ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠎ᠤᠨ ᠠᠵᠢᠯᠴᠢᠨ᠎ᠤ ᠡᠪᠯᠡᠯ᠎ᠦᠨ ᠥᠪᠥᠷ ᠮᠣᠩᠭᠣᠯ᠎ᠳᠠᠬᠢ ᠲᠤᠰᠬᠠᠢ ᠲᠠᠯᠠᠪᠠᠢ ᠤᠷᠢᠨ ᠡᠯᠰᠡᠬᠦ ᠠᠵᠢᠯᠯᠠᠭ᠎ᠠ ᠡᠬᠢᠯᠡᠪᠠ
2025-10-09 11:20:58
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠦᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠪᠠ ᠪᠡᠭᠡᠵᠢᠩ ᠬᠤᠳᠠ᠂ ᠲᠢᠶᠠᠨᠵᠢᠨ ᠬᠤᠳᠠ᠂ ᠾᠸᠪᠸᠢ ᠮᠤᠵᠢ᠎ᠶᠢᠨ ᠠᠵᠢᠯᠴᠢᠨ᠎ᠤ ᠶᠡᠷᠦᠩᠬᠡᠢ ᠡᠪᠯᠡᠯ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠡᠴᠡ ᠭᠣᠣᠯᠯᠠᠨ ᠡᠷᠬᠢᠯᠡᠭᠰᠡᠨ 2025 ᠣᠨ ᠎ᠤ 《ᠠᠵᠢᠯᠴᠢᠨ᠎ᠤ ᠡᠪᠯᠡᠯ ᠠᠵᠢᠯ ᠣᠯᠭᠣᠯᠳᠠ ᠵᠢ ᠬᠠᠪᠰᠤᠷᠬᠤ》 ᠪᠡᠭᠡᠵᠢᠩ ᠲᠢᠶᠠᠨᠵᠢᠨ ᠾᠸᠪᠸᠢ ᠥᠪᠥᠷ ᠮᠣᠩᠭᠣᠯ᠎ᠤᠨ ᠠᠵᠢᠯᠴᠢᠨ᠎ᠤ ᠡᠪᠯᠡᠯ᠎ᠦᠨ ᠠᠵᠢᠯ ᠣᠯᠭᠣᠵᠦ ᠦᠢᠯᠡᠰ ᠪᠣᠰᠬᠠᠬᠤ ᠬᠠᠮᠵᠢᠯᠴᠠᠭᠠᠨ᠎ᠤ ᠥᠪᠥᠷ ᠮᠣᠩᠭᠣᠯ᠎ᠤᠨ ᠲᠤᠰᠬᠠᠢ ᠲᠠᠯᠠᠪᠠᠢ ᠤᠷᠢᠨ ᠡᠯᠰᠡᠬᠦ ᠠᠵᠢᠯᠯᠠᠭ᠎ᠠ ᠥᠪᠥᠷ ᠮᠣᠩᠭᠣᠯ᠎ᠤᠨ ᠬᠣᠩ ᠳ᠋ᠸ ᠨᠡᠢᠭᠡᠮ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠳᠡᠭᠡᠳᠦ ᠰᠤᠷᠭᠠᠭᠤᠯᠢ᠎ᠳᠤ ᠶᠠᠪᠤᠭᠳᠠᠪᠠ᠃

