ᠮᠠᠨ ᠤ᠋ ᠤᠷᠤᠨ ᠡᠮ ᠤ᠋ᠨ ᠵᠦᠢᠯᠡᠰ ᠭᠤᠶᠤᠯᠠᠯ ᠤ᠋ᠨ ᠡᠳ᠋ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠦᠷᠢᠶᠡᠨ ᠤ᠋ ᠬᠠᠤᠯᠢ ᠶ᠋ᠢ ᠵᠦᠷᠢᠴᠡᠭᠰᠡᠨ 10 ᠨᠡᠢᠳᠡᠯᠢᠭ ᠬᠡᠷᠡᠭ ᠤ᠋ᠨ ᠵᠢᠱ᠌ᠢᠶ᠎ᠠ ᠶ᠋ᠢ ᠨᠡᠢᠳᠡᠯᠡᠪᠡ
2025-10-09 16:10:57
ᠵᠣᠬᠢᠶᠠᠭ᠍ᠴᠢ᠄
ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠡᠮ ᠤ᠋ᠨ ᠵᠦᠢᠯᠡᠰ᠂ ᠭᠤᠶᠤᠯᠠᠯ ᠤ᠋ᠨ ᠡᠳ᠋ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠬᠦᠷᠢᠶᠡᠨ ᠤ᠋ ᠬᠠᠤᠯᠢ ᠶ᠋ᠢ ᠵᠦᠷᠢᠴᠡᠭᠰᠡᠨ ᠶᠠᠯᠠᠳᠦ ᠠᠵᠢᠯᠯᠠᠭ᠎ᠠ ᠳ᠋ᠤ ᠴᠢᠩᠭ᠎ᠠ ᠴᠤᠬᠢᠯᠳᠠ ᠦᠭᠴᠤ᠂ ᠤᠯᠠᠨ ᠲᠦᠮᠡᠨ ᠤ᠋ ᠡᠷᠡᠭᠦᠯ ᠮᠡᠨᠳᠦ ᠶ᠋ᠢ ᠪᠠᠳᠤᠯᠠᠨ ᠬᠠᠮᠠᠭᠠᠯᠠᠬᠤ ᠶ᠋ᠢᠨ ᠲᠦᠯᠦᠭᠡ᠂ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠬᠠᠤᠯᠢ ᠶᠤᠰᠤᠭᠠᠷ ᠪᠠᠢᠴᠠᠭᠠᠨ ᠰᠢᠢᠳᠪᠤᠷᠢᠯᠡᠭᠰᠡᠨ ᠬᠡᠷᠡᠭ ᠤ᠋ᠳ ᠡᠴᠡ 10 ᠨᠡᠢᠳᠡᠯᠢᠭ ᠬᠡᠷᠡᠭ ᠤ᠋ᠨ ᠵᠢᠱ᠌ᠢᠶ᠎ᠠ ᠶ᠋ᠢ ᠰᠤᠩᠭᠤᠵᠤ  ᠤᠯᠠᠨ ᠳ᠋ᠤ  ᠵᠠᠷᠯᠠᠨ ᠨᠡᠢᠳᠡᠯᠡᠪᠡ᠃

ᠤᠢᠯᠠᠭᠠᠭᠰᠠᠨ ᠶ᠋ᠢᠡᠷ᠂ ᠪᠦᠬᠦ ᠤᠷᠤᠨ ᠤ᠋ ᠡᠯ᠎ᠠ ᠱᠠᠳᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠰᠠᠯᠠᠭ᠎ᠠ ᠮᠦᠴᠢᠷ ᠨᠠᠮ ᠤ᠋ᠨ ᠲᠦᠪ ᠬᠤᠷᠢᠶ᠎ᠠ᠂ ᠲᠦᠷᠦ ᠶ᠋ᠢᠨ ᠶᠠᠪᠤᠳᠠᠯ ᠤ᠋ᠨ ᠬᠤᠷᠢᠶ᠎ᠠ ᠵᠢᠴᠢ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ᠂ ᠵᠠᠰᠠᠭ ᠤ᠋ᠨ ᠤᠷᠳᠤᠨ ᠤ᠋ ᠡᠮ ᠤ᠋ᠨ ᠵᠦᠢᠯᠡᠰ᠂ ᠭᠤᠶᠤᠯᠠᠯ ᠤ᠋ᠨ ᠡᠳ᠋ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠠᠮᠦᠷ ᠲᠦᠪᠰᠢᠨ ᠢ᠋ ᠪᠠᠳᠤᠯᠠᠬᠤ ᠲᠤᠬᠠᠢ ᠰᠢᠷᠢᠰ ᠰᠢᠢᠳᠪᠤᠷᠢᠳᠦ ᠪᠤᠳᠤᠯᠭ᠎ᠠ ᠪᠠᠢᠷᠢᠯᠠᠭᠤᠯᠤᠯᠳᠠ ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠮ ᠤ᠋ᠨ ᠵᠦᠢᠯᠡᠰ᠂ ᠭᠤᠶᠤᠯᠠᠯ ᠤ᠋ᠨ ᠡᠳ᠋ ᠪᠠ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠦᠢᠯᠡᠳᠪᠤᠷᠢᠯᠡᠯ ᠬᠡᠷᠡᠭᠯᠡᠭᠡ ᠶ᠋ᠢ ᠪᠦᠬᠦ ᠶᠠᠪᠤᠴᠠ ᠪᠡᠷ ᠬᠢᠨᠠᠨ ᠬᠠᠮᠢᠶᠠᠷᠬᠤ ᠠᠵᠢᠯ ᠢ᠋ ᠲᠠᠰᠤᠷᠠᠯᠳᠠ ᠦᠭᠡᠢ ᠴᠢᠩᠭᠠᠳᠬᠠᠭᠰᠠᠭᠠᠷ ᠢᠷᠡᠵᠠᠢ᠃

ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠡᠴᠡ ᠵᠠᠷᠯᠠᠨ ᠨᠡᠢᠳᠡᠯᠡᠭᠰᠡᠨ 10 ᠨᠡᠢᠳᠡᠯᠢᠭ ᠬᠡᠷᠡᠭ᠎ᠦᠨ ᠵᠢᠱ᠌ᠢᠶ᠎ᠠ ᠨᠢ ᠤᠷᠳᠤᠰ ᠬᠤᠳᠠ ᠶ᠋ᠢᠨ ᠵᠠᠩ ᠤᠪᠤᠭᠳᠤ ᠵᠡᠷᠭᠡ ᠬᠦᠮᠦᠰ ᠴᠠᠭᠠᠨ ᠢᠳᠡᠭᠡᠨ ᠤ᠋ ᠳᠡᠯᠭᠡᠭᠦᠷ ᠲᠤ᠌ ᠬᠦᠮᠦᠨ ᠤ᠋ ᠡᠷᠡᠭᠦᠯ ᠮᠡᠨᠳᠦ ᠶ᠋ᠢ ᠬᠤᠬᠢᠷᠠᠭᠤᠯᠬᠤ ᠲᠠᠯᠬ᠎ᠠ ᠡᠮ ᠬᠤᠳᠠᠯᠳᠤᠵᠤ ᠡᠮ ᠤ᠋ᠨ ᠵᠦᠢᠯᠡᠰ ᠤ᠋ᠨ ᠬᠠᠮᠢᠶᠠᠷᠤᠯᠳᠠ ᠶ᠋ᠢ ᠬᠠᠷᠰᠢᠯᠠᠭᠰᠠᠨ ᠬᠡᠷᠡᠭ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ᠋ ᠨᠢᠭᠡᠨ ᠬᠦᠴᠢᠯᠳᠦ᠋ᠷᠦᠭᠴᠢ ᠶ᠋ᠢᠨ ᠦᠢᠯᠡᠳᠪᠤᠷᠢ 《ᠡᠮ ᠤ᠋ᠨ ᠵᠦᠢᠯᠡᠰ ᠡᠵᠡᠩᠨᠡᠬᠦ ᠵᠦᠪᠰᠢᠶᠡᠷᠡᠯ ᠤ᠋ᠨ ᠦᠨᠡᠮᠯᠡᠯ》ᠦᠭᠡᠢ ᠠᠵᠤ ᠠᠬᠤᠢᠯᠠᠯ ᠳ᠋ᠤ ᠡᠮᠴᠢᠯᠡᠭᠡᠨ ᠤ᠋ ᠬᠡᠷᠡᠭᠯᠡᠭᠡᠨ ᠤ᠋ ᠬᠦᠴᠢᠯᠳᠦ᠋ᠷᠦᠭᠴᠢ ᠪᠤᠷᠤᠯᠠᠭᠤᠯᠤᠭᠰᠠᠨ ᠬᠡᠷᠡᠭ᠂ ᠮᠠᠨ ᠤ᠋ ᠤᠷᠤᠨ ᠤ᠋ ᠨᠢᠭᠡᠨ ᠡᠮ ᠤ᠋ᠨ ᠵᠦᠢᠯᠡᠰ ᠡᠵᠡᠩᠨᠡᠬᠦ ᠬᠡᠯᠬᠢᠶᠡᠳᠦ ᠺᠤᠮᠫᠠᠨᠢ ᠨᠢ ᠬᠠᠷᠢᠶᠠᠨ ᠳ᠋ᠡᠬᠢ ᠵᠠᠷᠢᠮ ᠵᠢᠵᠢᠭᠯᠡᠨ ᠪᠤᠷᠤᠯᠠᠭᠤᠯᠬᠤ ᠳᠡᠯᠭᠡᠭᠦᠷ ᠤ᠋ᠨ ᠡᠮ ᠤ᠋ᠨ ᠵᠦᠢᠯᠡᠰ ᠬᠤᠳᠠᠯᠳᠤᠨ ᠠᠪᠴᠤ ᠬᠦᠷᠭᠡᠬᠦ ᠠᠵᠢᠯᠯᠠᠭ᠎ᠠ ᠳ᠋ᠤ ᠨᠢᠭᠡᠳᠦᠯᠳᠠᠢ ᠬᠠᠮᠢᠶᠠᠷᠤᠯᠳᠠ ᠬᠢᠭᠰᠡᠨ ᠦᠭᠡᠢ ᠬᠡᠷᠡᠭ᠂ ᠤᠷᠠᠳ ᠤ᠋ᠨ ᠳᠤᠮᠳᠠᠳᠤ ᠬᠤᠰᠢᠭᠤᠨ ᠤ᠋ ᠨᠢᠭᠡᠨ ᠡᠮᠨᠡᠯᠭᠡ ᠶ᠋ᠢᠨ ᠬᠤᠷᠢᠶ᠎ᠠ ᠬᠤᠭᠤᠴᠠᠭ᠎ᠠ ᠨᠢ ᠬᠡᠳᠦᠷᠡᠭᠰᠡᠨ ᠡᠮ ᠬᠡᠷᠡᠭᠯᠡᠵᠦ ᠪᠠᠢᠭᠰᠠᠨ ᠬᠡᠷᠡᠭ᠂ ᠬᠡᠰᠢᠭᠳᠡᠨ ᠬᠤᠰᠢᠭᠤᠨ ᠤ᠋ ᠨᠢᠭᠡᠨ ᠡᠮᠨᠡᠯᠭᠡ ᠶ᠋ᠢᠨ ᠬᠤᠷᠢᠶ᠎ᠠ ᠬᠢᠷᠢ ᠭᠡᠮ ᠦᠭᠡᠢ ᠠᠵᠤ ᠠᠬᠤᠢᠯᠠᠯ ᠡᠴᠡ ᠡᠮ ᠤ᠋ᠨ ᠵᠦᠢᠯᠡᠰ ᠬᠤᠳᠠᠯᠳᠤᠨ ᠠᠪᠤᠭᠰᠠᠨ ᠬᠡᠷᠡᠭ᠂ ᠬᠤᠤᠯᠢᠨ ᠭᠤᠤᠯ ᠤ᠋ᠨ ᠨᠢᠭᠡᠨ ᠡᠮᠨᠡᠯᠭᠡ ᠶ᠋ᠢᠨ ᠬᠤᠷᠢᠶ᠎ᠠ ᠬᠢᠷᠢ ᠭᠡᠮ ᠦᠭᠡᠢ ᠡᠮ ᠪᠠᠷᠢᠭᠴᠢ ᠶ᠋ᠢ ᠬᠡᠷᠡᠭᠯᠡᠨ ᠵᠤᠷ ᠤ᠋ᠨ ᠡᠮ ᠪᠤᠷᠤᠯᠠᠭᠤᠯᠤᠭᠰᠠᠨ ᠬᠡᠷᠡᠭ᠂ ᠮᠠᠨ ᠤ᠋ ᠤᠷᠤᠨ ᠤ᠋ ᠨᠢᠭᠡᠨ ᠡᠮ ᠡᠮᠨᠡᠯᠭᠡ ᠶ᠋ᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠢᠵᠠᠭᠠᠷᠳᠦ ᠺᠤᠮᠫᠠᠨᠢ ᠳᠠᠩᠰᠠᠯᠠᠭᠤᠯᠤᠭᠰᠠᠨ ᠦᠨᠡᠮᠯᠡᠯ ᠦᠭᠡᠢ ᠬᠤᠶᠠᠳᠤᠭᠠᠷ ᠲᠦᠷᠦᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠦᠢᠯᠡᠳᠪᠤᠷᠢᠯᠡᠭᠰᠡᠨ ᠬᠡᠷᠡᠭ᠂ ᠬᠦᠬᠡᠬᠤᠳᠠ ᠶ᠋ᠢᠨ ᠨᠢᠭᠡᠨ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠺᠤᠮᠫᠠᠨᠢ ᠵᠦᠪᠰᠢᠶᠡᠷᠡᠯ ᠤ᠋ᠨ ᠬᠡᠪᠴᠢᠶ᠎ᠠ ᠡᠴᠡ ᠳᠠᠪᠠᠭᠤᠯᠤᠨ ᠭᠤᠷᠪᠠᠳᠤᠭᠠᠷ ᠲᠦᠷᠦᠯ ᠤ᠋ᠨ ᠡᠮᠴᠢᠯᠡᠭᠡᠨ ᠤ᠋ ᠪᠠᠭᠠᠵᠢ ᠬᠡᠷᠡᠭᠰᠡᠯ ᠢ᠋ ᠡᠵᠡᠩᠨᠡᠭᠰᠡᠨ ᠬᠡᠷᠡᠭ᠂ ᠦᠬᠠᠢ ᠬᠤᠳᠠ ᠶ᠋ᠢᠨ ᠨᠢᠭᠡᠨ ᠪᠠᠭᠤᠳᠠᠯ ᠬᠤᠭᠤᠴᠠᠭ᠎ᠠ ᠨᠢ ᠬᠡᠳᠦᠷᠡᠭᠰᠡᠨ ᠭᠤᠶᠤᠯᠠᠯ ᠤ᠋ᠨ ᠡᠳ᠋ ᠢ᠋ ᠡᠵᠡᠩᠨᠡᠭᠰᠡᠨ ᠬᠡᠷᠡᠭ᠂ ᠤᠯᠠᠭᠠᠨᠬᠠᠳᠠ ᠬᠤᠳᠠ ᠶ᠋ᠢᠨ ᠰᠦᠩᠱᠠᠨ ᠲᠤᠭᠤᠷᠢᠭ ᠤ᠋ᠨ ᠨᠢᠭᠡᠨ ᠪᠦᠷᠢᠨ ᠪᠠᠷᠠᠭᠠᠨ ᠤ᠋ ᠳᠡᠯᠭᠡᠭᠦᠷ ᠳᠠᠩᠰᠠᠯᠠᠭᠤᠯᠤᠭᠰᠠᠨ ᠦᠭᠡᠢ ᠪᠦᠭᠡᠳ ᠱᠤᠰᠢᠭ᠎ᠠ ᠲᠡᠮᠳᠡᠭ ᠨᠢ ᠳᠤᠭᠳᠠᠭᠠᠯ ᠳ᠋ᠤ ᠨᠡᠢᠴᠡᠬᠦ ᠦᠭᠡᠢ ᠭᠤᠶᠤᠯᠠᠯ ᠤ᠋ᠨ ᠡᠳ᠋ ᠡᠵᠡᠩᠨᠡᠭᠰᠡᠨ ᠬᠡᠷᠡᠭ ᠵᠡᠷᠭᠡ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号