠋ᠠ ᠬᠢᠵᠠᠭᠠᠷᠲᠤ ᠺᠤᠮᠫᠠᠨᠢ ᠵᠢᠨ ᠭᠠᠳᠠᠭᠠᠳᠤ᠎ᠲᠠᠶ ᠬᠠᠷᠢᠯᠴᠠᠬᠤ ᠠᠵᠢᠯ ᠤ᠋ᠨ ᠳᠡᠳ᠋  ᠶᠡᠷᠦᠩᠬᠡᠶ ᠳᠠᠭᠠᠭᠠᠮᠠᠯ ᠵᠣᠣ ᠪᠥᠸᠧ ᠲᠠᠨᠢᠯᠴᠠᠭᠤᠯᠤᠨ᠎ᠠ᠃

ᠣᠢᠷ᠎ᠠ᠎ᠶ᠋ᠢᠨ ᠵᠢᠯ ᠡᠴᠡ ᠨᠠᠭᠠᠱᠢ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ ᠱᠤ᠌ ᠳ᠋ᠦ᠋ ᠺᠠᠶ ᠳ᠋ᠠ ᠵᠡᠷᠭᠡ ᠲᠣᠯᠣᠭᠠᠢᠯᠠᠭ᠍ᠴᠢ ᠠᠵᠤ ᠠᠬᠤᠢᠯᠠᠯ᠎ᠢᠶᠠᠷ ᠲᠤᠯᠤᠭᠠᠢᠯᠠᠭᠤᠯᠵᠤ᠂ ᠲᠥᠮᠥᠰᠥᠨ᠎ᠦ ᠵᠠᠬᠢᠶᠠᠯᠠᠭ᠎ᠠ᠎ᠶ᠋ᠢᠨ ᠬᠡᠯᠪᠡᠷᠢ᠎ᠪᠡᠷ ᠳᠠᠷᠢᠬᠤ ᠵᠠᠭ᠍ᠪᠤᠷ᠎ᠢ ᠶᠡᠬᠡ ᠪᠡᠷ ᠳᠡᠯᠭᠡᠷᠡᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠂ ᠮᠡᠷᠭᠡᠵᠢᠯ᠎ᠦᠨ ᠴᠢᠳᠠᠮᠵᠢ᠎ᠪᠠᠷ ᠳᠠᠮᠵᠢᠭᠤᠯᠤᠨ᠂ ᠲᠥᠮᠥᠰᠥᠨ᠎ᠦ ᠠᠵᠤ ᠦᠶ᠋ᠯᠡᠰ᠎ᠦᠨ ᠪᠠᠷᠢᠮᠵᠢᠶᠠᠵᠢᠭ᠍ᠰᠠᠨ᠂ ᠬᠡᠪᠴᠢᠶᠡᠵᠢᠭ᠌ᠰᠡᠨ᠂ ᠵᠣᠬᠢᠶᠠᠨ ᠪᠠᠢᠭᠤᠯᠤᠯᠳᠠ ᠲᠠᠢ ᠬᠦᠭᠵᠢᠬᠦ ᠴᠢᠭ᠌ᠯᠡᠯ᠎ᠢᠶᠡᠷ ᠬᠥᠭ᠌ᠵᠢᠬᠦ᠌᠎ᠶ᠋ᠢ ᠠᠬᠢᠭᠤᠯᠪᠠ᠃ ᠣᠳᠣᠬᠠᠨ᠎ᠳᠤ᠂ ᠦᠷ᠎ᠡ ᠴᠢᠬᠢ ᠪᠣᠢᠵᠢᠭᠤᠯᠬᠤ ᠡᠬᠢ ᠡᠴᠡ ᠨᠢ ᠡᠵᠡᠮᠳᠡᠬᠦ᠌᠎ᠡᠴᠡ ᠲᠠᠷᠢᠮᠠᠯ᠎ᠤᠨ ᠬᠠᠮᠢᠶᠠᠷᠤᠯᠲᠠ᠎ᠶ᠋ᠢᠨ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠬᠦᠷᠲᠡᠯ᠎ᠡ᠂ ᠲᠠᠬᠢᠭᠠᠳ ᠪᠣᠯᠪᠠᠰᠤᠷᠠᠭᠤᠯᠤᠨ ᠪᠣᠷᠣᠯᠠᠭᠤᠯᠬᠤ ᠪᠢᠲᠡᠭᠦᠦ ᠭᠣᠭ᠍ᠴᠣᠭ᠎ᠠ᠎ᠶ᠋ᠢ ᠵᠣᠯᠭᠠᠭᠤᠯᠬᠤ ᠬᠦᠷᠲᠡᠯ᠎ᠡ᠂ ᠲᠥᠮᠥᠰᠥ᠎ᠶ᠋ᠢᠨ ᠪᠦᠷᠢᠨ ᠪᠦᠲᠦᠨ ᠠᠵᠤ ᠦᠶ᠋ᠯᠡᠰ᠎ᠦᠨ ᠬᠡᠯᠬᠢᠶ᠎ᠡ ᠵᠢ ᠠᠭᠠᠵᠢᠮ ᠵᠢᠡᠷ ᠪᠦᠷᠢᠯᠳᠦᠭᠦᠯᠪᠡ᠃ ᠡᠢᠮᠦᠷᠬᠦᠦ  ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠵᠠᠭ᠍ᠪᠤᠷ᠎ᠨᠢ ᠲᠠᠷᠢᠶᠠᠴᠢᠳ᠎ᠤᠨ ᠳᠠᠷᠢᠶᠠᠯᠠᠬᠤ ᠲᠤᠮᠳᠠ ᠲᠤᠬᠢᠶᠠᠯᠳᠤᠵᠤ ᠮᠡᠳᠡᠬᠦ ᠲᠦᠭ᠌ᠰᠢᠭᠦᠷᠢ᠎ᠶ᠋ᠢ ᠪᠠᠭᠤᠷᠠᠭᠤᠯᠵᠤ᠂ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠥᠷᠭᠡᠳᠭᠡᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ 《ᠳᠠᠷᠢᠬᠤ᠎ᠳᠤ ᠲᠦᠱᠢᠭ᠎ᠲᠡᠶ᠂ ᠪᠣᠷᠣᠯᠠᠭᠤᠯᠬᠤ᠎ᠳᠤ ᠲᠦᠱᠢᠭ᠎ᠲᠡᠶ》 ᠪᠠᠢᠬᠤ᠎ᠶ᠋ᠢ ᠪᠠᠶᠠᠯᠡᠭᠦᠯᠵᠤ᠂ ᠲᠠᠷᠢᠶᠠᠯᠠᠩ᠎ᠤᠨ ᠦᠷ᠎ᠡ ᠠᠱᠢᠭ᠎ᠢ ᠨᠡᠮᠡᠭ᠌ᠳᠡᠭᠦᠯᠬᠦ᠌᠂ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠦᠨᠡᠨ ᠬᠦ᠌ ᠳᠠᠢᠴᠢᠯᠠᠵᠤ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠲᠠᠰᠤᠷᠠᠯᠲᠠ ᠥᠬᠡᠶ  ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号