— 2025 ᠤᠨ᠎ᠤ ᠢᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠢ ᠲᠡᠮᠳᠡᠭᠯᠡᠪᠡ
9 ᠰᠠᠷ᠎ᠠ ᠵᠢᠨ 26 ᠤ᠋ ᠡᠳᠦᠷ ᠪᠤᠯᠳᠠᠯ᠎ᠠ 2025 ᠤᠨ᠎ᠤ ᠢᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠨᠢᠭᠡᠨᠳᠡ ᠵᠢᠷᠭᠤᠳᠤᠭᠠᠷ ᠡᠭᠡᠯᠵᠢ᠎ᠶᠢᠨ ᠤᠷᠤᠯᠳᠤᠭᠠᠨᠶ᠋ᠢᠡᠨ ᠶᠠᠪᠤᠭᠳᠠᠭᠤᠯᠪᠠ᠃ 2025 ᠤᠨ᠎ᠤ ᠢᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠲᠦᠷᠦᠭᠦᠦ ᠲᠠᠪᠤᠨ ᠡᠭᠡᠯᠵᠢ᠎ᠶ᠋ᠢᠨ ᠤᠷᠤᠯᠳᠤᠭᠠᠨ᠎ᠤ ᠲᠤᠬᠠᠶ᠎ᠶ᠋ᠢᠨ ᠲᠠᠯᠠᠪᠤᠷ᠎ᠤᠨ ᠦᠵᠡᠭ᠌ᠴᠢᠳ᠎ᠤᠨ ᠲᠤᠭ᠎ᠠ 30 ᠭᠠᠷᠤᠢ ᠲᠦᠮᠡᠨ ᠬᠥᠮᠦᠨ ᠤᠳᠠᠭ᠎ᠠ᠎ᠳᠤ ᠬᠦᠷᠴᠦ᠍᠂ ᠪᠥᠬᠥ᠌ ᠰᠦᠯᠵᠢᠶᠡᠨ᠎ᠦ ᠬᠠᠢᠯᠲᠠ᠎ᠶ᠋ᠢᠨ ᠬᠡᠮᠵᠢᠶ᠎ᠡ 2 ᠳ᠋ᠦᠩᠱᠢᠭᠤᠷ + ᠤᠳᠠᠭ᠎ᠠ ᠬᠦᠷᠴᠠᠢ᠃ ᠲᠤᠰ ᠤᠷᠤᠯᠳᠤᠭᠠᠨ ᠨᠢ ᠵᠦᠪᠭᠡᠨ ᠲᠠᠮᠢᠷᠴᠢᠳ᠎ᠤᠨ ᠬᠢᠷᠢ ᠲᠦᠪᠰᠢᠨ᠎ᠢ ᠰᠢᠯᠭᠠᠬᠤ ᠲᠡᠳᠦᠢ ᠪᠢᠰᠢ᠂ ᠨᠡᠨᠭ᠌ᠴᠦ ᠪᠦᠬᠦ ᠤᠷᠤᠨ᠎ᠤ ᠡᠯ᠎ᠡ ᠠᠢᠮᠠᠭ ᠬᠤᠲᠠ᠎ᠶᠢᠨ ᠬᠤᠭᠤᠷᠤᠨᠳᠦᠬᠢ ᠨᠦᠭᠦᠷᠰᠡᠭ ᠬᠠᠷᠢᠯᠴᠠᠭ᠎ᠠ ᠰᠤᠯᠢᠯᠴᠠᠭ᠎ᠠ᠂ ᠪᠡᠶ᠎ᠡ᠎ᠶᠢᠨ ᠲᠠᠮᠢᠷ᠎ᠤᠨ ᠦᠢᠯᠡᠰ᠎ᠤᠨ ᠬᠦᠭᠵᠢᠯᠲᠡ ᠲᠠᠪᠰᠢᠯᠲᠠ᠂ ᠦᠨᠳᠦᠰᠦᠲᠡᠨ᠎ᠤ ᠪᠦᠯᠭᠦᠮᠳᠡᠯ᠂ ᠰᠤᠶᠤᠯ ᠵᠢᠭᠤᠯᠴᠢᠯᠠᠯ᠎ᠤᠨ ᠠᠭᠤᠰᠤᠯᠴᠠᠯ ᠬᠦᠭᠵᠢᠯᠲᠡ᠎ᠵᠢ ᠪᠢᠴᠢᠭᠯᠡᠭᠰᠡᠨ ᠰᠢᠨ᠎ᠡ ᠬᠠᠭᠤᠳᠠᠰᠦ ᠪᠤᠯᠪᠠ᠃
ᠦᠨᠳᠦᠰᠦᠲᠡᠨ᠎ᠤ ᠪᠦᠯᠬᠦᠮᠳᠡᠯ᠎ᠢ ᠵᠢᠷᠤᠭᠯᠠᠭᠰᠠᠨ ᠦᠪᠡᠳᠡᠭᠰᠢ ᠤᠷᠤᠯᠳᠤᠭᠠᠨ
2025 ᠤᠨ᠎ᠤ ᠢᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠠᠬᠤᠢ ᠲᠠᠯᠠᠪᠠᠢ ᠨᠢ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠴᠢᠶᠠᠯᠠᠪᠤᠷᠢ ᠪᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠮᠢᠳᠤᠯᠢᠭ ᠲᠠᠪᠴᠠᠩ ᠪᠣᠯᠤᠭ᠍ᠰᠠᠨ ᠪᠠᠢᠨ᠎ᠠ᠃ ᠤᠷᠤᠯᠳᠤᠭᠠᠨ᠎ᠳᠤ ᠣᠷᠣᠯᠴᠠᠭᠰᠠᠨ ᠲᠥᠯᠥᠭᠡᠯᠡᠭ᠌ᠴᠢᠳ᠎ᠦᠨ ᠠᠩᠭᠢ ᠪᠦᠬᠦᠨ᠎ᠳᠦ ᠨᠠᠭᠠᠳᠤ ᠵᠠᠬ᠎ᠠ᠎ᠳᠠᠭᠠᠨ ᠭᠤᠷᠪᠠᠨ ᠦᠨᠳᠦᠰᠦᠲᠡᠨ᠎ᠦ ᠪᠥᠮᠪᠥᠭᠡᠴᠢᠨ ᠪᠣᠶ ᠁
ᠣᠢᠷ᠎ᠠ᠎ᠶ᠋ᠢᠨ ᠵᠢᠯ᠎ᠳᠦ ᠮᠠᠨ᠎ᠤ ᠤᠷᠤᠨᠬᠥᠯ ᠪᠥᠮᠪᠥᠭᠡ᠎ᠶ᠋ᠢᠨ ᠬᠥᠭ᠌ᠵᠢᠯᠲᠡ᠎ᠶ᠋ᠢᠨ ᠪᠦᠷᠢᠨ ᠲᠡᠭᠦᠯᠳᠡᠷ ᠱᠢᠰᠲ᠋ᠧᠮ᠎ᠢ ᠪᠠᠢᠭᠤᠯᠵᠤ᠂ ᠣᠯᠠᠨ ᠬᠤᠪᠢ ᠴᠢᠬᠤᠯᠠ ᠪᠢᠴᠢᠭ ᠮᠠᠲ᠋ᠧᠷᠢᠶᠠᠯ ᠨᠡᠢᠲᠡᠯᠡᠪᠡ᠃ ᠪᠥᠬᠥ᠌ ᠣᠷᠣᠨ᠎ᠳᠤ ᠡᠯ᠎ᠡ ᠲᠥᠷᠥᠯ᠎ᠦᠨ ᠬᠥᠯ ᠪᠥᠮᠪᠥᠭᠡ᠎ᠶ᠋ᠢᠨ ᠲᠠᠯᠠᠪᠤᠷ᠎ᠢ 3539 ᠪᠠᠢᠭᠤᠯᠵᠤ᠂ ᠳᠠᠰᠭᠠᠯᠵᠢᠭᠤᠯᠤᠭ᠍ᠴᠢ 11199᠂ ᠬᠢᠨᠠᠭ᠍ᠴᠢ 4618 ᠪᠣᠯᠤᠨ ᠨᠡᠮᠡᠭ᠌ᠳᠡᠵᠦ᠍᠂ ᠳᠠᠩᠰᠠᠯᠠᠭᠤᠯᠤᠭ᠍ᠰᠠᠨ ᠪᠥᠮᠪᠥᠭᠡᠴᠢᠨ ᠨᠡᠢᠲᠡ 11026 ᠪᠣᠯᠪᠠ᠃ ᠬᠥᠯ ᠪᠥᠮᠪᠥᠭᠡ ᠨᠢ ᠶᠠᠭ ᠤᠮᠠᠷᠠᠲᠤ ᠬᠢᠯᠢ᠎ᠶ᠋ᠢᠨ ᠰᠣᠶᠣᠯ᠎ᠤᠨ ᠠᠮᠢᠳᠤᠯᠢᠭ ᠵᠢᠷᠤᠭ᠍ᠯᠠᠯ ᠪᠣᠯᠵᠣ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠤ ᠬᠠᠮᠲᠤ᠎ᠪᠠᠷ ᠲᠡᠮᠡᠴᠡᠬᠦ᠌ ᠳᠤᠮᠳᠠ ᠣᠢᠯᠠᠭᠠᠯᠴᠠᠭ᠎ᠠ᠎ᠪᠠᠨ ᠨᠡᠮᠡᠭ᠌ᠳᠡᠭᠦᠯᠵᠦ᠍᠂ ᠬᠠᠷᠢᠯᠴᠠᠨ ᠬᠦᠨᠳᠦᠳᠭᠡᠬᠦ᠌ ᠳᠤᠮᠳᠠ ᠨᠥᠬᠥᠷᠯᠡᠯ᠎ᠢᠶᠡᠨ ᠭᠦᠨᠵᠡᠭᠡᠢᠷᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ ᠮᠡᠲᠦ ᠳᠣᠲᠣᠨᠣ》 ᠪᠠᠢᠬᠤ ᠭᠦᠨᠵᠡᠭᠡᠶ ᠠᠭᠤᠯᠤᠭ᠍ᠳᠠᠬᠤᠨ᠎ᠢ ᠲᠠᠢᠯᠪᠤᠷᠢᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠲᠠᠯ᠎ᠠ ᠨᠤᠲᠤᠭ᠎ᠲᠤ ᠨᠠᠩ ᠥᠩᠭᠡ ᠢᠯᠭᠠᠷᠠᠮ᠎ᠠ ᠳᠡᠯᠭᠡᠷᠡᠭᠦᠯᠪᠡ᠃

《ᠤᠷᠤᠯᠳᠤᠭᠠᠨ᠎ᠤ ᠲᠠᠯᠠᠪᠠᠢ᠎ᠳᠦ ᠬᠠᠷᠢᠯᠴᠠᠨ ᠦᠷᠢᠰᠦᠯᠳᠦᠵᠦ᠂ ᠤᠷᠤᠯᠳᠤᠭᠠᠨ᠎ᠤ ᠳᠠᠷᠠᠭ᠎ᠠ ᠠᠬ᠎ᠠ ᠳᠡᠭᠦᠦ ᠮᠡᠲᠦ ᠳᠣᠲᠣᠨᠣ》 ᠪᠠᠢᠬᠤ ᠪᠣᠯ ᠥᠪᠥᠷ ᠮᠣᠩᠭᠣᠯ᠎ᠤᠨ ᠬᠦᠯ ᠪᠥᠮᠪᠥᠭᠡ᠎ᠶ᠋ᠢᠨ ᠬᠠᠮᠤᠭ᠎ᠤᠨ ᠰᠡᠳᠭᠢᠯ ᠬᠥᠳᠡᠯᠭᠡᠮ᠎ᠡ ᠦᠯᠢᠭᠡᠷ ᠮᠦᠨ᠃
ᠤᠯᠠᠭᠠᠨᠬᠠᠳᠠ᠎ᠶ᠋ᠢᠨ ᠠᠩᠭᠢ ᠪᠣᠯᠤᠨ ᠲᠦᠩᠯᠢᠶᠣᠤ᠎ᠶ᠋ᠢᠨ ᠠᠩᠭᠢ᠎ᠶ᠋ᠢᠨ ᠪᠥᠮᠪᠥᠭᠡᠴᠢᠨ ᠤᠷᠤᠯᠳᠤᠭᠠᠨ᠎ᠠᠴᠠ ᠡᠮᠦᠨ᠎ᠡ ᠣᠨᠴᠠ ᠭᠠᠷᠤᠯᠲᠠ᠎ᠪᠠᠨ ᠬᠠᠷᠢᠯᠴᠠᠨ ᠪᠡᠯᠡᠭ ᠪᠤᠯᠭᠠᠨ ᠬᠦᠷᠭᠡᠪᠡ; ᠤᠷᠤᠯᠳᠤᠭᠠᠨ᠎ᠤ ᠲᠠᠯᠠᠪᠠᠢ᠎ᠳᠦ ᠪᠠᠶᠠᠨᠨᠠᠭᠤᠷ᠎ᠤᠨ ᠠᠨᠭᠭᠢ᠎ᠶᠢᠨ ᠲᠠᠮᠢᠷᠴᠢᠨ ᠦᠷᠢᠰᠦᠯᠳᠦᠭᠴᠢ ᠡᠳᠡᠭᠡᠳ᠎ᠤᠨ ᠵᠢᠡᠨ ᠤᠢᠴᠢᠭᠰᠠᠨ ᠲᠠᠮᠢᠷᠴᠢᠨ᠎ᠢ ᠬᠠᠯᠠᠭᠤᠮᠰᠤᠭ ᠵᠢᠡᠷ ᠡᠷᠭᠦᠨ ᠪᠤᠰᠬᠠᠪᠠ; ᠡᠯ᠎ᠡ ᠦᠨᠳᠦᠰᠦᠲᠡᠨ᠎ᠦ ᠦᠵᠡᠭ᠌ᠴᠢᠳ ᠬᠢᠲᠠᠳ ᠬᠡᠯᠡ ᠂ ᠮᠣᠩᠭᠣᠯ ᠬᠡᠯᠡ᠎ᠪᠡᠷ 《ᠴᠢᠷᠮᠠᠶ》 ᠭᠡᠵᠦ᠍ ᠬᠠᠮᠲᠤ᠎ᠪᠠᠷ ᠬᠠᠰᠭᠢᠷᠴᠤ᠌᠂ ᠲᠠᠮᠢᠷᠴᠢᠳ᠎ᠲᠤ ᠤᠷᠮ᠎ᠠ ᠬᠠᠢᠷᠠᠯᠠᠨ᠎ᠠ ᠁
