— ᠬᠠᠭᠤᠴᠢᠨ ᠪᠠᠷᠭᠤ ᠬᠣᠱᠢᠭᠤᠨ ᠤ ᠵᠡᠭᠦᠨ ᠦᠵᠦᠭᠦᠷ ᠬᠢᠯᠢ᠎ᠶ᠋ᠢᠨ ᠲᠤᠮᠢᠯᠠᠬᠰᠠᠨ ᠰᠠᠯᠪᠤᠷᠢ ᠵᠢ ᠲᠡᠮᠳᠡᠭᠯᠡᠪᠡ
ᠨᠠᠢᠷᠠᠭᠤᠯᠤᠬᠴᠢ ᠵᠢᠨ ᠦᠭᠡ᠄
ᠤᠯᠤᠰ᠎ᠢ ᠵᠠᠰᠠᠬᠤ᠎ᠳᠤ ᠤᠷᠢᠳ᠎ᠢᠶᠠᠷ ᠬᠢᠯᠢ ᠵᠢ ᠵᠠᠰᠠᠨ᠎ᠠ᠂ ᠬᠢᠯᠢ᠎ᠶ᠋ᠢᠨ ᠬᠠᠮᠠᠭᠠᠯᠠᠯᠲᠠ᠎ᠶ᠋ᠢᠨ ᠠᠵᠢᠯ ᠪᠣᠯ ᠤᠯᠤᠰ᠎ᠢ ᠵᠠᠰᠠᠵᠤ ᠲᠦᠷᠦ᠍᠎ᠶ᠋ᠢ ᠲᠦᠪᠱᠢᠳᠭᠡᠬᠦ᠌ ᠲᠤᠮᠤ ᠶᠠᠪᠤᠳᠠᠯ ᠮᠥᠨ᠃ ᠥᠪᠥᠷ ᠮᠣᠩᠭᠣᠯ ᠤ᠋ᠨ ᠨᠠᠶ᠋ᠮᠠᠨ ᠮᠢᠩᠭᠠᠨ ᠭᠠᠵᠠᠷ᠎ᠤᠨ ᠬᠢᠯᠢ᠎ᠶ᠋ᠢᠨ ᠬᠠᠮᠠᠭᠠᠯᠠᠯᠲᠠ᠎ᠶ᠋ᠢᠨ ᠱᠤᠭᠤᠮ ᠳᠡᠭᠡᠷ᠎ᠡ ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠢᠯᠢ᠎ᠶ᠋ᠢ ᠬᠠᠮᠢᠶᠠᠷᠴᠤ᠌ ᠬᠢᠯᠢ᠎ᠶ᠋ᠢ ᠡᠵᠡᠮᠳᠡᠬᠦ᠌ ᠥᠪᠡᠷᠮᠢᠴᠡ ᠳᠠᠪᠠᠭᠤᠯᠢᠭ ᠢᠶᠠᠨ ᠭᠦᠶ᠋ᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ ᠨᠢᠭ᠍ᠲᠠᠷᠠᠨ ᠪᠦᠯᠬᠦᠮᠳᠡᠵᠦ᠍᠂ ᠬᠢᠯᠢ᠎ᠶ᠋ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠣᠢᠯᠠᠭᠠᠭ᠍ᠳᠠᠬᠤᠨ ᠬᠢᠯᠢ ᠨᠤᠳᠤᠭ᠎ᠤᠨ ᠣᠯᠠᠨ ᠲᠦᠮᠡᠨ ᠦ ᠰᠡᠳᠭᠢᠯ᠎ᠳᠦ ᠭᠦᠨ ᠬᠠᠳᠠᠩᠱᠢᠪᠠ᠃ ᠤᠯᠤᠰ᠎ᠢᠶᠠᠨ ᠬᠠᠮᠠᠭᠠᠯᠠᠵᠤ ᠬᠢᠯᠢ ᠬᠢᠵᠠᠭᠠᠷ᠎ᠢᠶᠠᠨ ᠰᠠᠬᠢᠬᠤ ᠨᠢᠭᠡᠨ ᠰᠠᠯᠠᠭ᠎ᠠ ᠴᠢᠬᠤᠯᠠ ᠬᠦᠴᠦᠨ ᠴᠢᠳᠠᠯ ᠪᠣᠯᠤᠭ᠍ᠰᠠᠨ ᠤ ᠬᠤᠪᠢ᠎ᠳᠤ᠂ ᠬᠢᠯᠢ ᠬᠠᠮᠠᠭᠠᠯᠠᠭ᠍ᠴᠢ ᠲᠠᠯ᠎ᠠ ᠵᠢᠨ ᠭᠦᠨ᠎ᠳᠦ ᠵᠢᠵᠢᠭᠦᠷᠯᠡᠨ ᠴᠠᠭ᠍ᠳᠠᠵᠤ ᠂ 《ᠡᠷᠦᠭᠡ ᠪᠤᠯᠭᠠᠨ ᠬᠠᠷᠠᠭᠤᠯ ᠤ᠋ᠨ ᠭᠠᠵᠠᠷ᠂ ᠬᠦᠮᠦᠨ ᠪᠤᠯᠭᠠᠨ ᠬᠠᠷᠠᠭᠤᠯ ᠤ᠋ᠨ ᠴᠡᠷᠢᠭ 》 ᠪᠤᠯᠬᠤ ᠵᠢ ᠪᠡᠶᠡᠯᠡᠬᠦᠯᠵᠦ ᠂ᠣᠯᠠᠨ᠎ᠢᠶᠠᠷ᠎ᠢᠶᠠᠨ ᠰᠡᠷᠭᠡᠢᠯᠡᠵᠦ ᠤᠯᠠᠨ ᠵᠢᠡᠷ ᠵᠢᠡᠨ ᠵᠠᠰᠠᠬᠤ ᠠᠮᠤᠷ ᠲᠤᠬᠳᠠᠭᠤᠨ ᠤ᠋ ᠲᠤᠤᠷ᠎ᠢ ᠨᠢᠭ᠍ᠲᠠ ᠰᠦᠯᠵᠢᠵᠦ᠍ ᠂ ᠡᠬᠡ ᠤᠯᠤᠰ ᠤ᠋ᠨ ᠤᠮᠠᠷᠠᠲᠤ ᠬᠢᠯᠢ᠎ᠶ᠋ᠢᠨ 《ᠪᠣᠯᠣᠳ ᠬᠡᠷᠡᠮ》 ᠢ᠋ ᠪᠠᠲᠤ ᠴᠣᠭ᠍ᠴᠠᠯᠠᠪᠠ᠃ ᠦᠨᠤᠳᠤᠷ ᠪᠢᠳᠡ ᠲᠤᠰᠬᠠᠢ ᠨᠢᠭᠤᠷ ᠵᠢᠡᠷ ᠤᠮᠠᠷᠠᠲᠤ ᠬᠢᠯᠢ ᠪᠠᠨ ᠰᠠᠬᠢᠨ ᠮᠠᠨᠠᠵᠤ ᠪᠠᠢᠭ᠎ᠠ ᠴᠠᠬᠳᠠᠭ᠎ᠠ ᠠᠷᠠᠳ ᠤ᠋ᠨ ᠦᠯᠢᠭᠡᠷ ᠤᠴᠠᠷᠠᠯ ᠢ᠋ ᠬᠤᠪᠢᠶᠠᠯᠴᠠᠵᠤ᠂ ᠰᠢᠨ᠎ᠠ ᠴᠠᠭ ᠦᠶ᠎ᠠ ᠵᠢᠨ ᠬᠢᠯᠢᠴᠢᠳ ᠤ᠋ᠨ ᠴᠤᠭ ᠵᠢᠪᠬᠤᠭ᠎ᠠ ᠵᠢ ᠲᠡᠯᠭᠡᠨ ᠦᠵᠡᠬᠦᠯᠦᠨ᠎ᠠ᠃