ᠤᠷᠢᠨ ᠡᠯᠰᠡᠬᠦ ᠠᠵᠢᠯᠯᠠᠭ᠎ᠠ ᠢ᠋ᠢᠨ ᠲᠤᠬᠠᠢ᠎ᠶᠢᠨ ᠲᠠᠯᠠᠪᠠᠢ᠎ᠳᠦ 150 ᠭᠠᠷᠤᠢ ᠰᠢᠯᠢᠳᠡᠭ ᠠᠵᠤ ᠠᠬᠤᠢᠯᠠᠯ᠎ᠢ ᠳᠥᠷᠪᠡᠨ ᠶᠡᠬᠡ ᠣᠨᠴᠠᠯᠢᠭ᠍ᠲᠤ ᠤᠷᠢᠨ ᠡᠯᠰᠡᠬᠦ ᠲᠤᠰᠬᠠᠢ ᠲᠤᠭᠤᠷᠢᠭ᠎ᠲᠦ ᠬᠤᠪᠢᠶᠠᠪᠠ᠄ ᠪᠡᠭᠡᠵᠢᠩ ᠲᠢᠶᠠᠨᠵᠢᠨ ᠾᠧᠪᠧᠢ ᠵᠢᠨ ᠠᠵᠤ ᠠᠬᠤᠢᠯᠠᠯ᠎ᠤᠨ ᠤᠷᠢᠨ ᠡᠯᠰᠡᠬᠦ ᠲᠤᠰᠬᠠᠢ ᠲᠤᠭᠤᠷᠢᠭ ᠨᠢ ᠰᠢᠯᠢᠳᠡᠭ ᠠᠵᠢᠯ᠎ᠤᠨ ᠪᠠᠢᠷᠢ ᠎ᠶᠢ ᠳᠡᠯᠭᠡᠨ ᠦᠵᠡᠭᠦᠯᠵᠦ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠨ ᠬᠥᠭᠵᠢᠬᠦ᠎ᠳᠦ ᠦᠢᠯᠡᠴᠢᠯᠡᠪᠡ; 《ᠢᠯᠡ ᠎ᠪᠡᠷ ᠠᠵᠢᠯ ᠣᠯᠭᠣᠬᠤ》 ᠤᠷᠢᠨ ᠡᠯᠰᠡᠬᠦ ᠲᠤᠰᠬᠠᠢ ᠲᠤᠭᠤᠷᠢᠭ ᠨᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠲᠸ᠋ 《ᠨᠢᠭᠡ ᠦᠷᠲᠡᠭᠡᠴᠢᠯᠡᠭᠰᠡᠨ ᠮᠠᠶᠢᠭ》 ᠤ᠋ᠨ ᠦᠢᠯᠡᠴᠢᠯᠡᠭᠡ ᠬᠠᠩᠭᠠᠪᠠ; ᠰᠢᠨ᠎ᠡ ᠠᠵᠢᠯ ᠣᠯᠭᠣᠯᠲᠠ᠎ᠶᠢᠨ ᠬᠡᠯᠪᠡᠷᠢ᠎ᠶᠢᠨ ᠠᠵᠤ ᠠᠬᠤᠢᠯᠠᠯ᠎ᠤᠨ ᠤᠷᠢᠨ ᠡᠯᠰᠡᠬᠦ ᠲᠤᠰᠬᠠᠢ ᠲᠤᠭᠤᠷᠢᠭ ᠨᠢ ᠰᠢᠨ᠎ᠡ ᠡᠵᠡᠩᠨᠡᠯᠲᠡ᠎ᠶᠢᠨ ᠬᠡᠯᠪᠡᠷᠢ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠣᠯᠠᠨ ᠶᠠᠩᠵᠤ᠎ᠶᠢᠨ ᠠᠵᠢᠯ ᠣᠯᠭᠣᠯᠲᠠ᠎ᠶᠢᠨ ᠠᠵᠠ ᠲᠣᠬᠢᠶᠠᠯ ᠬᠠᠩᠭᠠᠪᠠ; ᠥᠪᠥᠷ ᠮᠣᠩᠭᠣᠯ᠎ᠤᠨ ᠭᠣᠣᠯᠳᠠᠯᠭ᠎ᠠ᠎ᠲᠠᠢ ᠠᠵᠢᠯᠴᠢᠨ ᠬᠡᠷᠡᠭᠯᠡᠬᠦ ᠠᠵᠤ ᠠᠬᠤᠢᠯᠠᠯ᠎ᠤᠨ ᠤᠷᠢᠨ ᠡᠯᠰᠡᠬᠦ ᠲᠤᠰᠬᠠᠢ ᠲᠤᠭᠤᠷᠢᠭ ᠨᠢ ᠲᠣᠰ ᠭᠠᠵᠠᠷ ᠣᠷᠣᠨ᠎ᠤ ᠬᠥᠭᠵᠢᠯᠲᠡ᠎ᠳᠦ ᠦᠢᠯᠡᠴᠢᠯᠡᠵᠦ᠂ ᠴᠢᠳᠠᠪᠤᠷᠢᠲᠠᠨ᠎ᠢ ᠦᠪᠦᠷ ᠮᠣᠩᠭᠣᠯ᠎ᠳᠤ ᠦᠯᠡᠳᠡᠭᠡᠬᠦ ᠵᠢ ᠬᠦᠲᠦᠯᠦᠨ ᠵᠢᠯᠤᠭᠤᠳᠪᠠ᠃《ᠲᠥᠷᠥ᠎ᠶᠢᠨ ᠪᠣᠳᠣᠯᠭ᠎ᠠ ᠵᠢ ᠨᠠᠢᠳᠠᠪᠤᠷᠢᠵᠢᠭᠤᠯᠵᠦ ᠨᠠᠷᠢᠯᠢᠭ᠋ ᠣᠨᠣᠴᠠᠲᠠᠢ᠎ᠪᠠᠷ ᠵᠣᠯᠭᠠᠭᠤᠯᠬᠤ》 ᠵᠠᠭᠪᠤᠷ᠎ᠢᠶᠠᠷ ᠠᠵᠢᠯ ᠡᠷᠢᠭᠰᠡᠳ᠎ᠲᠦ ᠥᠪᠡᠷ᠎ᠦᠨ ᠪᠡᠶ᠎ᠡ ᠳ᠋ᠦ᠍ᠨᠢ ᠲᠣᠬᠢᠷᠠᠬᠤ ᠠᠵᠢᠯ᠎ᠤᠨ ᠪᠠᠢᠷᠢ᠎ᠡᠷᠢᠬᠦ ᠵᠢ ᠠᠬᠢᠭᠤᠯᠪᠠ ᠃

ᠪᠦᠷᠢᠳᠬᠡᠯ᠎ᠢ ᠦᠨᠳᠦᠰᠦᠯᠡᠪᠡᠯ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠳᠥᠷᠪᠡᠨ ᠭᠠᠵᠠᠷ᠎ᠤᠨ ᠠᠵᠢᠯᠴᠢᠨ᠎ᠤ ᠶᠡᠷᠦᠩᠬᠡᠢ ᠡᠪᠯᠡᠯ ᠡᠬᠢ ᠪᠠᠶᠠᠯᠢᠭ᠋᠎ᠢᠶᠠᠨ ᠨᠢᠳᠭᠡᠵᠦ᠂ ᠰᠦᠯᠵᠢᠶᠡᠨ ᠳᠡᠭᠡᠷ᠎ᠡ ᠪᠠ ᠲᠤᠬᠠᠢ ᠢ᠋ᠢᠨ ᠲᠠᠯᠠᠪᠤᠷ ᠲᠸ᠋ ᠨᠡᠶ᠋ᠢᠲᠡ 753 ᠠᠵᠤ ᠠᠬᠤᠢᠯᠠᠯ᠎ᠢ ᠲᠡᠳᠡᠨ ᠠᠪᠴᠢᠷᠠᠵᠦ᠂ ᠰᠢᠨ᠎ᠡ ᠡᠨᠧᠷᠭᠢ᠂ ᠮᠡᠳᠡᠭᠡ ᠵᠠᠩᠭᠢ᠎ᠶᠢᠨ ᠮᠡᠷᠭᠡᠵᠢᠯ᠂ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠲᠠ ᠵᠡᠷᠭᠡ ᠬᠦᠷᠢᠶᠡᠨ᠎ᠳᠤ 2075 ᠠᠵᠢᠯ᠎ᠤᠨ ᠪᠠᠢᠷᠢ ᠬᠠᠩᠭᠠᠵᠤ᠂ 21146 ᠬᠥᠮᠥᠨ ᠡᠯᠰᠡᠬᠦ᠎ᠪᠡᠷ ᠲᠥᠯᠥᠪᠯᠡᠪᠡ᠃ ᠠᠵᠢᠯᠯᠠᠭ᠎ᠠ᠎ᠶᠢᠨ ᠲᠤᠬᠠᠢ᠎ᠶᠢᠨ ᠡᠳᠦᠷ᠂ ᠲᠤᠬᠠᠢ ᠢ᠋ᠢᠨ ᠲᠠᠯᠠᠪᠤᠷ ᠲᠸ᠋ ᠨᠡᠶ᠋ᠢᠲᠡ 