2.5 ᠲᠦᠮᠡᠨ ᠬᠦᠮᠦᠨ᠎ᠤ ᠮᠠᠷᠠᠽᠤᠨ ᠤᠷᠤᠯᠳᠤᠭᠠᠨ ᠶᠠᠪᠤᠭᠳᠠᠪᠠ
2025-10-09 10:28:59
ᠵᠣᠬᠢᠶᠠᠭ᠍ᠴᠢ᠄
ᠬᠤᠩ ᠱᠢᠶᠠ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 21᠎ᠤ᠋ ᠡᠳᠦᠷ᠎ᠦᠨ 7 ᠴᠠᠭ 30 ᠮᠢᠨᠦ᠋ᠲ᠎ᠲᠦ ᠳᠣᠬᠢᠶᠠᠨ᠎ᠤ ᠫᠤᠤ ᠳᠤᠤᠭᠠᠷᠬᠤ᠎ᠶ᠋ᠢ ᠳᠠᠭᠠᠯᠳᠤᠨ ᠮᠸᠩ ᠨᠢᠤ 2025 ᠣᠨ᠎ᠤ ᠬᠥᠬᠡᠬᠣᠲᠠ᠎ᠶ᠋ᠢᠨ ᠮᠠᠷᠠᠽᠤᠨ ᠤᠷᠤᠯᠳᠤᠭᠠᠨ ᠬᠦᠬᠡᠬᠤᠳᠠ ᠵᠢᠨ ᠲᠤᠷᠭᠠᠨ ᠵᠠᠮ᠎ᠤᠨ ᠵᠦᠯᠭᠡᠲᠤ ᠴᠡᠴᠡᠷᠯᠢᠭ ᠡᠴᠡ ᠡᠬᠢᠯᠡᠵᠦ᠍᠂ ᠪᠥᠬᠥ᠌ ᠤᠯᠤᠰ᠎ᠤᠨ ᠡᠯ᠎ᠡ ᠭᠠᠵᠠᠷ᠎ᠠᠴᠠ ᠬᠦᠷᠦᠯᠴᠡᠨ ᠢᠷᠡᠭᠰᠡᠨ 2 . 5 ᠲᠦᠮᠡ ᠭᠠᠷᠤᠶ ᠤᠷᠤᠯᠴᠠᠬᠰᠠᠳ ᠡᠨᠡ ᠬᠦ᠌ ᠪᠠᠶᠠᠷ ᠪᠠᠶᠠᠰᠭᠤᠯᠠᠩᠲᠤ ᠠᠵᠢᠯᠯᠠᠭ᠎ᠠ ᠵᠢ ᠡᠬᠢᠯᠡᠭᠦᠯᠵᠡᠶ᠃

ᠣᠢᠯᠠᠭᠠᠭ᠍ᠰᠠᠨ᠎ᠢᠶᠠᠷ᠂ ᠲᠣᠰ ᠤᠳᠠᠭᠠᠨ᠎ᠤ ᠤᠷᠤᠯᠳᠤᠭᠠᠨ᠎ᠢ ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠍᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂ ᠬᠥᠬᠡᠬᠣᠲᠠ᠎ᠶ᠋ᠢᠨ ᠬᠥᠯ ᠪᠥᠮᠪᠥᠭᠡ ᠬᠢᠭᠡᠳ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠲᠥᠪ᠎ᠡᠴᠡ ᠳᠠᠭᠠᠭᠠᠴᠢᠯᠠᠨ ᠡᠷᠭᠢᠯᠡᠵᠦ᠍᠂ ᠮᠠᠷᠠᠽᠤᠨ ᠤᠷᠤᠯᠳᠤᠭᠠᠨ (42.195 ᠺᠢᠯᠣᠮᠧᠲ᠋ᠷ) ᠂ ᠬᠠᠭᠠᠰ ᠵᠠᠮ᠎ᠤᠨ ᠮᠠᠷᠠᠽᠤᠨ ᠤᠷᠤᠯᠳᠤᠭᠠᠨ (21 . 0975 ᠺᠢᠯᠣᠮᠧᠲ᠋ᠷ) ᠪᠠ ᠪᠠᠶᠠᠰᠤᠯᠲᠤ ᠬᠦᠶᠦᠯᠲᠡ (5 ᠺᠢᠯᠣᠮᠧᠲ᠋ᠷ) ᠵᠡᠷᠭᠡ ᠭᠤᠷᠪᠠᠨ ᠲᠥᠷᠥᠯ ᠵᠦᠶ᠋ᠯ ᠭᠠᠷᠭᠠᠵᠤ᠂ ᠠᠳᠠᠯᠢ ᠪᠤᠰᠤ ᠤᠷᠤᠯᠴᠠᠬᠰᠠᠳ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠭ᠍ᠰᠠᠨ ᠪᠠᠢᠨ᠎ᠠ᠃ ᠡᠭᠦᠨ᠎ᠳᠦ᠂ ᠬᠠᠭᠠᠰ ᠵᠠᠮ᠎ᠤᠨ ᠮᠠᠷᠠᠽᠤᠨ ᠤᠷᠤᠯᠳᠤᠭᠠᠨ᠎ᠤ ᠲᠥᠷᠥᠯ ᠵᠦᠶ᠋ᠯ᠎ᠳᠦ 12000 ᠬᠥᠮᠦᠨ ᠨᠡᠷ᠎ᠡ ᠮᠡᠳᠡᠭᠦᠯᠵᠡᠢ᠃

ᠤᠷᠤᠯᠳᠤᠭᠠᠨ᠎ᠤ ᠵᠠᠮ᠎ᠢ ᠨᠠᠷᠢᠨ ᠨᠢᠮᠪᠠᠶ ᠵᠢᠷᠤᠵᠤ ᠲᠥᠯᠥᠪᠯᠡᠨ᠂ ᠬᠣᠲᠠ᠎ᠶ᠋ᠢᠨ ᠭᠤᠤᠯ ᠵᠠᠮ ᠪᠠ ᠦᠵᠡᠰᠭᠦᠯᠡᠩᠲᠦ ᠰᠠᠢᠬᠠᠨ ᠥᠩᠭᠡ ᠦᠵᠡᠮᠵᠢ᠎ᠶ᠋ᠢ ᠬᠣᠯᠪᠣᠵᠤ᠂ ᠲᠣᠷᠭᠠᠨ ᠵᠠᠮ᠂ ᠶ᠋ᠢᠨ ᠾᠧ ᠵᠡᠭᠡᠯᠢ᠂ ᠥᠨᠢᠷ ᠵᠡᠭᠡᠯᠢ ᠵᠡᠷᠭᠡ᠎ᠶ᠋ᠢ ᠬᠠᠮᠤᠷᠴᠠᠢ᠃ ᠭᠦᠶᠦᠭ᠌ᠴᠢᠳ ᠭᠦᠶᠦᠬᠦ᠌ ᠶᠠᠪᠤᠴᠠ᠎ᠳᠠᠭᠠᠨ ᠬᠥᠬᠡᠬᠣᠲᠠ᠎ᠶ᠋ᠢᠨ ᠣᠳᠣᠬᠢᠴᠢᠯᠠᠭ᠍ᠰᠠᠨ ᠬᠣᠲᠠ᠎ᠶ᠋ᠢᠨ ᠬᠥᠭ᠌ᠵᠢᠶᠡᠨᠲᠦ ᠠᠮᠢᠵᠢᠷᠠᠯ᠎ᠤᠨ ᠬᠦᠴᠦᠨ᠎ᠢ ᠣᠢᠯᠠᠭᠠᠵᠤ᠂ ᠲᠡᠦᠬᠡ ᠰᠣᠶᠣᠯ᠎ᠤᠨ ᠨᠠᠷᠠᠲᠤ ᠬᠣᠲᠠ᠎ᠶ᠋ᠢᠨ ᠭᠦᠨ ᠵᠤᠵᠠᠭᠠᠨ ᠤᠤᠷ ᠲᠤᠨᠳᠠᠰᠤ ᠎ᠶ᠋ᠢ ᠤᠢᠯᠠᠭᠠᠪᠠ᠃ ᠤᠷᠤᠯᠳᠤᠭᠠᠨ᠎ᠤ ᠵᠣᠬᠢᠶᠠᠨ ᠪᠠᠢᠭᠤᠯᠬᠤ ᠺᠣᠮᠢᠰ ᠵᠠᠮ ᠳᠠᠭᠠᠤ ᠮᠠᠰᠢ ᠣᠯᠠᠨ ᠰᠣᠶᠣᠯ᠎ᠤᠨ ᠦᠵᠡᠭᠦᠯᠭᠡ ᠵᠢᠨ ᠴᠡᠭ  ᠲᠣᠬᠢᠷᠠᠭᠤᠯᠵᠤ᠂ ᠦᠨᠳᠦᠰᠦᠲᠡᠨ᠎ᠦ ᠳᠠᠭᠤᠤ ᠬᠦᠭᠵᠢᠮ ᠪᠥᠵᠢᠭ᠎ᠦᠨ ᠲᠣᠭ᠍ᠯᠠᠯᠲᠠ ᠭᠣᠢᠳᠠ ᠰᠠᠢᠬᠠᠨ ᠶᠠᠪᠤᠭ᠍ᠳᠠᠵᠤ᠂ ᠤᠷᠤᠯᠳᠤᠭᠠᠨ᠎ᠳᠤ ᠣᠷᠣᠯᠴᠠᠭ᠍ᠰᠠᠳ ᠬᠦᠶᠦᠬᠦ ᠵᠢᠨ ᠲᠠᠭᠠᠤ ᠤᠮᠠᠷᠠᠲᠤ ᠬᠢᠯᠢ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠪᠡᠶᠡᠴᠢᠯᠡᠨ ᠣᠢᠯᠠᠭᠠᠪᠠ᠃ ᠡᠭᠦᠨ᠎ᠡᠴᠡ ᠭᠠᠳᠠᠨ᠎ᠠ᠂ ᠵᠠᠮ ᠳᠠᠭᠠᠤ ᠥᠪᠥᠷ ᠮᠣᠩᠭᠣᠯ᠎ᠤᠨ ᠣᠨᠴᠠᠯᠢᠭ᠍ᠲᠤ ᠠᠮᠲᠠᠲᠤ ᠢᠳᠡᠭᠡᠨ᠂ ᠤᠰᠤ᠂ ᠴᠢᠳᠠᠮᠵᠢᠲᠤ ᠤᠮᠳᠠᠭᠠᠨ ᠵᠢᠴᠢ ᠡᠯ᠎ᠡ ᠵᠦᠢᠯ᠎ᠦᠨ ᠡᠨᠧᠷᠭᠢ᠎ᠶ᠋ᠢᠨ ᠨᠥᠬᠥᠪᠥᠷᠢᠯᠡᠯᠲᠡ ᠬᠠᠩᠭᠠᠵᠤ᠂ ᠤᠷᠤᠯᠴᠠᠬᠰᠠᠳ᠎ᠤᠨ ᠬᠠᠮᠤᠭ᠎ᠤᠨ ᠰᠠᠢᠨ ᠪᠠᠢᠳᠠᠯ᠎ᠢ ᠪᠠᠳᠤᠯᠠᠪᠠ᠃

ᠱᠢᠷᠦᠭᠦᠨ ᠥᠷᠢᠰᠥᠯᠳᠦᠭᠡᠨ᠎ᠤ ᠳ᠋ᠦᠩ ᠳ᠋ᠤ᠂ ᠺᠧᠨᠢᠶᠠ᠎ᠶ᠋ᠢᠨ ᠲᠠᠮᠢᠷᠴᠢᠨ 2᠄ 28᠄ 31᠎ᠶ᠋ᠢᠨ ᠬᠢᠷᠢ ᠪᠦᠲᠦᠮᠵᠢ᠎ᠪᠡᠷ ᠮᠠᠷᠠᠽᠤᠨ ᠤᠷᠤᠯᠳᠤᠭᠠᠨ᠎ᠤ ᠡᠷᠡᠭ᠌ᠲᠡᠶ᠎ᠶ᠋ᠢᠨ ᠳᠤᠭᠤᠢᠯᠠᠩ᠎ᠳ᠋ᠤ ᠮᠠᠩᠯᠠᠢᠯᠠᠵᠤ᠂ ᠪᠦᠦ ᠪᠢᠯᠢᠭ᠂ ᠵᠠᠩ ᠴᠤᠤ ᠲᠤᠰ ᠲᠤᠰ 2᠄ 28᠄ 59 ᠪᠠ 2᠄ 32᠄ 08 ᠎ᠶ᠋ᠢᠨ ᠬᠢᠷᠢ ᠪᠦᠲᠦᠮᠵᠢ᠎ᠪᠡᠷ ᠳᠡᠳ᠋ ᠪᠠ ᠭᠤᠲᠠᠭᠠᠷ᠎ᠲᠤ ᠱᠢᠯᠭᠠᠷᠠᠵᠠᠶ᠃ ᠺᠧᠨᠢᠶᠠ᠎ᠶ᠋ᠢᠨ ᠲᠠᠮᠢᠷᠴᠢᠨ 2᠄ 49᠄ 55 ᠵᠢᠨ ᠬᠢᠷᠢ ᠪᠦᠲᠦᠮᠵᠢ ᠪᠡᠷ ᠡᠮᠡᠭᠳᠡᠢ ᠵᠢᠨ ᠲᠤᠭᠤᠢᠯᠠᠩ ᠳ᠋ᠦ ᠮᠠᠩᠯᠠᠢᠯᠠᠵᠤ᠂ ᠰᠢᠤᠢ ᠬᠠᠢ ᠹᠸᠢ᠂ ᠯᠢ ᠳᠢ ᠴᠢᠶᠠᠨ ᠲᠤᠰ ᠲᠤᠰ ᠳᠡᠳ᠋ ᠪᠠ ᠭᠤᠲᠠᠭᠠᠷ᠎ᠲᠤ ᠤᠷᠤᠪᠠ᠃ ᠬᠠᠭᠠᠰ ᠵᠠᠮ᠎ᠤᠨ ᠮᠠᠷᠠᠽᠤᠨ ᠤᠷᠤᠯᠳᠤᠭᠠᠨ ᠳ᠋ᠦ ᠮᠠᠨ᠎ᠤ ᠤᠯᠤᠰ᠎ᠤᠨ ᠲᠠᠮᠢᠷᠴᠢᠨ ᠵᠢᠶᠠ ᠸᠧᠶ 1᠄ 10᠄ 27 ᠎ᠶ᠋ᠢᠨ ᠬᠢᠷᠢ ᠪᠦᠲᠦᠮᠵᠢ᠎ᠪᠡᠷ ᠡᠷᠡᠭ᠌ᠲᠡᠶ᠎ᠶ᠋ᠢᠨ ᠳᠤᠭᠤᠢᠯᠠᠩ ᠳ᠋ᠦ ᠮᠠᠩᠯᠠᠢᠯᠠᠵᠤ᠂ ᠯᠢ ᠶᠦᠩ ᠮᠸᠤ᠂ ᠮᠠ ᠵᠢᠶᠦ᠋ᠨ ᠫᠢᠩ ᠲᠤᠰ ᠲᠤᠰ 1᠄ 13᠄ 57 ᠪᠠ 1᠄ 14᠄ 29 ᠎ᠶ᠋ᠢᠨ ᠬᠢᠷᠢ ᠪᠦᠲᠦᠮᠵᠢ᠎ᠪᠡᠷ ᠳᠡᠳ᠋ ᠪᠠ ᠭᠤᠳᠠᠭᠠᠷ᠎ᠲᠤ ᠣᠷᠣᠵᠠᠶ᠃ ᠳᠤᠮᠳᠠᠳᠤ ᠤᠯᠤᠰ᠎ᠤᠨ ᠲᠠᠮᠢᠷᠴᠢᠨ ᠺᠦᠩ ᠰᠧ ᠢᠦᠶ 1᠄19᠄ 43 ᠎ᠶ᠋ᠢᠨ ᠬᠢᠷᠢ ᠪᠦᠲᠦᠮᠵᠢ᠎ᠪᠡᠷ ᠬᠠᠭᠠᠰ ᠵᠠᠮ᠎ᠤᠨ ᠮᠠᠷᠠᠽᠤᠨ ᠤᠷᠤᠯᠳᠤᠭᠠᠨ᠎ᠤ ᠡᠮᠡᠭ᠌ᠲᠡᠶ᠎ᠶ᠋ᠢᠨ ᠳᠤᠭᠤᠢᠯᠠᠩ ᠳ᠋ᠦ ᠮᠠᠩᠯᠠᠢᠯᠠᠵᠤ᠂ ᠸᠠᠩ ᠴᠢᠩ᠂ ᠪᠠᠢ ᠯᠢᠩ ᠲᠤᠰ ᠲᠤᠰ 1᠄ 24᠄ 29 ᠪᠠ 1᠄ 25᠄ 53 ᠎ᠶ᠋ᠢᠨ ᠬᠢᠷᠢ ᠪᠦᠲᠦᠮᠵᠢ᠎ᠪᠡᠷ ᠳᠡᠳ᠋ ᠪᠠ ᠭᠤᠳᠠᠭᠠᠷ᠎ᠲᠤ ᠣᠷᠣᠵᠠᠶ᠃