8 ᠰᠠᠷ᠎ᠠ ᠵᠢᠨ ᠰᠡᠬᠦᠯᠴᠢ ᠪᠡᠷ᠂ ᠮᠠᠨ ᠤ᠋ ᠰᠤᠷᠪᠤᠯᠵᠢᠯᠠᠬᠤ ᠲᠤᠭᠤᠢᠯᠠᠡᠭ《ᠬᠠᠮᠤᠭ ᠤ᠋ᠨ ᠭᠤᠶᠤ ᠬᠢᠯᠢ ᠵᠢᠨ ᠵᠠᠰᠠᠮᠠᠯ ᠵᠠᠮ》 ᠬᠡᠮᠡᠨ ᠠᠯᠳᠠᠷᠰᠢᠭᠰᠠᠨ G331 ᠪᠡᠷ ᠠᠶᠠᠯᠠᠨ ᠬᠠᠭᠤᠴᠢᠨ ᠪᠠᠷᠭᠤ ᠬᠣᠱᠢᠭᠤᠨ᠎ᠤ ᠵᠡᠭᠦᠨ ᠦᠵᠦᠭᠦᠷ ᠬᠢᠯᠢ᠎ᠶ᠋ᠢᠨ ᠲᠤᠮᠢᠯᠠᠬᠰᠠᠨ ᠰᠠᠯᠪᠤᠷᠢ ᠵᠢᠨ ᠬᠠᠢᠯ᠎ᠠ᠎ᠲᠤ ᠴᠠᠭ᠍ᠳᠠᠭᠠᠨ᠎ᠤ ᠶᠠᠪᠤᠳᠠᠯ᠎ᠤᠨ ᠲᠠᠰᠤᠭ ᠲᠸ᠋ ᠬᠦᠷᠬᠦ ᠳ᠋ᠤ᠂ ᠠᠷᠠᠳ᠎ᠤᠨ ᠴᠠᠭ᠍ᠳᠠᠭ᠎ᠠ᠎ᠨᠠᠷ ᠶᠠᠭ ᠰᠠᠢᠬᠠᠨ ᠬᠡᠳᠦᠨ ᠬᠢᠯᠢ ᠬᠠᠮᠠᠭᠠᠯᠠᠭ᠍ᠴᠢ ᠲᠠᠢ ᠬᠠᠯᠠᠭᠤᠨ ᠶᠠᠷᠢᠯᠴᠠᠭ᠎ᠠ ᠪᠤᠯᠵᠤ᠂ ᠵᠢᠭᠤᠯᠴᠢᠯᠠᠯ ᠤ᠋ᠨ ᠭᠦᠭᠵᠢᠶᠡᠨ᠎ᠳᠤ ᠤᠯᠠᠷᠢᠯ ᠳ᠋ᠤ ᠬᠢᠯᠢ᠎ᠪᠠᠨ ᠴᠠᠭ᠍ᠳᠠᠨ ᠬᠠᠮᠠᠭᠠᠯᠠᠬᠤ ᠠᠵᠢᠯ ᠢ᠋ ᠬᠡᠷᠬᠢᠨ ᠨᠠᠩ ᠰᠠᠢᠲᠤᠷ ᠬᠢᠬᠦ ᠲᠤᠬᠠᠶ ᠪᠤᠳᠤᠯ ᠰᠠᠨᠠᠯ᠎ᠢᠶᠠᠨ ᠰᠣᠯᠢᠯᠴᠠᠵᠤ ᠪᠠᠢᠬᠤ ᠳᠠᠢ ᠲᠠᠭᠠᠷᠠᠯᠳᠤᠯ᠎ᠠ᠃
ᠵᠡᠬᠦᠨ ᠦᠵᠦᠬᠦᠷ ᠬᠢᠯᠢ ᠵᠢᠨ ᠲᠤᠮᠢᠯᠠᠬᠰᠠᠨ ᠰᠠᠯᠪᠤᠷᠢ ᠡᠴᠨ 98 ᠺᠢᠯᠤᠮᠸᠲᠷ ᠬᠤᠯᠠ ᠪᠠᠢᠭ᠎ᠠ ᠬᠠᠢᠯ᠎ᠠ᠎ᠲᠤ ᠴᠠᠭ᠍ᠳᠠᠭᠠᠨ᠎ᠤ ᠶᠠᠪᠤᠳᠠᠯ᠎ᠤᠨ ᠲᠠᠰᠤᠭ ᠨᠢ ᠳᠤᠮᠳᠠᠳᠤ ᠤᠷᠤᠰ᠎ᠤᠨ ᠬᠢᠯᠢ ᠵᠢᠨ ᠱᠤᠭᠤᠮ ᠡᠴᠨ ᠵᠦᠪᠭᠡᠨ 5 ᠺᠢᠯᠤᠮᠸᠲᠷ ᠵᠠᠢᠳᠠᠢ ᠪᠠᠢᠵᠥ᠂ ᠠᠷᠠᠳ ᠤ᠋ᠨ ᠴᠠᠬᠳᠠᠭ᠎ᠠ ᠨᠠᠷ ᠬᠢᠯᠢ ᠵᠢᠨ ᠬᠠᠮᠠᠭᠠᠯᠠᠯᠳᠠ ᠵᠢᠨ ᠴᠡᠷᠢᠭ ᠠᠡᠭᠭᠢ᠂ ᠬᠢᠯᠢ ᠬᠠᠮᠠᠭᠠᠯᠠᠬᠴᠢ ᠲᠠᠢ ᠬᠠᠮᠳᠤᠷᠠᠨ ᠬᠢᠯᠢ ᠬᠢᠵᠠᠭᠠᠷ ᠢ᠋ ᠰᠠᠬᠢᠨ ᠬᠠᠮᠠᠭᠠᠯᠠᠬᠤ᠂ ᠨᠡᠢᠭᠡᠮ ᠤ᠋ᠨ ᠠᠮᠤᠷ ᠢ᠋ ᠬᠠᠮᠠᠭᠠᠯᠠᠬᠤ᠂ ᠨᠡᠬᠦᠳᠡᠯ ᠬᠦᠮᠦᠨ ᠠᠮᠠ ᠵᠢ ᠬᠠᠮᠢᠶᠠᠷᠬᠤ᠂ ᠬᠢᠯᠢ ᠵᠢᠨ ᠮᠠᠯᠴᠢᠳ ᠲᠤ᠌ ᠦᠢᠯᠡᠴᠢᠯᠡᠬᠦ ᠵᠡᠷᠭᠡ ᠳᠠᠷᠬᠠᠨ ᠡᠬᠦᠷᠬᠡ ᠵᠢ ᠬᠦᠢᠴᠡᠳᠭᠡᠨ᠎ᠡ᠃
ᠬᠢᠯᠢ ᠬᠢᠵᠠᠭᠠᠷ ᠤ᠋ᠨ ᠠᠮᠤᠷ ᠲᠤᠬᠳᠠᠭᠤᠨ ᠤ᠋ 《ᠪᠤᠯᠤᠳ ᠬᠡᠷᠡᠮ》
ᠬᠢᠯᠢ ᠵᠢᠨ ᠠᠮᠤᠷ ᠲᠦᠪᠱᠢᠨ᠎ᠢ ᠪᠠᠲᠤᠯᠠᠨ ᠬᠠᠮᠠᠭᠠᠯᠠᠬᠤ ᠪᠤᠯ ᠬᠦᠮᠦᠨ ᠪᠦᠬᠦᠨ ᠤ᠋ ᠡᠬᠦᠷᠬᠡ ᠮᠦᠨ᠃ ᠵᠡᠬᠦᠨ ᠦᠵᠦᠬᠦᠷ ᠬᠢᠯᠢ ᠵᠢᠨ ᠳᠤᠮᠢᠯᠠᠬᠰᠠᠨ ᠰᠠᠯᠪᠤᠷᠢ ᠵᠢᠨ ᠬᠢᠨ ᠲᠤᠬᠠᠶ᠎ᠶ᠋ᠢᠨ ᠭᠠᠵᠠᠷ᠎ᠤᠨ ᠮᠠᠯᠴᠢᠳ ᠢ᠋ ᠵᠤᠬᠢᠶᠠᠨ ᠪᠠᠢᠭᠤᠯᠵᠥ᠂ 《ᠡᠷᠦᠭᠡ ᠪᠤᠯᠭᠠᠨ ᠬᠠᠷᠠᠭᠤᠯ ᠤ᠋ᠨ ᠭᠠᠵᠠᠷ᠂ ᠬᠦᠮᠦᠨ ᠪᠤᠯᠭᠠᠨ ᠬᠠᠷᠠᠭᠤᠯ ᠤ᠋ᠨ ᠴᠡᠷᠢᠭ》ᠪᠤᠯᠬᠤ ᠰᠦᠷᠳᠤ ᠪᠠᠢᠳᠠᠯ ᠢ᠋ ᠪᠦᠷᠢᠯᠳᠦᠬᠦᠯᠵᠥ᠂ ᠴᠡᠷᠢᠭ ᠠᠷᠠᠳ ᠲᠠᠢ ᠬᠤᠯᠪᠤᠭᠠᠯᠠᠨ ᠬᠢᠯᠢ ᠬᠢᠵᠠᠭᠠᠷ ᠢ᠋ ᠰᠠᠬᠢᠨ ᠬᠠᠮᠠᠭᠠᠯᠠᠵᠤ᠂ ᠬᠢᠯᠢ ᠵᠢᠨ ᠱᠤᠭᠤᠮ ᠲᠠᠭᠠᠤ ᠵᠢᠨ ᠠᠮᠤᠷ ᠲᠤᠬᠳᠠᠭᠤᠨ ᠤ᠋ ᠲᠤᠤᠷ ᠢ᠋ ᠨᠢᠬᠳᠠ ᠰᠦᠯᠵᠢᠭᠰᠡᠨ ᠶᠤᠮ᠃

ᠬᠢᠯᠢ ᠵᠢᠨ ᠱᠤᠭᠤᠮ ᠤ᠋ᠨ ᠡᠮᠦᠨ᠎ᠠ ᠵᠠᠬ᠎ᠠ ᠳ᠋ᠤ᠂ ᠮᠠᠯᠴᠢᠨ ᠬᠢᠯᠢ ᠬᠠᠮᠠᠭᠠᠯᠠᠬᠴᠢ ᠪᠠᠶᠠᠷᠳᠤ ᠭᠤᠸᠠᠢ《ᠬᠢᠯᠢ ᠵᠢᠨ ᠱᠤᠭᠤᠮ ᠲᠠᠭᠠᠤ ᠠᠮᠤᠷ ᠰᠠᠢᠬᠠᠨ ᠪᠠᠢᠨ᠎ᠠ》 ᠭᠡᠵᠦ ᠶᠠᠷᠢᠯᠴᠠᠭᠤᠷ ᠵᠢᠡᠷ ᠵᠢᠡᠨ ᠠᠷᠠᠳ ᠤ᠋ᠨ ᠴᠠᠬᠳᠠᠭ᠎ᠠ ᠳ᠋ᠤ ᠮᠡᠳᠡᠬᠦᠯᠪᠡ᠃ ᠬᠠᠢᠯ᠎ᠠ᠎ᠳᠤ ᠨᠤᠳᠤᠬᠳᠠᠢ ᠮᠠᠯᠴᠢᠨ ᠪᠠᠶᠠᠷᠳᠤ ᠬᠢᠯᠢ ᠵᠢ ᠰᠠᠬᠢᠨ ᠮᠠᠨᠠᠭᠠᠳ 30 ᠭᠠᠷᠤᠢ ᠵᠢᠯ ᠤ᠋ᠨ ᠨᠢᠭᠤᠷ ᠢ᠋ ᠦᠵᠡᠵᠦ ᠪᠠᠢᠨ᠎ᠠ᠂ 《ᠪᠠᠭ᠎ᠠ ᠡᠴᠨ ᠪᠠᠨ ᠬᠢᠯᠢ ᠨᠤᠳᠤᠭ ᠲᠸ᠋ ᠦᠰᠴᠤ ᠪᠤᠢᠵᠢᠬᠰᠠᠨ ᠴᠢᠨᠢ ᠬᠢᠯᠢ ᠪᠠᠨ ᠮᠠᠨᠠᠬᠤ ᠨᠢ ᠭᠡᠷ ᠵᠢᠡᠨ ᠰᠠᠬᠢᠬᠤ ᠲᠠᠢ ᠠᠳᠠᠯᠢᠬᠠᠨ》 ᠭᠡᠵᠦ ᠪᠤᠳᠤᠯ ᠵᠢᠡᠨ ᠲᠡᠯᠭᠡᠨ᠎ᠠ᠃
ᠬᠠᠢᠯ᠎ᠠ᠎ᠳᠤ ᠭᠠᠴᠠᠭ᠎ᠠ ᠳ᠋ᠤ ᠪᠠᠶᠠᠷᠳᠤ ᠲᠠᠢ ᠠᠳᠠᠯᠢ ᠮᠠᠯᠴᠢᠨ ᠬᠢᠯᠢ ᠬᠠᠮᠠᠭᠠᠯᠠᠬᠴᠢ 30 ᠬᠦᠮᠦᠨ ᠪᠤᠢ᠃ ᠵᠡᠭᠦᠨ ᠦᠵᠦᠭᠦᠷ ᠬᠢᠯᠢ᠎ᠶ᠋ᠢᠨ ᠲᠤᠮᠢᠯᠠᠬᠰᠠᠨ ᠰᠠᠯᠪᠤᠷᠢ ᠬᠠᠷᠢᠶᠠᠲᠤ ᠣᠷᠣᠨ᠎ᠤ ᠪᠣᠳᠠᠲᠠᠶ᠎ᠲᠠᠶ᠎ᠪᠠᠨ ᠤᠶᠠᠯᠳᠤᠭᠤᠯᠤᠨ᠂ ᠨᠤᠳᠤᠭ ᠤᠰᠤᠨ ᠤ᠋ ᠪᠠᠨ ᠪᠠᠢᠳᠠᠯ ᠢ᠋ ᠰᠠᠢᠨ ᠮᠡᠳᠡᠳᠡᠭ ᠮᠠᠯᠴᠢᠨ ᠢ᠋ ᠱᠢᠯᠢᠨ ᠰᠣᠩᠭᠣᠵᠤ ᠬᠢᠯᠢ ᠬᠠᠮᠠᠭᠠᠯᠠᠭ᠍ᠴᠢ᠎ᠶ᠋ᠢᠨ ᠡᠩᠨᠡᠭᠡ ᠵᠢ ᠪᠠᠢᠭᠤᠯᠵᠤ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠂ ᠠᠷᠠᠳ ᠲᠦᠮᠡᠨ᠎ᠦ ᠠᠮᠤᠷ ᠠᠮᠤᠭᠤᠯᠠᠩ᠎ᠢ ᠬᠠᠮᠠᠭᠠᠯᠠᠬᠤ᠎ᠳᠤ ᠣᠯᠠᠨ ᠲᠦᠮᠡᠨ᠎ᠦ ᠬᠦᠴᠦᠨ ᠴᠢᠳᠠᠯ ᠤ᠋ᠨ ᠲᠤᠯᠭᠠᠭᠤᠷᠢᠯᠠᠯ ᠬᠠᠡᠭᠭᠠᠪᠠ᠃ 《ᠮᠠᠨ ᠤ᠋ ᠬᠢᠯᠢ ᠬᠠᠮᠠᠭᠠᠯᠠᠬᠴᠢ ᠮᠠᠯ ᠮᠠᠯᠵᠢᠬᠤ ᠵᠢᠨ ᠲᠠᠭᠠᠤ ᠬᠢᠯᠢ ᠪᠡᠨ ᠴᠠᠬᠳᠠᠨ ᠪᠠᠢᠴᠠᠭᠠᠵᠤ᠂ ᠮᠠᠯ ᠤᠨᠤᠭ᠎ᠠ ᠬᠢᠯᠢ ᠡᠴᠨ ᠲᠠᠪᠠᠬᠤ᠂ ᠬᠢᠯᠢ ᠵᠢᠨ ᠱᠤᠭᠤᠮ ᠤ᠋ᠨ ᠲᠤᠤᠷ ᠬᠦᠷᠢᠶ᠎ᠠ ᠡᠪᠳᠡᠷᠡᠬᠦ ᠵᠡᠷᠭᠡ ᠪᠠᠢᠳᠠᠯ ᠢ᠋ ᠴᠠᠭ ᠲᠤᠬᠠᠢ ᠳ᠋ᠤᠨᠢ ᠮᠡᠳᠡᠬᠦᠯᠳᠡᠭ》 ᠭᠡᠵᠦ ᠬᠢᠯᠢ ᠵᠢᠨ ᠲᠤᠮᠢᠯᠠᠬᠰᠠᠨ ᠰᠠᠯᠪᠤᠷᠢ ᠵᠢᠨ ᠲᠡᠳ᠋ ᠲᠠᠷᠤᠭ᠎ᠠ ᠵᠠᠡᠭ ᠬᠦᠴᠦᠳᠤ ᠬᠡᠯᠡᠨ᠎ᠠ᠃
ᠵᠡᠬᠦᠨ ᠦᠵᠦᠬᠦᠷ ᠬᠢᠯᠢ ᠵᠢᠨ ᠲᠤᠮᠢᠯᠠᠬᠰᠠᠨ ᠰᠠᠯᠪᠤᠷᠢ ᠨᠢ ᠴᠠᠬᠳᠠᠭᠠᠨ ᠤ᠋ ᠶᠠᠪᠤᠳᠠᠯ ᠤ᠋ᠨ ᠲᠠᠰᠤᠭ᠂ ᠬᠢᠯᠢ ᠵᠢᠨ ᠪᠡᠬᠢᠯᠡᠯᠳᠡ ᠵᠢᠨ ᠡᠷᠦᠭᠡ᠂ ᠮᠠᠯᠴᠢᠨ ᠲᠦᠮᠡᠨ ᠵᠡᠷᠭᠡ ᠬᠢᠯᠢ᠎ᠶ᠋ᠢ ᠬᠠᠮᠢᠶᠠᠷᠴᠤ᠌ ᠬᠢᠯᠢ᠎ᠶ᠋ᠢ ᠡᠵᠡᠮᠳᠡᠬᠦ᠌ ᠡᠬᠢ ᠪᠠᠶᠠᠯᠢᠭ᠎ᠢ ᠡᠮᠬᠢᠯᠡᠨ ᠨᠡᠢᠳᠬᠡᠵᠥ᠂ ᠤᠯᠠᠨ ᠵᠢᠡᠷ ᠵᠢᠡᠨ ᠰᠡᠷᠭᠡᠢᠯᠡᠵᠦ ᠬᠣᠯᠪᠣᠭᠠᠯᠠᠨ ᠬᠥᠳᠡᠯᠦᠯᠴᠡᠬᠦ ᠪᠠᠢᠷᠢᠰᠢᠯ ᠢ᠋ ᠪᠤᠢ ᠪᠤᠯᠭᠠᠵᠤ᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠬᠢᠯᠢ ᠵᠢᠨ ᠴᠡᠷᠢᠭ ᠠᠡᠭᠭᠢ᠂ ᠨᠡᠭᠦᠳᠡᠯ ᠠᠷᠠᠳ ᠤ᠋ᠨ ᠴᠠᠭ᠍ᠳᠠᠭ᠎ᠠ᠂ ᠬᠢᠯᠢ ᠬᠠᠮᠠᠭᠠᠯᠠᠬᠴᠢ ᠵᠢᠨ ᠬᠠᠮᠲᠤᠷᠠᠬᠰᠠᠨ ᠲᠣᠭᠣᠷᠢᠨ ᠴᠠᠭ᠍ᠳᠠᠬᠤ ᠠᠵᠢᠯᠯᠠᠭ᠎ᠠ ᠥᠷᠨᠢᠭᠦᠯᠵᠦ᠍᠂ ᠬᠢᠯᠢ ᠵᠢᠨ ᠬᠠᠮᠢᠶᠠᠷᠤᠯᠲᠠ᠎ᠶ᠋ᠢᠨ ᠬᠡᠰᠡᠭ ᠲᠡᠬᠢ ᠲᠣᠭᠣᠷᠢᠨ ᠴᠠᠭ᠍ᠳᠠᠬᠤ ᠵᠠᠮ ᠬᠠᠷᠱᠢᠯᠠᠭ᠍ᠳᠠᠬᠤ᠂ ᠬᠢᠨᠠᠨ ᠡᠵᠡᠮᠳᠡᠬᠦ᠌ ᠲᠥᠬᠥᠭᠡᠷᠦᠮᠵᠢ ᠡᠪᠳᠡᠭ᠌ᠳᠡᠭ᠌ᠦ ᠵᠡᠷᠭᠡ ᠬᠡᠪ ᠤ᠋ᠨ ᠪᠤᠰᠤ ᠪᠠᠢᠳᠠᠯ ᠢ᠋ ᠤᠯᠵᠤ ᠮᠡᠳᠡᠪᠡᠯ ᠲᠡᠷᠡ ᠳᠠᠷᠤᠶᠳᠤᠨᠢ ᠪᠠᠢᠴᠠᠭᠠᠨ ᠱᠢᠶ᠋ᠳᠪᠦᠷᠢᠯᠡᠵᠥ᠂ ᠬᠢᠯᠢ᠎ᠶ᠋ᠢᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ ᠢ᠋ ᠪᠠᠲᠤ ᠪᠡᠬᠢᠵᠢᠬᠦᠯᠪᠡ᠃
ᠠᠷᠠᠳ ᠤᠯᠠᠨ ᠤ᠋ ᠠᠮᠤᠷ ᠲᠦᠪᠰᠢᠨ ᠤ᠋ 《ᠪᠠᠳᠤ ᠬᠠᠯᠠᠬᠪᠴᠢ》
ᠬᠠᠢᠯ᠎ᠠ᠎ᠳᠤ ᠭᠠᠴᠠᠭ᠎ᠠ ᠪᠤᠯ ᠬᠢᠯᠢ ᠳᠡᠷᠡᠯᠡᠭᠰᠡᠨ ᠮᠠᠯᠵᠢᠬᠤ ᠭᠠᠴᠠᠭ᠎ᠠ᠂ ᠨᠤᠳᠤᠭ ᠪᠡᠯᠴᠢᠭᠡᠷ ᠠᠭᠤᠳᠠᠮ᠂ ᠵᠢᠭᠤᠯᠴᠢᠯᠠᠯ ᠤ᠋ᠨ ᠨᠡᠷᠡᠳᠤ ᠵᠠᠰᠠᠮᠠᠯ ᠵᠠᠮ ᠭᠠᠴᠠᠭ᠎ᠠ ᠪᠡᠷ ᠦᠡᠭᠭᠡᠷᠡᠵᠦ᠂ ᠵᠡᠬᠦᠨ ᠦᠵᠦᠬᠦᠷ ᠬᠢᠯᠢ ᠵᠢᠨ ᠳᠤᠮᠢᠯᠠᠬᠰᠠᠨ ᠰᠠᠯᠪᠤᠷᠢ ᠵᠢᠨ ᠬᠢᠯᠢ ᠬᠢᠵᠠᠭᠠᠷ ᠢ᠋ ᠬᠠᠮᠢᠶᠠᠷᠤᠨ ᠡᠵᠡᠮᠳᠡᠬᠦ ᠪᠠ ᠨᠡᠢᠭᠡᠮ ᠤ᠋ᠨ ᠠᠮᠤᠷ ᠢ᠋ ᠬᠠᠮᠠᠭᠠᠯᠠᠬᠤ ᠡᠬᠦᠷᠭᠡ ᠬᠦᠨᠳᠤ ᠬᠠᠷᠢᠭᠤᠴᠠᠯᠭ᠎ᠠ ᠶᠡᠬᠡ᠃
