ᠡᠯ᠎ᠡ ᠭᠠᠵᠠᠷ᠎ᠤᠨ ᠬᠢᠨ ᠭᠠᠮᠱᠢᠭ᠎ᠤᠨ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠴᠢᠬᠤᠯᠠ ᠳᠠᠢ
10 ᠰᠠᠷ᠎ᠠ᠎ᠶ᠋ᠢᠨ 8 ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠴᠠᠭ ᠠᠭᠤᠷ᠎ᠤᠨ ᠲᠣᠪᠴᠢᠢ᠎ᠠ᠎ᠡᠴᠡ ᠤᠢ᠍ᠢᠯᠠᠭᠠᠭ᠍ᠰᠠᠨ ᠵᠢᠡᠷ᠄ ᠬᠦᠢᠳᠡᠨ ᠱᠢᠭᠦᠳᠡᠷᠢ᠎ᠶ᠋ᠢᠨ ᠴᠠᠭ ᠤᠯᠠᠷᠢᠯ ᠬᠦᠷᠴᠦ᠍ ᠢᠷᠡᠬᠦ᠌᠎ᠶ᠋ᠢ ᠳᠠᠭᠠᠯᠳᠤᠨ ᠥᠪᠥᠷ ᠮᠣᠩᠭᠣᠯ᠎ᠳᠤ ᠱᠢᠷᠦᠭᠦᠨ ᠪᠣᠷᠣᠭᠠᠨ ᠣᠷᠣᠵᠤ ᠠᠭᠠᠷ᠎ᠤᠨ ᠲᠤᠯᠠᠭᠠᠨ ᠮᠡᠳᠡᠭ᠌ᠳᠡᠮ᠎ᠡ ᠪᠠᠭᠤᠷᠠᠪᠠ ᠃ ᠡᠭᠦᠨ᠎ᠦ ᠬᠠᠮᠲᠤ ᠳᠤᠮᠳᠠ ᠪᠠᠷᠠᠭᠤᠨ ᠪᠡᠶ᠎ᠡ ᠵᠢᠨ ᠡᠮᠦᠨᠡᠭᠦᠷ ᠭᠠᠵᠠᠷ ᠣᠷᠣᠨ᠎ᠳᠤ ᠱᠢᠷᠦᠭᠦᠨ ᠪᠣᠷᠣᠭᠠᠨ᠎ᠤ ᠭᠠᠮᠱᠢᠭ᠎ᠤᠨ ᠲᠦᠭ᠌ᠰᠢᠭᠦᠷᠢᠲᠡᠶ᠂ ᠵᠡᠭᠦᠨ ᠬᠣᠢᠲᠤ ᠪᠡᠶ᠎ᠡ ᠵᠢᠨ ᠭᠠᠵᠠᠷ ᠣᠷᠣᠨ᠎ᠳᠤ ᠶᠡᠬᠡ ᠰᠠᠯᠬᠢᠨ᠎ᠤ ᠭᠠᠮᠱᠢᠭ᠎ᠤᠨ ᠲᠦᠭ᠌ᠰᠢᠭᠦᠷᠢᠲᠡᠶ᠂ ᠡᠯ᠎ᠡ ᠭᠠᠵᠠᠷ᠎ᠤᠨ ᠬᠢᠨ ᠠᠩᠬᠠᠷᠤᠨ ᠰᠡᠷᠭᠡᠢᠯᠡᠬᠦ᠌ ᠴᠢᠬᠤᠯᠠᠳᠠᠢ ᠪᠠᠢᠨ᠎ᠠ᠃
10 ᠰᠠᠷ᠎ᠠ᠎ᠶ᠋ᠢᠨ 9 ᠡᠴᠡ 11 ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠳᠤᠮᠳᠠ ᠪᠠᠷᠠᠭᠤᠨ ᠪᠡᠶ᠎ᠡ ᠵᠢᠨ ᠡᠮᠦᠨᠡᠭᠦᠷ ᠭᠠᠵᠠᠷ ᠣᠷᠣᠨ᠎ᠳᠤ ᠦᠷᠭᠦᠯᠵᠢᠯᠡᠭ᠌ᠰᠡᠨ ᠴᠢᠨᠠᠷᠲᠠᠶ ᠪᠤᠷᠤᠭᠠᠨ ᠤᠷᠤᠵᠤ᠂ ᠬᠤᠷ᠎ᠠ ᠲᠣᠨᠳᠠᠰᠤ᠎ᠶ᠋ᠢᠨ ᠬᠡᠮᠵᠢᠶ᠎ᠡ ᠶᠡᠬᠡ᠂ ᠨᠠᠮᠤᠷ᠎ᠤᠨ ᠤᠯᠠᠷᠢᠯ᠎ᠳᠤ ᠬᠣᠪᠣᠷᠬᠠᠨ ᠲᠤᠬᠢᠶᠠᠯᠳᠤᠵᠤ᠂ ᠬᠡᠰᠡᠭ ᠭᠠᠵᠠᠷ᠎ᠲᠤ 10 ᠰᠠᠷ᠎ᠠ᠎ᠶ᠋ᠢᠨ ᠲᠡᠦᠬᠡᠨ ᠲᠡᠮᠳᠡᠭ᠌ᠯᠡᠯ᠎ᠢ ᠳᠠᠪᠠᠵᠤ ᠮᠡᠳᠡᠨ᠎ᠡ᠃ ᠬᠤᠷ᠎ᠠ ᠲᠣᠨᠳᠠᠰᠤ ᠨᠢ ᠨᠠᠮᠤᠷ᠎ᠤᠨ ᠬᠤᠷᠢᠶᠠᠯᠲᠠ᠎ᠳᠤ ᠠᠱᠢᠭ ᠥᠬᠡᠶ ᠨᠥᠯᠥᠭᠡ ᠦᠵᠡᠭᠦᠯᠬᠦ᠌ ᠪᠣᠯᠬᠣᠷ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠎ᠦᠳ ᠡᠯ᠎ᠡ ᠭᠠᠵᠠᠷ᠎ᠤᠨ ᠬᠢᠨ᠎ᠦ ᠨᠢᠭᠡᠨᠲᠡ ᠪᠣᠯᠪᠠᠰᠤᠷᠠᠭ᠍ᠰᠠᠨ ᠲᠠᠷᠢᠮᠠᠯ ᠵᠢᠡᠨ ᠱᠠᠯᠠᠪᠳᠠᠨ ᠬᠤᠷᠢᠶᠠᠬᠤ ᠠᠬᠢᠴᠠ᠎ᠵᠢ ᠲᠦᠷᠭᠡᠳᠭᠡᠬᠦ᠌᠎ᠶ᠋ᠢ ᠵᠢᠯᠣᠭᠣᠳᠭᠤ ᠬᠡᠷᠡᠭ᠌ᠲᠡᠶ᠃ ᠦᠷᠭᠦᠯᠵᠢᠯᠡᠨ ᠪᠦᠷᠬᠦᠭ ᠪᠠ ᠪᠣᠷᠣᠭᠠᠨᠲᠤ ᠴᠠᠭ ᠠᠭᠤᠷ᠎ᠤᠨ ᠨᠦᠯᠦᠭᠡ ᠪᠡᠷ ᠠᠭᠠᠷ᠎ᠤᠨ ᠳᠤᠯᠠᠭᠠᠨ ᠦᠷᠭᠦᠯᠵᠢᠯᠡᠨ ᠪᠠᠭᠤᠷᠠᠵᠤ᠂ ᠣᠯᠠᠨ ᠭᠠᠵᠠᠷ᠎ᠤᠨ ᠠᠭᠠᠷ᠎ᠤᠨ ᠳᠤᠯᠠᠭᠠᠨ 15°C ᠡᠴᠡ ᠳᠣᠷᠣᠭ᠍ᠰᠢ ᠪᠣᠯᠵᠣ᠂ ᠬᠡᠰᠡᠭ ᠭᠠᠵᠠᠷ᠎ᠤᠨ ᠠᠭᠠᠷ᠎ᠤᠨ ᠳᠤᠯᠠᠭᠠᠨ 10°C ᠡᠴᠡ ᠳᠣᠷᠣᠭ᠍ᠰᠢ ᠪᠣᠯᠤᠨ᠎ᠠ᠃ ᠤᠷᠳᠤᠰ ᠬᠤᠳᠠ ᠵᠢᠨ ᠵᠡᠭᠦᠨ ᠬᠡᠰᠡᠭ᠂ ᠬᠥᠬᠡᠬᠣᠲᠠ ᠵᠢᠨ ᠡᠮᠦᠨᠡᠲᠦ ᠬᠡᠰᠡᠭ᠂ ᠤᠯᠠᠭᠠᠨᠴᠠᠪ ᠬᠤᠳᠠ ᠵᠢᠨ ᠡᠮᠦᠨᠡᠲᠦ ᠬᠡᠰᠡᠭ᠎ᠤᠨ ᠬᠤᠷ᠎ᠠ ᠲᠣᠨᠳᠠᠰᠤ ᠵᠢᠨ ᠬᠡᠮᠵᠢᠶ᠎ᠡ ᠶᠡᠬᠡ ᠪᠣᠯᠬᠣᠷ ᠠᠭᠤᠯᠠᠨ ᠦᠶᠡᠷ᠂ ᠭᠠᠵᠠᠷ᠎ᠤ᠋ᠨ ᠭᠠᠮᠱᠢᠭ᠂ ᠬᠤᠳᠠ ᠵᠢᠨ ᠳᠣᠲᠣᠨᠠᠬᠢ ᠤᠰᠤᠲᠤᠯ ᠵᠡᠷᠭᠡ ᠡᠬᠦᠰᠦᠮᠡᠯ ᠭᠠᠮᠱᠢᠭ ᠭᠠᠷᠴᠤ᠌ ᠮᠡᠳᠡᠬᠦ᠌ ᠲᠤᠯᠠ ᠬᠠᠮᠢᠶ᠎ᠠ ᠪᠦᠬᠦᠢ ᠰᠠᠯᠠᠭ᠎ᠠ ᠮᠥᠴᠢᠷᠤ᠋ᠳ ᠭᠠᠵᠠᠷ᠎ᠤ᠋ᠨ ᠭᠠᠮᠱᠢᠭ᠎ᠤ᠋ᠨ ᠳᠠᠯᠳᠠ ᠭᠡᠮ ᠰᠤᠭᠤᠭ᠎ᠤᠨ ᠴᠡᠭ᠂ ᠬᠤᠳᠠ ᠵᠢᠨ ᠬᠣᠲᠣᠭᠣᠷ ᠭᠠᠵᠠᠷ ᠣᠷᠣᠨ ᠢ᠋ ᠲᠣᠭᠣᠷᠢᠨ ᠪᠠᠢᠴᠠᠭᠠᠵᠤ ᠠᠶᠤᠯ ᠢ᠋ ᠵᠢᠭ᠍ᠰᠠᠭᠠᠨ ᠪᠠᠢᠴᠠᠭᠠᠬᠤ ᠠᠵᠢᠯ ᠢ᠋ ᠰᠠᠢᠲᠤᠷ ᠬᠢᠬᠦ᠌ ᠶ᠋ᠢ ᠰᠠᠨᠠᠭᠤᠯᠵᠤ ᠪᠠᠢᠨ᠎ᠠ᠃ ᠣᠳᠣᠬᠠᠨ᠎ᠳᠤ ᠶᠠᠭ ᠰᠠᠢᠬᠠᠨ ᠤᠯᠤᠰ᠎ᠤᠨ ᠪᠠᠶᠠᠷ᠎ᠤᠨ ᠠᠮᠠᠷᠠᠯᠲᠠ ᠵᠢᠨ ᠬᠤᠭᠤᠴᠠᠭᠠᠨ᠎ᠤ ᠵᠢᠭᠤᠯᠴᠢᠯᠠᠭᠰᠠᠳ᠎ᠤᠨ ᠪᠤᠴᠠᠬᠤ ᠣᠷᠭᠢᠯ ᠴᠠᠭ ᠪᠣᠯᠵᠣ ᠪᠠᠢᠨ᠎ᠠ᠂ ᠣᠯᠠᠨ ᠨᠡᠢᠲᠡ᠎ᠪᠡᠷ᠎ᠢᠶᠡᠨ ᠴᠠᠭ ᠠᠭᠤᠷ᠎ᠢ ᠨᠢᠭ᠍ᠲᠠ ᠠᠩᠬᠠᠷᠴᠤ᠌᠂ ᠲᠥᠯᠥᠪᠵᠢᠭᠦᠯᠭᠡ᠎ᠪᠡᠨ ᠤᠷᠢᠳᠴᠢᠯᠠᠨ ᠰᠠᠢᠲᠤᠷ ᠬᠢᠬᠦ᠌ ᠬᠡᠷᠡᠭ᠌ᠲᠡᠶ᠂ ᠵᠠᠮ ᠬᠠᠷᠢᠯᠴᠠᠭ᠎ᠠ᠂ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠵᠠᠮ᠎ᠤᠨ ᠪᠠᠢᠳᠠᠯ᠎ᠢ ᠬᠢᠨᠠᠨ ᠬᠡᠮᠵᠢᠬᠦ᠌ ᠪᠠ ᠬᠥᠲᠥᠯᠥᠨ ᠵᠢᠯᠣᠭᠣᠳᠭᠤ᠎ᠪᠠᠨ ᠴᠢᠩᠭᠠᠳᠭᠠᠵᠤ᠂ ᠠᠮᠤᠷ ᠲᠦᠪᠱᠢᠨ᠎ᠢᠶᠡᠷ ᠮᠠᠰᠢᠨ ᠲᠡᠷᠭᠡ ᠵᠢᠯᠣᠭᠣᠳᠭᠤ ᠪᠠ ᠦᠶᠡᠷ ᠤᠰᠤ᠎ᠵᠢ ᠬᠡᠨᠡᠨ ᠲᠤᠭᠤᠯᠬᠤ ᠦᠬᠡᠢ ᠪᠠᠢᠬᠤ ᠵᠢ ᠰᠠᠨᠠᠭᠤᠯᠤᠨ᠂ ᠲᠦᠷᠭᠡᠨ᠎ᠤ ᠵᠠᠰᠠᠮᠠᠯ ᠵᠠᠮ᠂ ᠲᠡᠮᠦᠷ ᠵᠠᠮ ᠵᠡᠷᠭᠡ ᠵᠠᠮ ᠬᠠᠷᠢᠯᠴᠠᠭᠠᠨ᠎ᠤ ᠭᠤᠤᠯ ᠱᠤᠭᠤᠮ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠰᠠᠢᠲᠤᠷ ᠬᠢᠬᠦ᠌ ᠬᠡᠷᠡᠭ᠌ᠲᠡᠶ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号