《ᠥᠷᠯᠥᠭᠡ᠎ᠶ᠋ᠢᠨ ᠳᠣᠯᠣᠭᠠᠨ ᠴᠠᠭ ᠬᠠᠭᠠᠰ᠎ᠲᠤ ᠪᠢ 5 ᠺᠢᠯᠣᠮᠧᠲ᠋ᠷ᠎ᠦᠨ ᠪᠠᠶᠠᠰᠤᠯᠲᠤ ᠮᠠᠷᠠᠽᠤᠨ ᠭᠦᠶᠦᠯᠲᠡ᠎ᠶ᠋ᠢᠨ ᠱᠤᠭᠤᠮ ᠳᠡᠭᠡᠷ᠎ᠡ ᠵᠣᠭ᠍ᠰᠣᠬᠤ ᠳ᠋ᠤ ᠵᠢᠷᠦᠬᠡ ᠲᠦᠭ ᠲᠦᠭ ᠴᠣᠬᠢᠯᠠᠵᠤ᠂ ᠤᠷᠤᠯᠳᠤᠭ᠍ᠴᠢ ᠲᠠᠯᠠᠪᠠᠢ ᠲᠦᠭᠦᠷᠴᠤ᠂ ᠪᠠᠴᠢᠮᠳᠠᠨ ᠰᠠᠨᠳᠤᠷᠤᠭ᠍ᠰᠠᠨ᠂ ᠪᠠᠶᠠᠷᠯᠠᠵᠤ ᠬᠥᠭ᠌ᠰᠡᠭ᠌ᠰᠡᠨ ᠠᠭᠤᠷ ᠠᠮᠢᠰᠭᠤᠯ ᠪᠢᠯᠬᠠᠮ᠎ᠠ ᠪᠠᠢᠯ᠎ᠠ᠃ ᠪᠢ ᠠᠩᠬ᠎ᠠ ᠤᠳᠠᠭ᠎ᠠ ᠮᠠᠷᠠᠽᠤᠨ ᠤᠷᠤᠯᠳᠤᠭᠠᠨ᠎ᠳᠤ ᠣᠷᠣᠯᠴᠠᠵᠤ ᠪᠠᠢᠨ᠎ᠠ᠂ ᠡᠨᠡ ᠤᠳᠠᠭ᠎ᠠ 5 ᠺᠢᠯᠣᠮᠧᠲ᠋ᠷ᠎ᠦᠨ ᠮᠠᠷᠠᠽᠤᠨ ᠤᠷᠤᠯᠳᠤᠭᠠᠨ᠎ᠤ ᠪᠥᠬᠥ᠌ ᠶᠠᠪᠤᠴᠠ᠎ᠶ᠋ᠢ ᠭᠦᠶᠦᠵᠦ᠍ ᠳᠠᠭᠤᠰᠭᠠᠭ᠍ᠰᠠᠨ᠎ᠳ᠋ᠠᠭᠠᠨ 〈ᠪᠠᠷᠢᠮᠲᠠᠯᠠᠬᠤ〉 ᠵᠢᠨ ᠤᠴᠢᠷ ᠤᠳᠬ᠎ᠠ ᠵᠢ ᠨᠠᠩ ᠲᠣᠳᠣᠷᠬᠠᠶ ᠣᠢᠯᠠᠭᠠᠵᠠᠢ᠃ ᠪᠠᠷᠢᠮᠳᠠᠯᠠᠳᠠᠬ ᠯᠡ ᠶᠤᠮ ᠪᠣᠯ ᠯᠠᠪᠲᠠᠢ ᠠᠮᠵᠢᠯᠲᠠ ᠳ᠋ᠦ ᠬᠦᠷᠴᠦ᠍ ᠴᠢᠳᠠᠨ᠎ᠠ ᠬᠡᠳᠡᠭ ᠶᠤᠰᠤ ᠵᠢ ᠤᠬᠠᠪᠠ》 ᠭᠡᠵᠦ ᠬᠦᠬᠡᠬᠤᠳᠠ ᠵᠢᠨ ᠲᠤᠷᠱᠢᠯᠲᠠ᠎ᠶ᠋ᠢᠨ ᠳᠤᠮᠳᠠᠳᠤ ᠰᠤᠷᠭᠠᠭᠤᠯᠢ᠎ᠶ᠋ᠢᠨ ᠭᠤᠸᠠᠩ ᠬᠤᠸᠠ ᠰᠤᠷᠭᠠᠭᠤᠯᠢ᠎ᠶ᠋ᠢᠨ ᠲᠣᠭᠣᠷᠢᠭ᠎ᠤᠨ ᠴᠢᠶᠣᠤ ᠢ ᠯᠢᠨ ᠰᠤᠷᠪᠤᠯᠵᠢᠯᠠᠬᠴᠢ ᠳ᠋ᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号