ᠡᠨᠡ ᠵᠢᠯ ᠤ᠋ᠨ 7 ᠰᠠᠷ᠎ᠠ᠎ᠶ᠋ᠢᠨ 8 ᠤ᠋ ᠡᠳᠦᠷ᠂ ᠭᠠᠳᠠᠨ᠎ᠠ ᠭᠠᠵᠠᠷ ᠤ᠋ᠨ ᠵᠢᠭᠤᠯᠴᠢᠯᠠᠬᠴᠢ ᠵᠠᠩ ᠠᠪᠤᠭᠠᠶ ᠨᠠᠢᠵᠠ ᠲᠡᠶ᠎ᠪᠡᠨ ᠮᠠᠱᠢᠨ ᠲᠡᠷᠭᠡ ᠵᠢᠯᠣᠭᠣᠳᠤᠨ ᠡᠷᠭᠦᠨ᠎ᠡ ᠬᠤᠳᠠ᠎ᠳᠦ ᠬᠦᠷᠬᠦ ᠵᠠᠮ ᠵᠠᠭᠤᠷ᠎ᠠ ᠵᠣᠯ ᠪᠤᠰᠤ᠎ᠪᠠᠷ ᠵᠠᠮ ᠬᠠᠷᠢᠯᠴᠠᠭᠠᠨ᠎ᠤ ᠡᠨᠳᠡᠯ ᠭᠠᠷᠴᠤ᠌᠂ ᠮᠠᠰᠢᠨ ᠲᠡᠷᠭᠡ ᠨᠢ ᠵᠠᠮ ᠤ᠋ᠨ ᠬᠠᠵᠠᠭᠤ ᠵᠢᠨ ᠵᠠᠷ᠎ᠤᠨ ᠫᠠᠢᠰᠠ᠎ᠶ᠋ᠢ ᠮᠥᠷᠭᠥᠵᠦ᠍᠂ ᠲᠡᠷᠭᠡᠨ ᠳᠣᠲᠣᠷᠠᠬᠢ ᠬᠥᠮᠦᠰ ᠨᠢ ᠱᠢᠷᠬᠠᠲᠤᠪᠠ᠃ ᠪᠠᠴᠢᠮ ᠲᠦᠭ᠌ᠰᠢᠭᠦᠷᠢᠲᠦ ᠴᠠᠭ ᠦᠶ᠎ᠠ᠎ᠳᠦ᠂ ᠤᠢᠷ᠎ᠠ ᠬᠠᠪᠢ ᠪᠡᠷ ᠴᠠᠭ᠍ᠳᠠᠨ ᠵᠢᠵᠢᠬᠦᠷᠯᠠᠵᠦ ᠪᠠᠢᠭ᠍ᠰᠠᠨ ᠵᠡᠬᠦᠨ ᠦᠵᠦᠬᠦᠷ ᠬᠢᠯᠢ ᠵᠢᠨ ᠲᠤᠮᠢᠯᠠᠬᠰᠠᠨ ᠰᠠᠯᠪᠤᠷᠢ ᠵᠢᠨ ᠠᠷᠠᠳ᠎ᠤᠨ ᠴᠠᠭ᠍ᠳᠠᠭ᠎ᠠ ᠳᠠᠷᠤᠢᠬᠠᠨ ᠲᠤᠬᠠᠶ᠎ᠶ᠋ᠢᠨ ᠲᠠᠯᠠᠪᠠᠶ᠎ᠳᠤ ᠬᠦᠷᠴᠤ ᠠᠪᠤᠷᠠᠨ ᠲᠤᠰᠠᠯᠠᠵᠥ᠂ 120 ᠲᠦᠷᠭᠡᠨ ᠠᠪᠤᠷᠠᠯᠲᠠ᠎ᠵᠢᠨ ᠮᠠᠰᠢᠨ ᠲᠡᠷᠭᠡ ᠲᠠᠶ ᠬᠠᠷᠢᠯᠴᠠᠬᠤ ᠵᠢᠨ ᠲᠠᠭᠠᠤ ᠲᠡᠷᠭᠡ ᠬᠥᠰᠭᠡ᠎ᠶ᠋ᠢ ᠵᠠᠯᠠᠨ ᠵᠢᠯᠣᠭᠣᠳᠴᠤ᠌᠂ ᠬᠣᠶᠠᠳᠠᠬᠢ ᠤᠳᠠᠭ᠎ᠠ ᠡᠨᠳᠡᠯ ᠭᠠᠷᠬᠤ ᠡᠴᠡ ᠰᠡᠷᠭᠡᠢᠯᠡᠪᠡ᠃
ᠲᠤᠬᠠᠢ᠎ᠶ᠋ᠢᠨ ᠦᠶ᠎ᠡ᠎ᠳᠦ ᠱᠢᠷᠦᠭᠦᠨ ᠪᠣᠷᠣᠭᠠᠨ ᠣᠷᠣᠵᠤ᠂ ᠠᠷᠠᠳ᠎ᠤᠨ ᠴᠠᠭ᠍ᠳᠠᠭ᠎ᠠ ᠨᠠᠷ ᠪᠣᠷᠣᠭᠠᠨ᠎ᠤ ᠱᠢᠬᠦᠷ᠂ ᠵᠤᠵᠠᠭᠠᠨ ᠬᠤᠪᠴᠠᠰᠤ ᠪᠠᠨ ᠱᠢᠷᠬᠠᠲᠤᠭ᠍ᠰᠠᠳ ᠲᠸ᠋ ᠦᠭᠴᠤ᠂ ᠦᠪᠡᠷ ᠵᠢᠡᠨ ᠪᠤᠷᠤᠭᠠᠨ ᠤ᠋ ᠲᠤᠮᠳᠠ ᠵᠠᠮ ᠬᠠᠷᠢᠯᠴᠠᠭᠠᠨ ᠤ᠋ ᠡᠮᠬᠢ ᠳᠢᠭ᠌ᠯᠢᠮ᠎ᠢ ᠬᠠᠮᠠᠭᠠᠯᠠᠵᠤ᠂ ᠪᠦᠬᠦ ᠬᠦᠮᠦᠰ ᠢ᠋ ᠲᠦᠷᠭᠡᠨ ᠪᠦᠭᠡᠳ ᠲᠣᠬᠢᠲᠠᠢ ᠱᠢᠯᠵᠢᠭᠦᠯᠦᠨ ᠵᠥᠭᠡᠭᠡᠪᠦᠷᠢᠯᠡᠪᠡ᠃《ᠲᠠᠨᠠᠷ᠎ᠲᠤ ᠪᠠᠶᠠᠷᠯᠠᠯ᠎ᠠ!ᠪᠣᠷᠣᠭᠠᠨ ᠤ᠋ ᠲᠤᠮᠳᠠ ᠪᠢᠳᠡᠨ᠎ᠳᠦ ᠬᠠᠯᠠᠭᠤᠨ ᠭᠠᠷ ᠵᠢᠡᠨ ᠰᠤᠡᠭᠭᠠᠵᠤ ᠲᠤᠰᠠᠯᠠᠮᠵᠢ ᠦᠵᠡᠬᠦᠯᠵᠦ᠂ ᠠᠷᠠᠳ ᠤ᠋ᠨ ᠴᠠᠬᠳᠠᠭ᠎ᠠ ᠵᠢᠨ ᠠᠷᠠᠳ ᠲᠦᠮᠡᠨ ᠤ᠋ ᠲᠦᠯᠦᠭᠡ ᠪᠠᠢᠬᠤ ᠵᠢ ᠦᠨᠡᠨ ᠬᠦ᠌ ᠮᠡᠳᠡᠷᠡᠭᠦᠯᠪᠡ》 ᠭᠡᠵᠦ ᠵᠠᠩ ᠠᠪᠤᠭᠠᠶ ᠡᠷᠡᠭᠦᠯᠵᠢᠭ᠌ᠰᠡᠨᠦ ᠳᠠᠷᠠᠭ᠎ᠠ ᠵᠡᠬᠦᠨ ᠦᠵᠦᠬᠦᠷ ᠬᠢᠯᠢ ᠵᠢᠨ ᠲᠤᠮᠢᠯᠠᠬᠰᠠᠨ ᠰᠠᠯᠪᠤᠷᠢ ᠳ᠋ᠤ ᠬᠡᠮᠡᠷᠯᠢᠭ ᠲᠣᠭ ᠬᠦᠷᠭᠡᠵᠦ ᠴᠢᠡᠭ ᠰᠡᠳᠬᠢᠯ ᠤ᠋ᠨ ᠲᠠᠯᠠᠷᠬᠠᠯ᠎ᠢᠶᠠᠨ ᠲᠡᠪᠰᠢᠬᠦᠯᠪᠡ᠃