1.4 ᠲᠦᠮᠡᠨ ᠠᠵᠢᠯ ᠡᠷᠢᠭᠰᠡᠳ ᠤᠷᠤᠯᠴᠠᠵᠦ᠂ ᠰᠦᠯᠵᠢᠶᠡᠨ ᠳᠡᠭᠡᠷᠡᠬᠢ ᠤᠷᠢᠨ ᠡᠯᠰᠡᠬᠦ ᠠᠵᠢᠯᠯᠠᠭ᠎ᠠ᠎ᠳᠤ 6.3 ᠲᠦᠮᠡᠨ ᠬᠥᠮᠥᠨ ᠤᠳᠠᠭ᠎ᠠ ᠣᠷᠣᠯᠴᠠᠵᠠᠢ ᠃

ᠲᠣᠰ ᠤᠳᠠᠭᠠᠨ᠎ᠤ ᠠᠵᠢᠯᠯᠠᠭ᠎ᠠ᠎ᠳᠤ 《ᠲᠤᠭᠠᠴᠢᠯᠠᠬᠰᠠᠨ ᠤᠶᠤᠨ ᠴᠢᠳᠠᠪᠤᠷᠢ ᠣᠯᠭᠣᠬᠤ》 ᠪᠠ 《ᠰᠤᠷᠭᠠᠭᠤᠯᠢ ᠠᠵᠤ ᠠᠬᠤᠢᠯᠠᠯ ᠬᠠᠮᠵᠢᠯᠴᠠᠬᠤ》 ᠬᠣᠶᠠᠷ ᠶᠡᠬᠡ ᠬᠢᠯᠠᠰ ᠴᠡᠭ᠎ᠢ ᠳᠣᠪᠣᠶ᠋ᠢᠯᠭᠠᠵᠤ᠂ ᠣᠶᠤᠨᠴᠢᠯᠠᠭᠰᠠᠨ᠂ ᠨᠠᠷᠢᠯᠢᠭ᠋ ᠣᠨᠣᠴᠠᠲᠠᠢ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠰᠢᠨ᠎ᠡ ᠤᠢᠯᠠᠭᠠᠬᠳᠠᠬᠤᠨ᠎ᠢ ᠪᠣᠶ ᠪᠣᠯᠭᠠᠪᠠ᠃ ᠲᠣᠰ ᠤᠳᠠᠭᠠᠨ᠎ᠤ ᠲᠤᠰᠬᠠᠢ ᠠᠵᠢᠯᠯᠠᠭ᠎ᠠ ᠪᠣᠯ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ ᠳᠥᠷᠪᠡᠨ ᠭᠠᠵᠠᠷ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠴᠢᠨᠠᠷ ᠰᠠᠢᠲᠠᠢ ᠪᠥᠭᠡᠳ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠲᠠᠯ᠎ᠠ᠎ᠪᠠᠷ ᠬᠢ ᠨᠢᠭᠡ ᠤᠳᠠᠭᠠᠨ᠎ᠤ ᠰᠢᠨ᠎ᠡ ᠎ᠶᠢ ᠡᠭᠦᠳᠦᠭᠰᠡᠨ ᠦᠢᠯᠡᠳᠦᠯᠭᠡ ᠪᠠᠢᠵᠦ᠂ ᠲᠣᠰ ᠠᠵᠢᠯᠯᠠᠭ᠎ᠠ ᠨᠢ ᠨᠢᠭᠡ ᠰᠠᠷ᠎ᠠ ᠦᠷᠭᠦᠯᠵᠢᠯᠡᠬᠦ ᠪᠣᠯᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号