9 ᠰᠠᠷ᠎ᠠ᠎ᠶ᠋ᠢᠨ 22 ᠤ᠋ᠨ ᠣᠷᠣᠶ᠂ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠬᠤᠭᠤᠴᠠᠭᠠᠨ᠎ᠤ ᠬᠥᠳᠡᠭᠡ ᠲᠣᠰᠭᠣᠨ᠎ᠤ ᠮᠠᠯᠴᠢᠨ ᠲᠠᠷᠢᠶᠠᠴᠢᠨ᠎ᠤ ᠡᠷᠡᠭ᠌ᠲᠡᠶ᠎ᠶ᠋ᠢᠨ ᠰᠠᠭ᠍ᠰᠤᠨ ᠪᠥᠮᠪᠥᠭᠡ᠎ᠶ᠋ᠢᠨ ᠤᠷᠤᠯᠳᠤᠭᠠᠨ ᠪᠠᠶᠠᠨᠨᠠᠭᠤᠷ ᠬᠤᠲᠠ᠎ᠶᠢᠨ ᠤᠷᠠᠳ᠎ᠤᠨ ᠡᠮᠦᠨᠡᠲᠦ ᠬᠣᠱᠢᠭᠤᠨ᠎ᠤ ᠪᠡᠶ᠎ᠡ᠎ᠶ᠋ᠢᠨ ᠲᠠᠮᠢᠷ ᠰᠣᠶᠣᠯ᠎ᠤᠨ ᠠᠵᠤ ᠦᠶ᠋ᠯᠡᠰ᠎ᠦᠨ ᠬᠦᠷᠢᠶᠡᠯᠡᠩ ᠳᠤ ᠥᠨᠳᠥᠷᠯᠡᠪᠡ᠃
5 ᠡᠳᠦᠷ᠎ᠦᠨ ᠱᠢᠷᠦᠭᠦᠨ ᠥᠷᠢᠰᠥᠯᠳᠦᠭᠡᠨ᠎ᠢᠶᠡᠷ ᠳᠠᠮᠵᠢᠨ ᠱᠢᠯᠢ᠎ᠶ᠋ᠢᠨ ᠭᠤᠤᠯ ᠠᠢᠮᠠᠭ᠎ᠤᠨ ᠲᠥᠯᠥᠭᠡᠯᠡᠭ᠌ᠴᠢᠳ᠎ᠦᠨ ᠠᠩᠭᠢ ᠮᠠᠩᠯᠠᠢᠯᠠᠵᠤ᠂ ᠣᠷᠳᠣᠰ ᠬᠣᠲᠠ᠎ᠶ᠋ᠢᠨ ᠲᠥᠯᠥᠭᠡᠯᠡᠭ᠌ᠴᠢᠳ᠎ᠦᠨ ᠠᠩᠭᠢ ᠳᠡᠳ᠋ᠯᠡᠵᠦ᠍᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠲᠥᠯᠥᠭᠡᠯᠡᠭ᠌ᠴᠢᠳ᠎ᠦᠨ ᠠᠩᠭᠢ ᠭᠤᠳᠠᠭᠠᠷ᠎ᠲᠤ ᠲᠤᠳᠤᠷᠠᠵᠠᠢ᠃ ᠤᠷᠤᠯᠳᠤᠭᠠᠨ ᠨᠢ ᠪᠠᠰᠠ ᠪᠡᠶ᠎ᠡ᠎ᠶ᠋ᠢᠨ ᠲᠠᠮᠢᠷ᠎ᠤᠨ ᠶᠣᠰᠣ ᠮᠣᠷᠠᠯ᠎ᠤᠨ ᠬᠡᠪ ᠰᠤᠷᠲᠠᠯ᠂ ᠱᠢᠯᠢᠳᠡᠭ ᠵᠣᠬᠢᠶᠠᠨ ᠪᠠᠢᠭᠤᠯᠤᠯᠲᠠ ᠵᠡᠷᠭᠡ ᠬᠠᠮᠲᠤᠨᠢᠭᠡᠴᠢ ᠶ᠋ᠢᠨ ᠱᠠᠩᠨᠠᠯ᠎ᠢ ᠱᠢᠯᠭᠠᠷᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠬᠥᠳᠡᠭᠡ ᠲᠣᠰᠭᠣᠨ᠎ᠤ ᠮᠠᠯᠴᠢᠨ ᠲᠠᠷᠢᠶᠠᠴᠢᠨ᠎ᠤ ᠡᠷᠡᠭ᠌ᠲᠡᠶ᠎ᠶ᠋ᠢᠨ ᠰᠠᠭ᠍ᠰᠤᠨ ᠪᠥᠮᠪᠥᠭᠡ᠎ᠶ᠋ᠢᠨ ᠱᠢᠷᠢᠰ ᠤᠷᠤᠯᠳᠤᠭᠠᠨ ᠪᠣᠯ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠭᠤᠤᠯᠳᠠᠯᠭ᠎ᠠ᠎ᠲᠠᠶ ᠡᠭᠦᠳᠦᠭ᠌ᠰᠡᠨ ᠮᠠᠯᠴᠢᠨ ᠲᠠᠷᠢᠶᠠᠴᠢᠨ᠎ᠤ ᠤᠷᠤᠯᠳᠤᠭᠠᠨ᠎ᠤ ᠨᠠᠷᠠᠲᠤ ᠲᠦᠷᠦᠯ ᠲᠡᠮᠳᠡᠭ ᠮᠥᠨ᠃ ᠲᠡᠷᠡ᠎ᠨᠢ ᠮᠠᠯᠴᠢᠨ ᠲᠠᠷᠢᠶᠠᠴᠢᠨ᠎ᠳᠤ ᠤᠷ᠎ᠠ ᠮᠡᠷᠭᠡᠵᠢᠯ᠎ᠢᠶᠡᠨ ᠰᠣᠯᠢᠯᠴᠠᠬᠤ᠂ ᠥᠪᠡᠷ᠎ᠦᠨ ᠴᠣᠭ ᠵᠢᠪᠬᠤᠭ᠎ᠠ᠎ᠪᠠᠨ ᠢᠯᠡᠷᠡᠭᠦᠯᠬᠦ᠌ ᠲᠠᠪᠴᠠᠩ ᠬᠠᠨᠭᠭᠠᠵᠦ ᠥᠭ᠌ᠭᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠤᠷᠤᠯᠳᠤᠭᠠᠨ᠎ᠢᠶᠠᠷ ᠬᠣᠯᠪᠣᠭᠠᠰᠤ ᠪᠣᠯᠭᠠᠵᠤ᠂ 《ᠪᠡᠶ᠎ᠡ᠎ᠶ᠋ᠢᠨ ᠲᠠᠮᠢᠷ + ᠲᠠᠷᠢᠶᠠᠯᠠᠩ + ᠰᠣᠶᠣᠯ + ᠵᠢᠭᠤᠯᠴᠢᠯᠠᠯ》 ᠤ᠋ᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠬᠥᠳᠡᠭᠡ ᠲᠣᠰᠭᠣᠨ᠎ᠤ ᠱᠢᠨ᠎ᠡ ᠳᠦᠷᠰᠦ ᠪᠠᠢᠳᠠᠯ᠎ᠢ ᠳᠡᠯᠭᠡᠨ ᠦᠵᠡᠭᠦᠯᠬᠦ᠌ 《ᠴᠣᠩᠬᠣᠪᠴᠢ》᠂ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠳᠠᠢᠴᠢᠯᠠᠬᠤ 《ᠬᠥᠳᠡᠯᠭᠡᠭᠦᠷ》 ᠪᠣᠯᠭᠠᠵᠠᠶ᠃