ᠡᠨᠡ ᠪᠣᠯ ᠵᠡᠬᠦᠨ ᠦᠵᠦᠬᠦᠷ ᠬᠢᠯᠢ ᠵᠢᠨ ᠲᠤᠮᠢᠯᠠᠬᠰᠠᠨ ᠰᠠᠯᠪᠤᠷᠢ᠎ᠶ᠋ᠢᠨ ᠠᠷᠠᠳ ᠣᠯᠠᠨ᠎ᠤ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠬᠠᠮᠠᠭᠠᠯᠠᠵᠤ᠂ ᠬᠢᠯᠢ᠎ᠶ᠋ᠢᠨ ᠬᠠᠷᠢᠶᠠᠳᠤ ᠣᠷᠣᠨ᠎ᠤ ᠠᠮᠤᠷ ᠲᠣᠭ᠍ᠲᠠᠭᠤᠨ᠎ᠢ ᠪᠠᠳᠤᠯᠠᠬᠰᠠᠨ ᠡᠩ ᠤ᠋ᠨ ᠵᠢᠱ᠌ᠢᠶ᠎ᠡ ᠳᠡᠳᠦᠢ᠃ ᠤᠢ᠍ᠢᠷ᠎ᠠ᠎ᠶ᠋ᠢᠨ ᠵᠢᠯ᠎ᠳᠦ᠂ ᠳᠤᠰ ᠲᠤᠮᠢᠯᠠᠬᠰᠠᠨ ᠰᠠᠯᠪᠤᠷᠢ ᠵᠢᠨ ᠬᠢᠨ ᠪᠠᠰᠠ ᠬᠥᠷᠰᠢ ᠵᠡᠷᠭᠡᠯᠡᠳᠡᠭᠡ᠎ᠶ᠋ᠢᠨ ᠵᠦᠷᠢᠴᠡᠯ ᠵᠠᠭᠤᠷᠠᠯᠳᠤᠭᠠᠨ᠎ᠢ 160 ᠭᠠᠷᠤᠢ ᠤᠳᠠᠭ᠎ᠠ ᠠᠮᠵᠢᠯᠲᠠ᠎ᠲᠠᠶ ᠡᠶᠡᠳᠡᠭᠦᠯᠵᠦ᠍᠂ 512 ᠵᠠᠭᠤᠷᠠᠯᠳᠤᠭᠠᠨ᠎ᠤ ᠬᠡᠮ ᠰᠣᠭᠣᠭ᠎ᠢ ᠴᠠᠭ ᠲᠤᠬᠠᠢᠳᠤᠨᠢ ᠨᠠᠮᠳᠠᠭᠤᠯᠵᠤ᠂ ᠦᠨᠳᠦᠰᠦᠨ ᠱᠠᠳᠤᠨ ᠤ᠋ ᠡᠶ᠎ᠠ ᠵᠤᠬᠢᠴᠠᠯ ᠢ᠋ ᠪᠦᠳᠦᠮᠵᠢᠳᠡᠢ ᠠᠬᠢᠭᠤᠯᠪᠠ; ᠢᠮᠠᠬᠳᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠬᠢᠯᠢ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠵᠢᠡᠨ ᠭᠤᠤᠯ ᠱᠢᠵᠢᠮ ᠪᠣᠯᠭᠠᠵᠦ᠂ ᠠᠷᠠᠳ᠎ᠲᠤ ᠲᠤᠰᠠ ᠲᠥᠬᠥᠮ ᠦᠵᠡᠭᠦᠯᠬᠦ᠌᠂ ᠠᠷᠠᠳ᠎ᠢ ᠬᠠᠯᠠᠮᠵᠢᠯᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠦᠨᠳᠦᠰᠦᠲᠡᠨ ᠨᠦᠭᠦᠳ᠎ᠦᠨ ᠣᠯᠠᠨ ᠲᠦᠮᠡᠨ ᠤ᠋ ᠬᠦᠷᠳᠡᠮᠵᠢ ᠵᠢᠨ ᠲᠦᠷᠦᠭᠳᠡᠯ᠂ ᠠᠮᠤᠷ ᠲᠦᠪᠰᠢᠨ ᠤ᠋ ᠲᠦᠷᠦᠭᠳᠡᠯ᠂ ᠵᠢᠷᠭᠠᠯᠳᠤ ᠲᠦᠷᠦᠭᠳᠡᠯ ᠢ᠋ ᠲᠠᠰᠤᠷᠠᠯᠳᠠ ᠦᠭᠡᠢ ᠨᠡᠮᠡᠭᠳᠡᠬᠦᠯᠪᠡ; ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠂ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠂ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠬᠢᠯᠢ ᠬᠢᠵᠠᠭᠠᠷ ᠲᠸ᠋ ᠬᠤᠯᠪᠤᠬᠳᠠᠬᠰᠠᠨ ᠬᠠᠤᠯᠢ ᠲᠤᠬᠳᠠᠭᠠᠯ ᠢ᠋ ᠤᠯᠠᠨ ᠲᠦᠮᠡᠨ ᠳ᠋ᠤ ᠤᠬᠠᠭᠤᠯᠤᠨ ᠲᠠᠢᠯᠪᠤᠷᠢᠯᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂《ᠬᠢᠯᠢ ᠬᠢᠵᠠᠭᠠᠷ᠎ᠢ ᠲᠣᠭ᠍ᠲᠠᠪᠤᠷᠢᠵᠢᠭᠤᠯᠬᠤ᠂ ᠬᠢᠯᠢ ᠬᠢᠵᠠᠭᠠᠷ᠎ᠢ ᠪᠡᠬᠢᠵᠢᠭᠦᠯᠬᠦ᠂ ᠬᠢᠯᠢ ᠬᠢᠵᠠᠭᠠᠷ᠎ᠢ ᠬᠥᠭ᠌ᠵᠢᠭᠦᠯᠦᠨ ᠮᠠᠨᠳᠤᠭᠤᠯᠬᠤ》 ᠳ᠋ᠤ ᠤᠷᠤᠯᠠᠭᠤᠯᠵᠥ ᠪᠤᠯᠤᠰᠢ ᠦᠬᠡᠢ ᠬᠤᠪᠢ ᠨᠡᠮᠡᠷᠢ ᠦᠵᠡᠬᠦᠯᠦᠭᠰᠡᠬᠡᠷ ᠢᠷᠡᠪᠡ᠃
ᠬᠢᠯᠢ ᠨᠤᠳᠤᠭ ᠤ᠋ᠨ ᠭᠦᠭᠵᠢᠯ ᠮᠠᠨᠳᠤᠯ ᠤ᠋ᠨ 《ᠴᠢᠩᠭ᠎ᠠ ᠳᠦᠰᠢᠭ》
《ᠤᠯᠤᠰ ᠵᠢᠡᠨ ᠬᠦᠴᠦᠷᠬᠡᠭᠵᠢᠬᠦᠯᠬᠦ ᠳ᠋ᠤ ᠡᠷᠬᠡᠪᠰᠢ ᠤᠷᠢᠳ ᠵᠢᠡᠷ ᠬᠢᠯᠢ ᠪᠠᠨ ᠬᠦᠴᠦᠷᠬᠡᠭᠵᠢᠬᠦᠯᠦᠨ᠎ᠡ》᠃ 2024 ᠣᠨ᠎ᠤ 3 ᠰᠠᠷ᠎ᠠ᠎ᠳᠤ᠂ ᠬᠠᠭᠤᠴᠢᠨ ᠪᠠᠷᠭᠤ ᠬᠣᠱᠢᠭᠤ ᠬᠢᠯᠢ᠎ᠶ᠋ᠢᠨ《ᠤᠰᠤ ᠵᠠᠮ ᠴᠠᠬᠢᠯᠭᠠᠨ ᠴᠢᠮᠡᠭᠡ ᠬᠣᠯᠪᠣᠭ᠎ᠠ》 ᠶ᠋ᠢᠨ ᠢᠨᠵᠧᠨᠧᠷᠢᠩ᠎ᠢ ᠡᠬᠢᠯᠡᠭᠦᠯᠵᠦ᠍᠂ ᠤᠰᠤ ᠂ ᠴᠠᠬᠢᠯᠭᠠᠨ᠂ ᠷᠠᠳᠢᠣ᠋ ᠲᠧᠯᠸᠢᠰ᠂ ᠲᠦᠷᠭᠡᠨ ᠬᠦᠷᠭᠡᠯᠲᠡ ᠵᠡᠷᠭᠡ ᠣᠯᠠᠨ ᠨᠡᠢᠲᠡ᠎ᠶ᠋ᠢᠨ ᠰᠠᠭᠤᠷᠢ ᠲᠥᠬᠥᠭᠡᠷᠦᠮᠵᠢ ᠵᠢᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠵᠤ᠂ ᠬᠢᠯᠢ᠎ᠶ᠋ᠢᠨ ᠡᠮᠦᠨ᠎ᠡ ᠹᠷᠣᠨᠲ᠎ᠤᠨ ᠰᠠᠭᠤᠭᠠᠯᠢ ᠠᠷᠠᠳ᠂ ᠴᠡᠷᠢᠭ ᠴᠠᠬᠳᠠᠭ᠎ᠠ ᠵᠢᠨ ᠠᠮᠢᠳᠤᠷᠠᠯ ᠳ᠋ᠤ ᠨᠡᠡᠭ ᠲᠦᠭᠦᠮ ᠲᠦᠳᠡ ᠦᠵᠡᠬᠦᠯᠵᠦ᠂ ᠬᠢᠯᠢ ᠪᠠᠨ ᠰᠠᠬᠢᠨ ᠬᠠᠮᠠᠭᠠᠯᠠᠬᠤ ᠦᠨᠳᠦᠰᠦᠨ ᠨᠦᠬᠦᠴᠡᠯ ᠢ᠋ ᠬᠦᠴᠦᠯᠡᠨ ᠰᠠᠢᠵᠢᠷᠠᠭᠤᠯᠪᠠ᠃
ᠮᠠᠯᠴᠢᠨ ᠡᠷᠦᠬᠡ᠎ᠳᠦ ᠦᠨᠡᠨᠬᠦ ᠠᠱᠢᠭ ᠬᠦᠷᠲᠡᠭᠡᠬᠦ᠌᠎ᠶ᠋ᠢᠨ ᠲᠤᠰᠠᠳᠠ᠂ ᠵᠡᠬᠦᠨ ᠦᠵᠦᠬᠦᠷ ᠬᠢᠯᠢ ᠵᠢᠨ ᠲᠤᠮᠢᠯᠠᠬᠰᠠᠨ ᠰᠠᠯᠪᠤᠷᠢ ᠵᠢᠨ ᠴᠠᠬᠳᠠᠭ᠎ᠠ ᠨᠠᠷ ᠦᠷ ᠤ᠋ᠨ ᠵᠢᠬᠡᠬᠦᠨ ᠦᠳᠡᠰᠢ ᠵᠢᠨ ᠬᠦᠢᠳᠡᠨ ᠢ᠋ ᠬᠠᠢᠬᠤᠷᠤᠯ ᠦᠬᠡᠢ ᠪᠡᠷ 4 ᠰᠠᠷ᠎ᠠ᠎ᠶ᠋ᠢᠨ ᠳᠣᠲᠣᠷ᠎ᠠ ᠬᠡᠳᠦᠨ ᠮᠢᠩᠭᠠᠨ ᠺᠢᠯᠣᠮᠧᠲ᠋ᠷ ᠠᠶᠠᠯᠠᠵᠤ᠂ 3.2 ᠲᠦᠮᠡ ᠭᠠᠷᠤᠶ ᠵᠤᠷᠪᠤᠰ ᠮᠡᠳᠡᠭᠡ ᠵᠠᠡᠭᠭᠢ᠎ᠶ᠋ᠢ ᠴᠤᠬᠯᠠᠭᠤᠯᠵᠤ᠂ ᠬᠢᠯᠢ ᠬᠢᠵᠠᠭᠠᠷ᠎ᠤᠨ 215 ᠮᠠᠯᠵᠢᠬᠤ ᠡᠷᠦᠭᠡ ᠵᠢ ᠬᠠᠪᠰᠤᠷᠤᠨ ᠤᠰᠤ ᠤᠮᠳᠠ᠂ ᠴᠠᠬᠢᠯᠭᠠᠨ ᠬᠡᠷᠡᠭ᠌ᠯᠡᠬᠦ᠌ ᠵᠡᠷᠬᠡ ᠠᠰᠠᠭᠤᠳᠠᠯ᠎ᠢ ᠨᠢ ᠱᠢᠶ᠋ᠳᠪᠦᠷᠢᠯᠡᠵᠦ᠍ ᠥᠭ᠌ᠴᠡᠶ᠃