ᠤᠯᠠᠨ ᠲᠦᠮᠡᠨ᠎ᠤ ᠳᠤᠮᠲᠠ ᠬᠦᠨᠵᠡᠭᠡᠢᠷᠡᠭᠰᠡᠨ ᠤᠷᠤᠯᠳᠤᠭᠠᠨ
ᠪᠡᠶ᠎ᠡ᠎ᠶ᠋ᠢᠨ ᠲᠠᠮᠢᠷ ᠪᠣᠯ ᠤᠯᠠᠨ ᠲᠦᠮᠡᠨ᠎ᠡᠴᠡ ᠢᠷᠡᠳᠡᠭ᠃ 2025 ᠤᠨ᠎ᠤ ᠢᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠤ ᠬᠥᠯ ᠪᠥᠮᠪᠥᠭᠡ᠎ᠶ᠋ᠢᠨ ᠲᠠᠮᠢᠷᠴᠢᠳ ᠨᠢ ᠡᠯ᠎ᠡ ᠭᠠᠵᠠᠷ᠎ᠤᠨ ᠠᠵᠢᠯ᠎ᠤᠨ ᠴᠢᠯᠥᠭᠡᠨ᠎ᠦ ᠬᠥᠯ ᠪᠥᠮᠪᠥᠭᠡ᠎ᠶᠢᠨ ᠪᠠᠬᠠᠲᠠᠳ ᠡᠴᠡ ᠢᠷᠡᠯ ᠲᠠᠢ᠃ ᠲᠡᠷᠡ ᠨᠢ ᠠᠵᠢᠯᠴᠢᠨ᠂ ᠰᠤᠷᠤᠬ᠍ᠴᠢ᠂ ᠮᠠᠯᠵᠢᠬᠤ ᠣᠷᠣᠨ᠎ᠤ ᠵᠠᠯᠠᠭᠤᠴᠤᠳ ᠵᠡᠷᠭᠡ ᠵᠢ ᠪᠠᠭᠲᠠᠭᠠᠵᠠᠢ᠃ ᠲᠤᠬᠠᠢᠯᠠᠪᠡᠯ᠂ ᠱᠢᠯᠢ᠎ᠶ᠋ᠢᠨ ᠭᠣᠣᠯ᠎ᠤᠨ ᠬᠥᠪᠡᠭᠡᠲᠦ ᠱᠢᠷ᠎ᠠ ᠬᠣᠱᠢᠭᠤᠨ᠎ᠤ ᠵᠠᠯᠠᠭᠤᠴᠤᠳ᠎ᠤᠨ ᠬᠥᠯ ᠪᠥᠮᠪᠥᠭᠡᠨ ᠠᠩᠭᠢ᠎ᠵᠢᠨ ᠬᠢᠨ ᠡᠯ᠎ᠡ ᠬᠣᠱᠢᠭᠤ ᠱᠢᠶᠠᠨ᠎ᠤ ᠮᠠᠯᠴᠢᠨ᠂ ᠰᠤᠷᠤᠭ᠍ᠴᠢ᠂ ᠪᠠᠭ᠍ᠰᠢ ᠵᠡᠷᠭᠡ ᠡᠯ᠎ᠡ ᠡᠲᠡᠭᠡᠳ᠎ᠦᠨ ᠬᠥᠯ ᠪᠥᠮᠪᠥᠭᠡ᠎ᠶᠢᠨ ᠪᠠᠬᠠᠲᠠᠳᠶ᠋ᠢᠡᠷ ᠪᠦᠷᠢᠯᠳᠤᠵᠠᠢ᠃ ᠪᠤᠭᠤᠲᠤ᠎ᠶ᠋ᠢᠨ ᠠᠨᠭᠭᠢ᠎ᠶᠢᠨ 40 ᠲᠠᠮᠢᠷᠴᠢᠨ᠎ᠨᠢ ᠴᠥᠮ ᠲᠣᠰ ᠭᠠᠵᠠᠷ᠎ᠤᠨ ᠡᠯ᠎ᠡ ᠬᠥᠯ ᠪᠥᠮᠪᠥᠭᠡ᠎ᠶ᠋ᠢᠨ ᠺᠯᠦᠪ᠎ᠡᠴᠡ ᠢᠷᠡᠵᠦ᠍᠂ ᠪᠤᠭᠤᠲᠤ᠎ᠶ᠋ᠢᠨ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠎ᠢᠶᠠᠷ ᠳᠡᠮᠵᠢᠨ ᠱᠢᠯᠭᠠᠷᠠᠭᠤᠯᠤᠨ ᠭᠠᠷᠭᠠᠭᠰᠠᠨ ᠪᠠᠢᠨ᠎ᠠ᠃
ᠪᠠᠶᠠᠨᠨᠠᠭᠤᠷ᠎ᠤᠨ ᠠᠩᠭᠢ᠎ᠶ᠋ᠢᠨ ᠭᠣᠣᠯ ᠳᠠᠰᠭᠠᠯᠵᠢᠭᠤᠯᠤᠭ᠍ᠴᠢ ᠵᠤᠤ ᠺᠠᠢ ᠪᠤᠯ ᠡᠩ᠎ᠦᠨ ᠦᠶ᠎ᠡ ᠳ᠋ᠡᠭᠡᠨ ᠨᠢᠭᠡᠨ ᠠᠵᠢᠯᠴᠢᠨ ᠪᠤᠯᠤᠨ᠎ᠠ᠃ ᠪᠠᠶᠠᠨᠨᠠᠭᠤᠷ᠎ᠤᠨ ᠠᠩᠭᠢ᠎ᠶ᠋ᠢᠨ ᠭᠡᠱᠢᠭᠦᠳ᠎ᠦᠨ ᠳᠣᠲᠣᠷ᠎ᠠ ᠮᠠᠯᠵᠢᠬᠤ ᠣᠷᠣᠨ᠎ᠠᠴᠠ ᠢᠷᠡᠭ᠌ᠰᠡᠨ ᠵᠠᠯᠠᠭᠤᠴᠤᠳ ᠪᠤᠢ᠂ ᠪᠠᠰᠠ ᠶᠡᠬᠡ ᠰᠤᠷᠭᠠᠭᠤᠯᠢ᠎ᠶ᠋ᠢᠨ ᠣᠶᠤᠲᠠᠨ ᠪᠠ ᠬᠥᠯᠥᠰᠥᠨ ᠠᠵᠢᠯᠴᠢᠨᠴᠦ ᠪᠤᠢ᠃ ᠵᠤᠤ ᠺᠠᠢ᠄ 《ᠮᠠᠨ᠎ᠤ ᠠᠩᠭᠢ᠎ᠶ᠋ᠢᠨ ᠭᠡᠱᠢᠭᠦᠳ᠎ᠢ ᠡᠯ᠎ᠡ ᠠᠵᠢᠯ ᠲᠦᠷᠦᠯ ᠡᠴᠡ ᠰᠢᠯᠭᠠᠷᠠᠭᠤᠯᠤᠨ ᠰᠤᠨᠭᠭᠤᠭᠰᠠᠨ ᠨᠢ ᠬᠥᠯ ᠪᠥᠮᠪᠥᠭᠡ᠎ᠶ᠋ᠢᠨ ᠪᠠᠬᠠᠲᠠᠳ᠎ᠲᠤ ᠦᠪᠡᠷ᠎ᠤᠨ ᠤᠷ᠎ᠠ ᠴᠢᠳᠠᠪᠤᠷᠢ ᠪᠠᠨ ᠢᠯᠡᠷᠡᠬᠦᠯᠬᠦ ᠪᠠ ᠬᠠᠷᠢᠯᠴᠠᠠ ᠰᠤᠷᠤᠯᠴᠠᠬᠤ ᠲᠠᠪᠴᠠᠨᠭ᠌ ᠬᠠᠨᠭᠭᠠᠨ ᠦᠭᠭᠦ᠎ᠶᠢᠨ ᠲᠦᠯᠦᠭᠡ ᠶᠤᠮ》 ᠭᠡᠵᠦ ᠶᠠᠷᠢᠵᠦ ᠪᠠᠢᠯ᠎ᠠ᠃
