《ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ》᠂ 《ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ》 ᠶ᠋ᠢ ᠪᠣᠳᠠᠲᠠᠶ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠮᠠᠨ᠎ᠤ ᠣᠷᠣᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠴᠢᠨᠠᠷ ᠰᠠᠢᠲᠠᠶ ᠭᠦᠶ᠋ᠴᠡᠳ ᠠᠵᠢᠯ ᠣᠯᠭᠣᠯᠲᠠ᠎ᠶ᠋ᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠬᠦ᠌᠎ᠶ᠋ᠢᠨ ᠲᠥᠯᠥᠭᠡ ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠭ᠌ᠰᠡᠨ 2025 ᠣᠨ᠎ᠤ ᠥᠪᠥᠷ ᠮᠣᠩᠭᠣᠯ᠎ᠤᠨ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠤᠶᠤᠲᠠᠳ᠎ᠤᠨ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢᠨ ᠠᠵᠢᠯᠲᠠᠨ ᠡᠯᠰᠡᠬᠦ᠌ ᠴᠤᠭᠯᠠᠭᠠᠨ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶ᠋ᠢᠨ ᠦᠶ᠋ᠯᠡᠰ ᠴᠣᠭ᠍ᠴᠠᠯᠠᠬᠤ ᠳᠡᠭᠡᠳᠦ ᠰᠤᠷᠭᠠᠭᠤᠯᠢ᠎ᠳ᠋ᠤ ᠠᠮᠵᠢᠯᠲᠠ ᠲᠠᠢ ᠶᠠᠪᠤᠬᠳᠠᠪᠠ᠃
ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠢ᠎ᠠ ᠵᠠᠯᠠᠭᠤᠴᠤᠳ᠎ᠤᠨ ᠠᠵᠢᠯ ᠣᠯᠭᠣᠯᠲᠠ᠎ᠶ᠋ᠢᠨ ᠭᠣᠣᠯ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠦᠬᠦ᠌ ᠬᠡᠯᠬᠢᠶᠡᠨ᠎ᠦ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠬᠦᠴᠦᠯᠡᠨ ᠪᠠᠢᠭᠤᠯᠵᠤ᠂ ᠠᠵᠢᠯᠳᠠᠨ ᠤᠷᠢᠵᠤ ᠡᠯᠰᠡᠬᠦ᠌ ᠠᠵᠢᠯᠯᠠᠭ᠎ᠠ᠎ᠪᠠᠷ ᠳᠠᠮᠵᠢᠭᠤᠯᠤᠨ ᠵᠠᠯᠠᠭᠤᠴᠤᠳ᠎ᠤᠨ ᠠᠵᠢᠯ ᠣᠯᠭᠣᠯᠲᠠ᠎ᠳᠤ ᠦᠢᠯᠡᠴᠢᠯᠡᠬᠦ᠌ ᠡᠯ᠎ᠡ ᠵᠦᠢᠯ᠎ᠦᠨ ᠠᠷᠭ᠎ᠠ ᠬᠡᠮᠵᠢᠢ᠎ᠡ᠎ᠶ᠋ᠢ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠲᠣᠰ ᠤᠳᠠᠭᠠᠨ᠎ᠤ ᠲᠤᠰᠭᠠᠶ ᠠᠵᠢᠯᠲᠠᠨ ᠤᠷᠢᠵᠤ ᠡᠯᠰᠡᠬᠦ᠌ ᠴᠤᠭᠯᠠᠭᠠᠨ᠎ᠨᠢ ᠶᠡᠬᠡ ᠳᠡᠭᠡᠳᠦ ᠰᠤᠷᠭᠠᠭᠤᠯᠢ ᠬᠢᠭᠡᠳ ᠠᠵᠤ ᠠᠬᠤᠢᠯᠠᠯ᠎ᠤᠨ ᠬᠡᠷᠡᠭ᠌ᠴᠡᠭᠡ᠎ᠶ᠋ᠢ ᠣᠨᠣᠪᠴᠢᠲᠠᠶ ᠵᠣᠯᠭᠠᠭᠤᠯᠵᠤ᠂ 100 ᠱᠢᠯᠢᠳᠡᠭ ᠬᠥᠮᠦᠨ ᠬᠡᠷᠡᠭ᠌ᠯᠡᠬᠦ᠌ ᠨᠢᠭᠡᠴᠢ᠎ᠶ᠋ᠢ ᠲᠡᠳᠡᠨ ᠣᠷᠣᠯᠴᠠᠭᠤᠯᠵᠤ᠂ 2570 ᠠᠵᠢᠯ᠎ᠤᠨ ᠪᠠᠢᠷᠢ ᠬᠠᠩᠭᠠᠵᠤ᠂ ᠦᠶ᠋ᠯᠡᠳᠬᠦ᠌ ᠦᠶ᠋ᠯᠡᠰ᠂ ᠮᠥᠩᠭᠥᠨ ᠭᠦᠶ᠋ᠯᠭᠡᠭᠡ᠂ ᠪᠠᠷᠢᠯᠭ᠎ᠠ᠂ ᠬᠥᠳᠡᠭᠡ ᠠᠵᠤ ᠠᠬᠤᠶ᠂ ᠬᠡᠷ ᠪᠠᠢᠱᠢᠩ ᠭᠠᠵᠠᠷ ᠬᠥᠷᠥᠩᠭᠡ᠂ ᠵᠠᠮ ᠬᠠᠷᠢᠯᠴᠠᠭ᠎ᠠ ᠲᠡᠭᠡᠭᠡᠪᠦᠷᠢ᠂ ᠰᠤᠷᠭᠠᠨ ᠬᠥᠮᠦᠵᠢᠯ᠂ ᠮᠡᠳᠡᠭᠡ ᠵᠠᠩᠭᠢ᠎ᠶ᠋ᠢᠨ ᠳᠠᠮᠵᠢᠭᠤᠯᠭ᠎ᠠ ᠵᠡᠷᠭᠡ 18 ᠬᠦᠷᠢᠶ᠎ᠡ᠎ᠶ᠋ᠢ ᠬᠠᠮᠤᠷᠴᠤ᠌᠂ 2026 ᠣᠨ᠎ᠤ ᠲᠡᠭᠦᠰᠭᠦ ᠰᠤᠷᠤᠭ᠍ᠴᠢᠳ᠎ᠲᠤ ᠠᠵᠢᠯ ᠣᠯᠬᠤ ᠠᠵᠠ ᠲᠣᠬᠢᠶᠠᠯ ᠬᠠᠩᠭᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号