2024 ᠣᠨ᠎ᠤ ᠵᠤᠨ᠂ ᠵᠡᠬᠦᠨ ᠦᠵᠦᠬᠦᠷ ᠬᠢᠯᠢ ᠵᠢᠨ ᠲᠤᠮᠢᠯᠠᠬᠰᠠᠨ ᠰᠠᠯᠪᠤᠷᠢ ᠵᠢᠨ ᠬᠢᠨ ᠬᠦᠯᠦᠨ ᠪᠤᠢᠷ ᠤ᠋ᠨ ᠵᠢᠭᠤᠯᠴᠢᠯᠠᠯ᠎ᠤᠨ ᠬᠠᠯᠠᠮᠱᠢᠯ᠎ᠤᠨ ᠠᠵᠠ ᠳᠤᠬᠢᠶᠠᠯ᠎ᠢ ᠠᠮᠵᠢᠵᠤ᠂ 《ᠨᠡᠭᠦᠳᠡᠯ ᠮᠠᠯᠴᠢᠨ ᠠᠢᠯ》᠂ 《ᠬᠢᠯᠢ ᠳᠠᠭᠠᠤ ᠵᠠᠰᠠᠮᠠᠯ ᠵᠠᠮ᠎ᠤᠨ ᠮᠣᠷᠢ ᠤᠨᠤᠬᠤ ᠲᠠᠯᠠᠪᠠᠢ》ᠪᠠᠢᠭᠤᠯᠬᠤ ᠵᠢᠨ ᠬᠠᠮᠳᠤ ᠬᠥᠯᠥᠨ ᠪᠤᠢ᠌ᠷ ᠬᠤᠳᠠ᠎ᠶ᠋ᠢᠨ 23 ᠵᠢᠭᠤᠯᠴᠢᠯᠠᠯ ᠤᠨ ᠭᠠᠵᠠᠷ᠎ᠲᠠᠶ ᠤᠷᠳᠤ ᠬᠤᠭᠤᠴᠠᠭᠠᠨ᠎ᠤ ᠬᠠᠮᠲᠤᠷᠠᠯᠴᠠᠭᠠᠨ᠎ᠤ ᠵᠦᠪᠯᠡᠯᠴᠡᠬᠡᠷ ᠲᠣᠭ᠍ᠲᠠᠵᠤ᠂ ᠲᠤᠰᠭᠠᠢ ᠬᠥᠮᠦᠰ᠎ᠢ ᠤᠷᠢᠵᠤ ᠲᠦᠷᠦᠯ ᠲᠡᠮᠳᠡᠭ ᠱᠤᠭᠤᠬᠤ ᠪᠠ ᠵᠢᠭᠤᠯᠴᠢᠯᠠᠯ᠎ᠤᠨ ᠤᠬᠠᠭᠤᠯᠭ᠎ᠠ ᠵᠢᠨ ᠵᠢᠯᠤᠭᠤᠳᠤᠯᠭ᠎ᠠ ᠬᠢᠯᠭᠡᠵᠦ᠍᠂ ᠲᠤᠬᠠᠢ᠎ᠶ᠋ᠢᠨ ᠭᠠᠵᠠᠷ᠎ᠤᠨ ᠠᠵᠢᠯ ᠬᠦᠯᠢᠶᠡᠵᠦ᠍ ᠪᠠᠢᠭ᠎ᠠ ᠵᠠᠯᠠᠭᠤᠴᠤᠳᠢ᠋ ᠬᠠᠪᠰᠤᠷᠤᠨ ᠠᠵᠢᠯ ᠣᠯᠭᠣᠵᠦ ᠤᠷᠤᠯᠭ᠎ᠠ ᠪᠠᠨ ᠨᠡᠮᠡᠭᠳᠡᠬᠦᠯᠬᠦ ᠵᠠᠮ ᠢ᠋ ᠨᠢ ᠰᠢᠯᠤᠭᠤᠳᠬᠠᠪᠠ ᠁
ᠬᠠᠢᠯ᠎ᠠ᠎ᠲᠤ ᠴᠠᠭ᠍ᠳᠠᠭᠠᠨ᠎ᠤ ᠶᠠᠪᠤᠳᠠᠯ᠎ᠤᠨ ᠲᠠᠰᠤᠭ ᠤ᠋ᠨ ᠲᠤᠮᠤ ᠡᠯᠸᠺᠲ᠋ᠷᠤᠨ ᠲᠡᠯᠬᠡᠴᠡ ᠲᠡᠭᠡᠷ᠎ᠠ ᠬᠢᠯᠢ ᠵᠢᠨ ᠪᠤᠰᠤᠭ᠎ᠠ ᠴᠤᠬᠴᠠᠳᠤ ᠰᠡᠷᠭᠡᠢᠯᠡᠨ ᠡᠵᠡᠮᠳᠡᠬᠦ ᠵᠢᠷᠤᠭ ᠲᠦᠷᠰᠤ ᠬᠠᠷᠠᠭᠠᠨ ᠳ᠋ᠤ ᠳᠤᠳᠤᠷᠠᠵᠥ᠂ ᠴᠢᠬᠤᠯᠠ ᠤᠷᠤᠨ ᠪᠦᠰᠡ ᠵᠢᠨ ᠡᠯᠸᠺᠲ᠋ᠷᠤᠨ ᠲᠤᠤᠷ ᠪᠠ ᠬᠢᠨᠠᠨ ᠡᠵᠡᠮᠳᠡᠬᠦ ᠰᠢᠰᠲᠸᠮ ᠨᠢ ᠬᠢᠯᠢ᠎ᠶ᠋ᠢᠨ ᠱᠤᠭᠤᠮ ᠳᠠᠭᠠᠤ ᠪᠦᠬᠦᠯᠢ ᠡᠳᠦᠷ᠎ᠢᠶᠡᠷ ᠬᠠᠮᠢᠶᠠᠷᠤᠨ ᠡᠵᠡᠮᠳᠡᠬᠦ᠌᠎ᠶ᠋ᠢ ᠪᠡᠶᠡᠯᠡᠭᠦᠯᠦᠭᠰᠡᠨ ᠪᠠᠢᠪᠠ᠃ ᠰᠢᠨᠵᠢᠯᠡᠬᠦ ᠤᠬᠠᠭᠠᠨ ᠲᠸᠭᠨᠢᠭ ᠮᠡᠷᠬᠡᠵᠢᠯ ᠵᠢᠡᠷ ᠬᠦᠴᠦᠨ ᠤᠯᠭᠤᠵᠦ᠂ 《ᠤᠶᠤᠨᠳᠤ ᠬᠢᠯᠢ᠂ ᠲᠤᠭᠠᠴᠢᠯᠠᠬᠰᠠᠨ ᠬᠢᠯᠢ》 ᠵᠢᠨ ᠪᠦᠳᠦᠭᠡᠨ ᠪᠠᠢᠭᠤᠯᠤᠯᠳᠠ ᠵᠢᠨ ᠠᠬᠢᠴᠨ ᠵᠢ ᠳᠦᠷᠬᠡᠳᠭᠡᠵᠦ᠂ ᠬᠢᠯᠢ ᠬᠢᠵᠠᠭᠠᠷ᠎ᠢ ᠰᠡᠷᠭᠡᠢᠯᠡᠨ ᠡᠵᠡᠮᠳᠡᠬᠦ᠌ ᠳ᠋ᠤ ᠮᠡᠷᠭᠡᠵᠢᠯ ᠤ᠋ᠨ ᠪᠠᠳᠤᠯᠠᠭ᠎ᠠ ᠬᠠᠡᠭᠭᠠᠬᠰᠠᠨ ᠨᠢ ᠬᠦᠮᠦᠰ ᠢ᠋ ᠨᠢᠬᠡ ᠭᠠᠢᠬᠠᠰᠢᠷᠠᠭᠤᠯᠬᠤ ᠳ᠋ᠤ᠂ ᠬᠢᠯᠢ ᠬᠠᠮᠠᠭᠠᠯᠠᠬᠴᠢ ᠴᠠᠬᠳᠠᠭ᠎ᠠ ᠨᠠᠷ ᠤ᠋ᠨ ᠳᠤᠷᠭᠠᠨ ᠬᠢᠯᠢ ᠪᠠᠨ ᠪᠠᠳᠤᠯᠠᠨ ᠬᠠᠮᠠᠭᠠᠯᠠᠵᠥ᠂ ᠳᠦᠮᠡᠨ ᠤᠯᠠᠨ ᠳ᠋ᠠᠭᠠᠨ ᠲᠤᠰᠠ ᠦᠵᠡᠬᠦᠯᠦᠭᠰᠡᠨ ᠪᠤᠳᠠᠳᠠᠢ ᠦᠢᠯᠡ ᠪᠠᠳᠤᠳᠠᠢ ᠬᠢᠳᠡᠯ ᠨᠢ ᠬᠦᠮᠦᠰ ᠢ᠋ ᠨᠢᠬᠡ ᠪᠢᠰᠢᠷᠡᠬᠦᠯᠵᠥ᠂ ᠵᠡᠬᠦᠨ ᠦᠵᠦᠬᠦᠷ ᠬᠢᠯᠢ ᠵᠢᠨ ᠳᠤᠮᠢᠯᠠᠬᠰᠠᠨ ᠰᠠᠯᠪᠤᠷᠢ ᠡᠬᠡ ᠤᠯᠤᠰ᠎ᠤᠨ ᠤᠮᠠᠷᠠᠲᠤ ᠬᠢᠯᠢ ᠳ᠋ᠤ 《ᠮᠦᠩᠬᠡ ᠵᠢᠨ ᠬᠦᠰᠢᠶ᠎ᠡ》 ᠪᠤᠯᠵᠥ ᠬᠢᠯᠠᠯᠵᠠᠨ᠎ᠠ᠃