ᠤᠯᠠᠭᠠᠨᠬᠠᠳᠠ ᠵᠢᠨ ᠠᠩᠭᠢ᠎ᠶ᠋ᠢᠨ ᠭᠣᠣᠯ ᠪᠦᠷᠢᠯᠳᠤᠬᠦᠨ ᠪᠣᠯ ᠰᠤᠷᠭᠠᠭᠤᠯᠢ᠎ᠶ᠋ᠢᠨ ᠣᠶᠤᠲᠠᠨ ᠪᠣᠯᠤᠨ ᠰᠠᠶᠢᠬᠠᠨ ᠲᠡᠭᠦᠰᠦᠭ᠌ᠰᠡᠨ ᠵᠠᠯᠠᠭᠤ ᠲᠠᠮᠢᠷ᠎ᠤᠨ ᠪᠠᠭ᠍ᠰᠢ ᠪᠣᠯᠤᠨ᠎ᠠ᠃ ᠲᠡᠳᠡ ᠴᠤᠭ ᠵᠢᠪᠬᠤᠭ᠎ᠠ ᠲᠡᠭᠦᠯᠳᠡᠷ᠂ ᠤᠷᠤᠯᠳᠤᠭᠠᠨ᠎ᠤ ᠪᠣᠯᠪᠠᠰᠤᠷᠠᠯ ᠰᠤᠷᠢᠯᠳᠠ ᠪᠡᠷ ᠥᠨᠳᠥᠷ ᠪᠠᠢᠳᠠᠭ᠃ ᠤᠯᠠᠭᠠᠨᠬᠠᠳᠠ᠎ᠶ᠋ᠢᠨ ᠠᠩᠭᠢ᠎ᠶ᠋ᠢᠨ ᠳᠣᠲᠣᠷ᠎ᠠ ᠪᠠᠰᠠ ᠥᠪᠥᠷ ᠮᠣᠩᠭᠣᠯ᠎ᠤᠨ ᠴᠡᠷᠢᠭ᠎ᠦᠨ ᠠᠯᠪᠠᠨ᠎ᠠᠴᠠ ᠪᠠᠭᠤᠭ᠍ᠰᠠᠨ ᠬᠣᠶᠠᠷ ᠪᠥᠮᠪᠥᠭᠡᠴᠢᠨ ᠪᠤᠢ᠃
ᠦᠵᠡᠭᠴᠢᠳ᠎ᠤᠨ ᠠᠨᠭᠬᠠᠷᠤᠯ᠎ᠳᠦ ᠬᠦᠷᠦᠭᠰᠡᠨ ᠤᠷᠤᠯᠳᠤᠭᠠᠨ᠎ᠤ ᠬᠤᠷᠤᠮ
ᠲᠤᠰ ᠬᠤᠭᠤᠴᠠᠭᠠᠨ᠎ᠤ ᠬᠣᠯᠪᠣᠭᠠᠲᠤ ᠤᠷᠤᠯᠳᠤᠭᠠᠨ ᠨᠢ 《ᠤᠷᠤᠨ ᠲᠤᠭᠤᠷᠢᠭ ᠬᠤᠪᠢᠶᠠᠨ ᠤᠷᠤᠯᠳᠤᠬᠤ + ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠶᠡᠷᠦᠩᠬᠡᠶ ᠱᠢᠶ᠋ᠳᠪᠦᠷᠢᠲᠦ ᠤᠷᠤᠯᠳᠤᠭᠠᠨ》 ᠭᠡᠬᠦ᠌ ᠬᠣᠶᠠᠷ ᠱᠠᠲᠤᠨ᠎ᠤ ᠤᠷᠤᠯᠳᠤᠭᠠᠨ᠎ᠤ ᠵᠠᠭ᠍ᠪᠤᠷ᠎ᠢ ᠬᠡᠷᠡᠭ᠌ᠯᠡᠵᠦ᠍᠂ ᠨᠡᠢᠲᠡ 11 ᠡᠭᠡᠯᠵᠢ᠎ᠶ᠋ᠢᠨ 52 ᠲᠠᠯᠠᠪᠤᠷ ᠤᠷᠤᠯᠳᠤᠭᠠᠨ ᠶᠠᠪᠤᠭᠳᠠᠭᠤᠯᠤᠨ᠎ᠠ᠃ ᠬᠤᠪᠢᠶᠠᠷᠢ ᠲᠣᠭᠣᠷᠢᠭ᠎ᠤᠨ ᠤᠷᠤᠯᠳᠤᠭᠠᠨ ᠨᠢ 8 ᠰᠠᠷ᠎ᠠ᠎ᠶ᠋ᠢᠨ 23 ᠤ᠋ ᠡᠳᠦᠷ᠎ᠡᠴᠡ 9 ᠰᠠᠷ᠎ᠠ᠎ᠶ᠋ᠢᠨ 27 ᠤ᠋ ᠡᠳᠦᠷ ᠪᠣᠯᠲᠠᠯ᠎ᠠ ᠡᠯ᠎ᠡ ᠠᠢᠮᠠᠭ ᠬᠣᠲᠠ᠎ᠶ᠋ᠢᠨ ᠡᠵᠡᠨ ᠲᠠᠯᠠᠪᠤᠷ᠎ᠲᠤ ᠶᠠᠪᠤᠭ᠍ᠳᠠᠪᠠ᠃ ᠡᠨᠡ ᠬᠦ᠌ ᠱᠠᠲᠤᠨ᠎ᠳᠤ 12 ᠠᠩᠭᠢ ᠵᠢᠨ ᠬᠢᠨ 3 ᠳᠤᠭᠤᠢᠯᠠᠩ ᠪᠣᠯᠤᠨ ᠬᠤᠪᠢᠶᠠᠭ᠍ᠳᠠᠵᠤ᠂ ᠬᠤᠷᠴᠠ ᠱᠢᠷᠦᠭᠦᠨ ᠥᠷᠢᠰᠥᠯᠳᠦᠭᠡᠨ ᠶᠠᠪᠤᠭᠤᠯᠵᠤ᠂ ᠡᠯ᠎ᠡ ᠠᠩᠭᠢ ᠨᠢ ᠴᠥᠮ ᠳᠤᠭᠤᠢᠯᠠᠩ᠎ᠤᠨ ᠰᠢᠯᠢᠳᠡᠭ ᠬᠢᠷᠢ ᠪᠦᠲᠦᠮᠵᠢ ᠤᠯᠬᠤ᠎ᠶᠢᠨ ᠲᠥᠯᠥᠭᠡ ᠪᠦᠬᠦ᠌ ᠬᠦᠴᠦᠨ᠎ᠢᠶᠡᠷ᠎ᠢᠶᠡᠨ ᠴᠢᠷᠮᠠᠢᠨ᠎ᠠ᠃
ᠡᠭᠦᠨ᠎ᠳᠦ A ᠳᠤᠭᠤᠢᠯᠠᠩ᠎ᠤᠨ ᠥᠷᠢᠰᠥᠯᠳᠦᠭᠡᠨ ᠨᠢ ᠬᠠᠮᠤᠭ᠎ᠤᠨ ᠬᠤᠷᠴᠠ ᠱᠢᠷᠦᠭᠦᠨ ᠪᠠᠢᠵᠤ᠂ ᠤᠯᠠᠭᠠᠨᠬᠠᠳᠠ᠎ᠶ᠋ᠢᠨ ᠠᠩᠭᠢ᠂ ᠲᠦᠩᠯᠢᠶᠣᠤ᠎ᠶ᠋ᠢᠨ ᠠᠩᠭᠢ᠂ ᠪᠤᠭᠤᠲᠤ᠎ᠶ᠋ᠢᠨ ᠠᠩᠭᠢ ᠵᠡᠷᠭᠡ ᠭᠤᠷᠪᠠᠨ ᠠᠩᠭᠢ᠎ᠶ᠋ᠢᠨ ᠪᠣᠳᠠᠲᠤ ᠬᠦᠴᠦᠨ ᠨᠢ ᠠᠳᠠᠯᠢᠪᠲᠤᠷ ᠪᠠᠢᠵᠤ᠂ ᠴᠥᠮ ᠳᠤᠭᠤᠢᠯᠠᠩ᠎ᠤᠨ ᠨᠢᠭᠡᠳᠦᠭᠡᠷᠢ ᠪᠤᠯᠢᠶᠠᠯᠳᠤᠬᠤ ᠪᠣᠯᠤᠯᠴᠠᠭ᠎ᠠ᠎ᠲᠠᠶ ᠪᠠᠢᠵᠤ᠂ ᠰᠡᠭᠦᠯᠡᠷ ᠨᠢ ᠪᠠᠶᠠᠨᠨᠠᠭᠤᠷ᠎ᠤᠨ ᠠᠩᠭᠢ ᠬᠠᠷᠢᠨ ᠬᠦᠴᠢᠷᠳᠡᠯ᠎ᠳᠦ ᠲᠤᠯᠭᠠᠷᠠᠨ ᠱᠢᠭ᠌ᠰᠢᠭ᠌ᠳᠡᠬᠦ᠌ ᠬᠡᠮᠵᠢᠶᠡᠨ᠎ᠳᠦ ᠬᠦᠷᠴᠡᠶ᠃ 8 ᠰᠠᠷ᠎ᠠ᠎ᠶᠢᠨ 23 ᠤ᠋ ᠡᠳᠦᠷ᠂ ᠲᠦᠩᠯᠢᠶᠣᠤ᠎ᠶ᠋ᠢᠨ ᠠᠩᠭᠢ ᠪᠤᠯᠤᠨ ᠪᠠᠶᠠᠨᠨᠠᠭᠤᠷ᠎ᠤᠨ ᠠᠩᠭᠢ ᠦᠷᠢᠰᠦᠯᠳᠦᠵᠦ᠂ ᠡᠴᠦᠰ᠎ᠲᠡᠭᠡᠨ1᠄ 0᠎ᠤ᠋ᠨ ᠬᠠᠷᠢᠴᠠᠯ ᠵᠢᠡᠷ ᠡᠬᠢᠯᠡᠯᠲᠡ᠎ᠶᠢᠨ ᠤᠷᠤᠯᠳᠤᠭᠠᠨ᠎ᠳᠦ ᠢᠯᠡᠯᠲᠡ ᠤᠯᠪᠠ; 8 ᠰᠠᠷ᠎ᠠ᠎ᠶᠢᠨ 30 ᠤ᠋ ᠡᠳᠦᠷ᠂ ᠲᠦᠩᠯᠢᠶᠣᠤ᠎ᠶ᠋ᠢᠨ ᠠᠩᠭᠢ᠎ᠶᠢᠨ ᠬᠢᠨ ᠲᠦᠩᠯᠢᠶᠣᠤ ᠬᠤᠲᠠ᠎ᠶᠢᠨ ᠤᠯᠢᠮᠫᠢᠺ᠎ᠤᠨ ᠪᠡᠶ᠎ᠡ᠎ᠶᠢᠨ ᠲᠠᠮᠢᠷ᠎ᠤᠨ ᠲᠦᠪᠲᠡᠭᠢ ᠭᠤᠤᠯ ᠲᠠᠯᠠᠪᠡᠢ᠎ᠳᠠᠭᠠᠨ ᠪᠤᠴᠠᠪᠠ᠃ ᠲᠤᠰ ᠤᠷᠤᠢ᠎ᠶᠢᠨ ᠤᠷᠤᠯᠳᠤᠭᠠᠨ᠎ᠤ ᠲᠠᠯᠠᠪᠡᠢ᠎ᠳᠦ ᠲᠦᠮᠡ ᠭᠠᠷᠤᠢ ᠪᠦᠮᠪᠦᠭᠡᠨ ᠪᠠᠬᠠᠲᠠᠳ ᠬᠦᠷᠦᠯᠴᠡᠨ ᠢᠷᠡᠵᠦ᠂ ᠦᠪᠡᠷ ᠤᠨ ᠳᠠᠮᠵᠢᠵᠦ ᠪᠠᠢᠭ᠎ᠠ ᠪᠦᠮᠪᠦᠭᠡᠨ ᠠᠨᠭᠭᠢ᠎ᠳᠠᠭᠠᠨ ᠬᠦᠴᠦᠨ ᠨᠠᠮᠠᠵᠦ᠂ ᠤᠷᠤᠯᠳᠤᠭᠠᠨ᠎ᠤ ᠲᠠᠯᠠᠪᠡᠢ ᠬᠦᠷ ᠬᠦᠭᠵᠢᠶᠡᠨᠶ᠋ᠢᠡᠷ ᠪᠢᠯᠬᠠᠨ᠎ᠠ᠃ ᠡᠴᠦᠰ᠎ᠲᠡᠭᠡᠨ ᠲᠦᠩᠯᠢᠶᠣᠤ᠎ᠶ᠋ᠢᠨ ᠠᠩᠭᠢ 1᠄ 0 ᠤ᠋ᠨ ᠬᠠᠷᠢᠴᠠᠯᠶ᠋ᠢᠡᠷ ᠪᠤᠭᠤᠳᠤ᠎ᠶᠢᠨ ᠠᠨᠭᠭᠢ᠎ᠵᠢ ᠢᠯᠡᠵᠦ᠂ ᠵᠠᠯᠭᠠᠭ᠎ᠠ ᠪᠡᠷ ᠬᠤᠶᠠᠷ ᠤᠳᠠᠭ᠎ᠠ ᠢᠯᠡᠯᠲᠠ ᠤᠯᠪᠠ;ᠭᠤᠷᠪᠠᠳᠤᠭᠠᠷ ᠡᠭᠡᠯᠵᠢᠳᠦ᠂ ᠲᠦᠩᠯᠢᠶᠣᠤ᠎ᠶ᠋ᠢᠨ ᠠᠩᠭᠢ ᠤᠯᠠᠭᠠᠨᠬᠠᠳᠠ᠎ᠶ᠋ᠢᠨ ᠠᠩᠭᠢ ᠲᠠᠢ ᠦᠷᠢᠰᠦᠯᠳᠦᠵᠦ᠂ ᠡᠴᠤᠰ ᠲᠠᠭᠡᠨ 1᠄ 2 ᠤ᠋ᠨ ᠬᠠᠷᠢᠴᠠᠯᠶ᠋ᠢᠡᠷ ᠬᠠᠷᠠᠮᠰᠠᠯᠲᠠᠢ ᠢᠯᠠᠭᠳᠠᠪᠠ᠃
ᠤᠯᠠᠭᠠᠨᠬᠠᠳᠠ᠎ᠶ᠋ᠢᠨ ᠠᠩᠭᠢ ᠬᠣᠯᠪᠣᠭᠠᠲᠤ ᠤᠷᠤᠯᠳᠤᠭᠠᠨ᠎ᠤ ᠡᠬᠢᠨ᠎ᠦ ᠬᠤᠭᠤᠴᠠᠭᠠᠨ᠎ᠳᠤ ᠰᠢᠯᠢᠳᠡᠭ ᠰᠠᠢᠨ ᠢᠯᠡᠷᠡᠯ᠎ᠲᠡᠶ ᠪᠠᠢᠵᠤ᠂ 2 ᠢᠯᠠᠵᠤ 1 ᠲᠡᠩᠴᠡᠵᠦ᠍ 7 ᠬᠤᠪᠢ ᠣᠯᠵᠦ᠂ ᠭᠠᠷᠮᠠᠭᠠᠶ ᠪᠣᠳᠠᠲᠤ ᠬᠦᠴᠦᠨ᠎ᠢᠶᠡᠨ ᠢᠯᠡᠷᠡᠭᠦᠯᠪᠡ᠃ ᠳᠥᠷᠪᠡᠳᠦᠭᠡᠷ ᠡᠭᠡᠯᠵᠢ᠎ᠶ᠋ᠢᠨ ᠭᠣᠣᠯ ᠲᠠᠯᠠᠪᠤᠷᠤᠷᠤᠯᠳᠤᠭᠠᠨ ᠨᠢ ᠪᠤᠭᠤᠲᠤ᠎ᠶ᠋ᠢᠨ ᠠᠩᠭᠢ᠎ᠲᠠᠶ ᠤᠷᠤᠯᠳᠤᠬᠤ ᠵᠠᠩᠭᠢᠯᠠᠭ᠎ᠠ᠎ᠶ᠋ᠢᠨ ᠤᠷᠤᠯᠳᠤᠭᠠᠨ ᠪᠣᠯᠵᠠᠢ᠃ ᠡᠨᠡ ᠤᠳᠠᠭᠠᠨ᠎ᠤ ᠤᠷᠤᠯᠳᠤᠭᠠᠨ᠎ᠨᠢ ᠮᠠᠰᠢ ᠣᠯᠠᠨ ᠪᠥᠮᠪᠥᠭᠡᠨ ᠬᠤᠷᠤᠬᠠᠢ᠌ᠲᠠᠨᠤ ᠠᠩᠬᠠᠷᠤᠯ᠎ᠢ ᠲᠠᠲᠠᠵᠤ᠂ ᠬᠣᠶᠠᠷ ᠲᠠᠯ᠎ᠠ᠎ᠶ᠋ᠢᠨ ᠪᠥᠮᠪᠥᠭᠡᠴᠢᠨ ᠤᠷᠤᠯᠳᠤᠭᠠᠨ᠎ᠤ ᠲᠠᠯᠠᠪᠤᠷ ᠲᠸ᠋ ᠱᠢᠷᠦᠭᠦᠨ ᠲᠡᠮᠡᠴᠡᠯᠳᠦᠵᠡᠢ᠃ ᠤᠯᠠᠭᠠᠨᠬᠠᠳᠠ᠎ᠶ᠋ᠢᠨ ᠠᠩᠭᠢ᠎ᠶ᠋ᠢᠨ ᠪᠥᠮᠪᠥᠭᠡᠴᠢᠨ ᠭᠠᠷᠮᠠᠭᠠᠶ ᠬᠤᠪᠢ ᠬᠥᠮᠦᠨ᠎ᠦ ᠤᠷ᠎ᠠ ᠴᠢᠳᠠᠪᠤᠷᠢ ᠪᠠ ᠪᠦᠯᠬᠦᠮ ᠨᠡᠢᠲᠡ᠎ᠵᠢᠨ ᠬᠠᠮᠵᠢᠯᠴᠠᠭ᠎ᠠ ᠪᠡᠷ ᠪᠤᠭᠤᠲᠤ᠎ᠶ᠋ᠢᠨ ᠠᠩᠭᠢ ᠲᠠᠢ ᠱᠢᠷᠦᠭᠦᠨ ᠦᠷᠢᠰᠦᠯᠳᠦᠵᠦ᠂ ᠡᠴᠦᠰ᠎ᠲᠦ᠂ ᠬᠣᠶᠠᠷ ᠠᠩᠭᠢ ᠭᠠᠷ ᠠᠳᠭᠤᠨ ᠡᠶᠡᠳᠡᠵᠦ᠍᠂ ᠭᠤᠷᠪᠠ ᠤᠳᠠᠭ᠎ᠠ ᠳᠠᠷᠠᠭᠠᠯᠠᠨ ᠲᠡᠨᠭᠴᠡᠪᠠ ᠁
ᠪᠡᠶ᠎ᠡ᠎ᠶᠢᠨ ᠲᠠᠮᠢᠷ ᠠᠵᠦ ᠠᠬᠤᠢᠰᠤᠶᠤᠯᠤᠨ ᠠᠭᠤᠰᠤᠯᠴᠠᠯ᠎ᠢ ᠠᠬᠢᠭᠤᠯᠤᠭᠰᠠᠨ ᠤᠷᠤᠯᠳᠤᠭᠠᠨ
2025᠎ᠤᠨ᠎ᠤ ᠢᠯᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠡᠬᠢᠯᠡᠭ᠌ᠰᠡᠨ᠎ᠡᠴᠡ ᠨᠠᠭᠠᠰᠢ ᠤᠯᠠᠭᠠᠨᠴᠠᠪ᠎ᠤᠨ ᠠᠩᠭᠢ ᠵᠠᠯᠭᠠᠭ᠎ᠠ᠎ᠪᠠᠷ ᠦᠷᠢᠰᠦᠯᠳᠦᠭᠴᠢ ᠡᠳᠡᠭᠡᠳᠶ᠋ᠢᠡᠨ ᠢᠯᠠᠵᠤ᠂ ᠵᠠᠯᠭᠠᠭ᠎ᠠ᠎ᠪᠠᠷ ᠳᠥᠷᠪᠡᠨᠳᠡ ᠢᠯᠠᠭᠰᠠᠨ ᠬᠢᠯᠠᠯᠵᠠᠮ᠎ᠠ ᠠᠮᠵᠢᠯᠲᠠ ᠪᠦᠲᠦᠮᠵᠢ ᠤᠯᠪᠠ᠃ ᠡᠨᠡ ᠬᠦ᠌ ᠡᠩᠨᠡᠭᠡ ᠨᠢ ᠤᠷᠢᠳ ᠬᠣᠵᠢᠳ ᠬᠥᠬᠡᠬᠣᠲᠠ᠂ ᠠᠯᠠᠱᠨ ᠪᠠ ᠦᠬᠠᠢ ᠵᠡᠷᠭᠡ ᠡᠩᠨᠡᠭᠡ᠎ᠶ᠋ᠢ ᠢᠯᠠᠵᠤ᠂ ᠬᠦᠴᠦᠷᠬᠡᠭ ᠶᠡᠬᠡ ᠤᠷᠤᠯᠳᠤᠭᠠᠨ᠎ᠤ ᠪᠣᠳᠠᠲᠤ ᠬᠦᠴᠦᠨ᠎ᠢᠶᠡᠨ ᠢᠯᠡᠷᠡᠭᠦᠯᠪᠡ᠃ ᠤᠷᠤᠯᠳᠤᠭᠠᠨ᠎ᠤ ᠲᠠᠯᠠᠪᠠᠶ᠎ᠳᠠᠬᠢ ᠤᠳᠠᠭ᠎ᠠ ᠪᠦᠷᠢ᠎ᠶ᠋ᠢᠨ ᠲᠡᠮᠡᠴᠡᠯ᠎ᠨᠢ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ ᠬᠡᠷᠡᠯ ᠰᠠᠴᠤᠷᠠᠩᠭᠤᠶ ᠠᠮᠵᠢᠯᠲᠠ᠎ᠶ᠋ᠢ ᠪᠢᠴᠢᠭ᠌ᠯᠡᠵᠦ᠍ ᠪᠠᠢᠬᠤ᠎ᠪᠠᠷ ᠪᠠᠷᠠᠬᠤ ᠥᠬᠡᠶ᠂ ᠨᠠᠩ ᠴᠤ᠌ ᠤᠯᠠᠭᠠᠨᠴᠠᠪ ᠬᠣᠲᠠ᠎ᠶ᠋ᠢᠨ ᠤᠷᠤᠯᠳᠤᠭᠠᠨ᠎ᠤ ᠠᠵᠤ ᠠᠬᠤᠶ᠎ᠶᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠠᠮᠢᠳᠤᠯᠢᠭ ᠦᠶ᠋ᠯᠡᠳᠦᠯᠭᠡ ᠪᠣᠯᠵᠠᠶ᠃
ᠬᠡᠳᠦ ᠲᠡᠰ᠎ᠤᠨ ᠬᠣᠯᠪᠣᠭᠠᠲᠤ ᠤᠷᠤᠯᠳᠤᠭᠠᠨ᠎ᠤ ᠬᠤᠭᠤᠴᠠᠭᠠᠨ᠎ᠳᠤ᠂ ᠤᠷᠤᠯᠳᠤᠭᠠᠨ᠎ᠤ ᠲᠠᠯᠠᠪᠠᠶ ᠨᠢ ᠭᠠᠷᠠᠭ᠎ᠤᠨ ᠰᠡᠭᠦᠯᠴᠢ᠎ᠶ᠋ᠢᠨ ᠵᠢᠭᠤᠯᠴᠢᠯᠠᠯ᠎ᠤᠨ ᠬᠠᠯᠠᠮᠰᠢᠯ ᠭᠠᠵᠠᠷ ᠪᠣᠯᠵᠣ᠂ 《ᠤᠷᠤᠯᠳᠤᠭᠠᠨ᠎ᠢ ᠳᠠᠭᠠᠵᠦ ᠦᠪᠦᠷ ᠮᠤᠨᠭᠭᠤᠯᠢ ᠤᠢᠯᠠᠭᠠᠬᠤ》 ᠦᠷ᠎ᠡ ᠨᠥᠯᠥᠭᠡ᠎ᠶ᠋ᠢ ᠪᠣᠶ ᠪᠣᠯᠭᠠᠪᠠ᠃ ᠵᠣᠴᠢᠳ᠎ᠤᠨ ᠪᠠᠭᠤᠳᠠᠯ᠎ᠤᠨ ᠬᠣᠨᠣᠭ᠍ᠯᠠᠬᠤ ᠨᠣᠷᠮ᠎ᠠ ᠶᠡᠬᠡᠪᠡᠷ ᠳᠡᠭᠡᠭ᠌ᠰᠢᠯᠡᠵᠦ᠍ ᠢᠳᠡᠭᠡᠨ ᠤᠮᠳᠠᠭᠠᠨ᠎ᠤ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠨᠣᠷᠮ᠎ᠠ ᠠᠳᠠᠯᠢ ᠬᠤᠭᠤᠴᠠᠭᠠᠨ᠎ᠤ᠎ᠬᠢ᠎ᠡᠴᠡ ᠢᠯᠡᠳᠲᠡ ᠨᠡᠮᠡᠭ᠌ᠳᠡᠪᠡ᠃ ᠮᠠᠰᠢ ᠣᠯᠠᠨ ᠪᠥᠮᠪᠥᠭᠡᠨ ᠬᠤᠷᠤᠬᠠᠢ᠌ᠲᠠᠨ ᠤᠷᠤᠯᠳᠤᠭᠠᠨ ᠦᠵᠡᠭ᠌ᠰᠡᠨ᠎ᠦ ᠳᠠᠷᠠᠭ᠎ᠠ ᠦᠷᠭᠦᠯᠵᠢᠯᠡᠨ ᠦᠵᠡᠮᠵᠢ᠎ᠶ᠋ᠢᠨ ᠤᠷᠤᠨᠶ᠋ᠢᠡᠷ ᠲᠣᠭᠣᠷᠢᠨ ᠵᠢᠭᠤᠯᠴᠢᠯᠠᠵᠤ᠂ ᠬᠡᠷᠡᠭ᠌ᠯᠡᠭᠡᠨ᠎ᠦ ᠵᠠᠷᠤᠯᠭ᠎ᠠ᠎ᠶ᠋ᠢ ᠨᠡᠮᠡᠭ᠌ᠳᠡᠭᠦᠯᠵᠦ᠍᠂ ᠠᠵᠤ ᠠᠬᠤᠢ᠎ᠶᠢᠨ ᠥᠷᠨᠢᠯᠲᠡ᠎ᠶ᠋ᠢ ᠪᠤᠢ ᠪᠣᠯᠭᠠᠪᠠ᠃ ᠤᠷᠤᠯᠳᠤᠭᠠᠨ ᠪᠠ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ ᠨᠢ 《1 ᠲᠠᠯᠠᠪᠤᠷ ᠤᠷᠤᠯᠳᠤᠭᠠᠨ = 1 ᠤᠳᠠᠭᠠᠨ᠎ᠤ ᠰᠣᠶᠣᠯ᠎ᠤᠨ ᠪᠡᠶᠡᠴᠢ ᠣᠢᠯᠠᠭᠠᠯᠲᠠ + 1 ᠤᠳᠠᠭᠠᠨ᠎ᠤ ᠵᠢᠭᠤᠯᠴᠢᠯᠠᠯ᠎ᠤᠨ ᠬᠡᠷᠡᠭ᠌ᠯᠡᠭᠡ》᠎ᠶ᠋ᠢᠨ ᠱᠢᠨ᠎ᠡ᠎ᠶ᠋ᠢ ᠡᠭᠦᠳᠬᠦ᠌ ᠵᠠᠭ᠍ᠪᠤᠷ᠎ᠢ ᠡᠭᠦᠳᠪᠡ᠃ ᠵᠢᠭᠤᠯᠴᠢᠯᠠᠭᠰᠠᠳ ᠤᠷᠤᠯᠳᠤᠭᠠᠨ᠎ᠤ ᠴᠢᠯᠥᠭᠡ ᠵᠠᠪ᠎ᠢᠶᠠᠷ᠎ᠢᠶᠠᠨ ᠤᠯᠠᠭᠠᠨᠬᠠᠳᠠ᠎ᠶ᠋ᠢᠨ ᠭᠠᠯᠲᠤ ᠠᠭᠤᠯᠠ᠎ᠶ᠋ᠢᠨ ᠲᠠᠯ᠎ᠠ ᠨᠤᠲᠤᠭ᠂ ᠬᠦᠢᠲᠡᠨ ᠱᠢᠯᠢ ᠵᠡᠷᠭᠡ ᠨᠠᠷᠠᠲᠤ ᠦᠵᠡᠮᠵᠢ᠎ᠶ᠋ᠢᠨ ᠣᠷᠣᠨ᠎ᠢᠶᠠᠷ ᠲᠣᠭᠣᠷᠢᠨ ᠦᠵᠡᠵᠦ᠍᠂ ᠲᠠᠯ᠎ᠠ ᠨᠤᠲᠤᠭ᠎ᠤᠨ ᠠᠮᠢᠳᠤᠷᠠᠯ ᠵᠠᠨᠭ᠌ ᠦᠢᠯᠡ᠎ᠵᠢ ᠪᠡᠶᠡᠴᠢᠯᠡᠨ ᠣᠢᠯᠠᠭᠠᠵᠤ᠂ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠬᠡᠷᠡᠭ᠌ᠯᠡᠭᠡ᠎ᠶ᠋ᠢᠨ ᠠᠭᠤᠰᠤᠯᠴᠠᠨ ᠬᠦᠭᠵᠢᠬᠦ᠎ᠵᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠱᠤᠭᠤᠵᠤ ᠪᠦᠬᠦᠢ ᠲᠡᠷᠢᠭᠦᠨ ᠵᠡᠷᠭᠡ᠎ᠶ᠋ᠢᠨ ᠬᠥᠯ ᠪᠥᠮᠪᠥᠭᠡ᠎ᠶ᠋ᠢᠨ ᠤᠷᠤᠯᠳᠤᠭᠠᠨ᠎ᠤ IP ᠪᠣᠯᠤᠭ᠍ᠰᠠᠨ᠎ᠤ ᠬᠤᠪᠢ᠎ᠳᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯ ᠪᠥᠮᠪᠥᠭᠡ᠎ᠶ᠋ᠢᠨ ᠬᠡᠲᠦ ᠲᠡᠰ᠎ᠤᠨ ᠬᠣᠯᠪᠣᠭᠠᠲᠤ ᠤᠷᠤᠯᠳᠤᠭᠠᠨ ᠨᠢ ᠳᠠᠩ ᠭᠠᠭ᠍ᠴᠠ ᠤᠷᠤᠯᠳᠤᠭᠠᠨ᠎ᠤ ᠳᠠᠪᠬᠤᠷᠭ᠎ᠠ᠎ᠠᠴᠠ ᠳᠠᠪᠠᠵᠤ᠂ ᠰᠣᠶᠣᠯ᠎ᠤᠨ ᠢᠯᠡᠳᠭᠡᠮᠵᠢ ᠪᠠ ᠠᠭᠤᠰᠤᠯᠴᠠᠯ᠎ᠤᠨ ᠴᠢᠬᠤᠯᠠ ᠲᠠᠪᠴᠠᠩ ᠪᠣᠯᠤᠭ᠍ᠰᠠᠨ ᠪᠠᠢᠨ᠎ᠠ᠃ ᠬᠥᠱᠢᠭᠡ ᠰᠡᠬᠦᠬᠦ᠌ ᠤᠷᠤᠯᠳᠤᠭᠠᠨ᠎ᠤ ᠥᠪᠡᠷᠮᠢᠴᠡ ᠣᠨᠴᠠᠯᠢᠭ᠎ᠲᠠᠶ ᠭᠣᠣᠯ ᠰᠡᠳᠦᠪᠲᠦ ᠠᠵᠢᠯᠯᠠᠭ᠎ᠠ᠎ᠠᠴᠠ ᠡᠯ᠎ᠡ ᠭᠣᠣᠯ ᠲᠠᠯᠠᠪᠤᠷᠤᠷᠤᠯᠳᠤᠭᠠᠨᠤ ᠤᠷᠤᠯᠳᠤᠭᠠᠨ ᠡᠬᠢᠯᠡᠬᠦ᠌᠎ᠡᠴᠡ ᠡᠮᠦᠨᠡᠬᠢ ᠠᠨᠳᠠᠢ ᠪᠥᠵᠢᠭ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠣᠭ᠍ᠯᠠᠯᠲᠠ ᠬᠦᠷᠲᠡᠯ᠎ᠡ ᠪᠦᠷ ᠦᠪᠦᠷ ᠮᠤᠨᠭᠭᠤᠯ᠎ᠤᠨ ᠠᠷᠠᠳ᠎ᠤᠨ ᠵᠠᠩ ᠦᠢᠯᠡ᠎ᠶ᠋ᠢᠨ ᠰᠣᠶᠣᠯᠪᠠ ᠪᠡᠶ᠎ᠡ᠎ᠶᠢᠨ ᠲᠠᠮᠢᠷ᠎ᠤᠨ ᠠᠭᠤᠰᠤᠯᠴᠠᠯ ᠬᠦᠭᠵᠢᠯ᠎ᠤᠨ ᠠᠮᠢᠳᠤᠯᠢᠭ ᠵᠢᠷᠤᠭᠯᠠᠯ ᠪᠤᠯᠵᠠᠢ᠃ ᠢᠯᠠᠩᠭᠤᠶ᠎ᠠ ᠢᠯᠢ ᠵᠡᠷᠭᠡ ᠨᠡᠷᠡᠲᠦ ᠠᠵᠤ ᠠᠬᠤᠢᠯᠠᠯ ᠯᠤᠭ᠎ᠠ ᠵᠢᠨ ᠬᠣᠯᠪᠣᠭᠠᠯᠠᠯ ᠨᠢ ᠤᠷᠤᠯᠳᠤᠭᠠᠨ᠎ᠤ ᠬᠡᠪ ᠪᠠᠷᠢᠮᠵᠢᠶ᠎ᠠ᠎ᠶ᠋ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠶ ᠂ ᠨᠡᠩ ᠴᠤ᠌ ᠲᠤᠰ ᠭᠠᠵᠠᠷ᠎ᠤᠨ ᠠᠵᠤ ᠠᠬᠤᠢᠯᠠᠯ᠎ᠤᠨ ᠢᠳᠡᠪᠬᠢᠲᠡᠶ ᠣᠷᠣᠯᠴᠠᠭ᠎ᠠ᠎ᠶ᠋ᠢ ᠳᠠᠢᠴᠢᠯᠠᠵᠤ᠂ 《ᠳᠠᠭᠠᠭᠤᠯᠤᠭ᠍ᠴᠢ ᠠᠵᠤ ᠠᠬᠤᠢᠯᠠᠯ + ᠲᠤᠰ ᠭᠠᠵᠠᠷ᠎ᠤᠨ ᠨᠡᠷᠡᠲᠦ ᠲᠦᠷᠦᠯ ᠲᠡᠮᠳᠡᠭ》᠎ᠤ᠋ᠨ ᠬᠠᠮᠲᠤᠷᠠᠨ ᠬᠥᠳᠡᠯᠦᠯᠴᠡᠬᠦ᠌ ᠬᠥᠭ᠌ᠵᠢᠯᠲᠡ᠎ᠶ᠋ᠢᠨ ᠬᠡᠪ ᠵᠠᠭ᠍ᠪᠤᠷ᠎ᠢ ᠪᠤᠶ ᠪᠣᠯᠭᠠᠭ᠍ᠰᠠᠨ ᠪᠠᠢᠨ᠎ᠠ᠃ ᠡᠢᠮᠦᠷᠬᠦᠦ ᠬᠠᠮᠲᠤᠷᠠᠯᠴᠠᠭ᠎ᠠ ᠨᠢ ᠤᠷᠤᠯᠳᠤᠭᠠᠨ᠎ᠳᠤ ᠲᠤᠰᠭᠠᠢ ᠬᠦᠴᠦᠨ ᠨᠡᠮᠡᠷᠢᠯᠡᠬᠦ᠌᠎ᠪᠡᠷ ᠪᠠᠷᠠᠬᠤ ᠦᠭᠡᠢ ᠪᠠᠰᠠ ᠲᠤᠬᠠᠢ᠎ᠶ᠋ᠢᠨ ᠭᠠᠵᠠᠷ᠎ᠤᠨ ᠠᠵᠤ ᠠᠬᠤᠢ᠎ᠶ᠋ᠢᠨ ᠬᠥᠭ᠌ᠵᠢᠯᠲᠡ᠎ᠳᠦ ᠱᠢᠨ᠎ᠡ ᠬᠥᠳᠡᠯᠭᠡᠬᠦ᠌ ᠡᠨᠧᠷᠭᠢ ᠬᠠᠩᠭᠠᠪᠠ᠃ ᠰᠣᠶᠣᠯ᠎ᠤᠨ ᠬᠡᠯᠬᠢᠶ᠎ᠡ᠎ᠶ᠋ᠢᠨ ᠭᠦᠨᠵᠡᠭᠡᠢ ᠠᠭᠤᠰᠤᠯᠴᠠᠯ ᠨᠢ ᠥᠪᠡᠷᠮᠢᠴᠡ ᠣᠨᠴᠠᠯᠢᠭ᠎ᠲᠠᠶ 《ᠲᠠᠯ᠎ᠠ ᠨᠤᠲᠤᠭ᠎ᠤᠨ ᠬᠦᠯ ᠪᠥᠮᠪᠥᠭᠡ᠎ᠶ᠋ᠢᠨ ᠰᠣᠶᠣᠯ》 ᠢ᠋ ᠪᠤᠢ ᠪᠣᠯᠭᠠᠵᠤ ᠂ ᠬᠤᠳᠠ᠎ᠶ᠋ᠢᠨ ᠰᠣᠶᠣᠯ᠎ᠤᠨ ᠵᠥᠭᠡᠯᠡᠨ ᠪᠣᠳᠠᠲᠤ ᠬᠦᠴᠦᠨ᠎ᠢ ᠪᠦᠲᠦᠮᠵᠢᠲᠡᠢ ᠳᠡᠭᠡᠭ᠌ᠰᠢᠯᠡᠭᠦᠯᠵᠦ᠂ ᠤᠯᠠᠮᠵᠢᠯᠠᠯ ᠪᠣᠯᠤᠨ ᠤᠳᠤ ᠦᠶ᠎ᠡ᠂ ᠪᠡᠶ᠎ᠡ᠎ᠶ᠋ᠢᠨ ᠲᠠᠮᠢᠷ ᠪᠣᠯᠤᠨ ᠰᠣᠶᠣᠯ ᠮᠠᠰᠢ ᠰᠠᠢ᠌ᠨ ᠠᠭᠤᠰᠤᠯᠴᠠᠵᠤ᠂ ᠦᠪᠦᠷ ᠮᠤᠨᠭᠭᠤᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠪᠡ᠃