ᠵᠠᠩᠬᠢᠯᠠᠭ᠎ᠠ ᠵᠢᠨ ᠦᠭᠡ — ᠤᠢ ᠰᠢᠭᠤᠢ
2025-11-10 11:26:07
ᠵᠣᠬᠢᠶᠠᠭ᠍ᠴᠢ᠄
ᠨᠠᠮᠤᠭ ᠤᠯᠤᠰᠳᠤ
ᠣᠩᠱᠢᠭ᠍ᠰᠠᠨ ᠣᠳᠠᠭ᠎ᠠ᠄
★★★☆☆

  — ᠤᠮᠠᠷᠠᠲᠦ ᠬᠢᠯᠢ ᠵᠢᠨ ᠬᠠᠷᠢᠭᠤᠯᠲᠠ ᠵᠢᠨ ᠬᠠᠭᠤᠳᠠᠰᠦ

  

ᠤᠢ ᠱᠢᠭᠤᠢ ᠪᠤᠯ ᠡᠬᠡ ᠬᠠᠭᠤᠷᠠᠢ ᠵᠢᠨ ᠠᠮᠢ ᠠᠬᠤᠢ ᠵᠢᠨ ᠱᠢᠰᠲ᠋ᠸᠮ ᠤ᠋ᠨ ᠭᠤᠤᠯ ᠴᠤᠭ᠍ᠴᠠ᠂ ᠬᠦᠮᠦᠨ ᠲᠦᠷᠦᠯᠬᠢᠳᠠᠨ ᠤ᠋ ᠤᠷᠤᠱᠢᠨ ᠲᠤᠭᠳᠠᠨᠢᠵᠤ ᠦᠷᠨᠢᠨ ᠬᠦᠭ᠌ᠵᠢᠬᠦ᠌ ᠵᠢᠨ ᠴᠢᠬᠤᠯᠠ ᠠᠮᠢ ᠠᠬᠤᠢ ᠵᠢᠨ ᠬᠠᠯᠬᠠᠪᠴᠢ ᠮᠦᠨ᠃ ᠲᠠᠢ᠌ᠮᠤ ᠪᠤᠯᠬᠤᠷ ᠤᠢ ᠱᠢᠭᠤᠢ ᠵᠢᠨ ᠪᠦᠳᠦᠬᠡᠨ ᠪᠠᠢ᠌ᠭᠤᠯᠤᠯᠳᠠ ᠨᠢ ᠠᠵᠤ ᠠᠬᠤᠢ ᠨᠡᠢ᠌ᠬᠡᠮ ᠤ᠋ᠨ ᠦᠷᠬᠦᠯᠵᠢᠯᠡᠬᠦ᠌ ᠬᠦᠭ᠌ᠵᠢᠯᠳᠠ ᠲᠠᠢ ᠬᠤᠯᠪᠤᠭ᠍ᠳᠠᠬᠤ ᠦᠨᠳᠤᠰᠤᠨ ᠴᠢᠨᠠᠷᠳᠠᠢ ᠠᠰᠠᠭᠤᠳᠠᠯ ᠪᠤᠯᠵᠠᠢ᠃ 《ᠠᠷᠪᠠᠨ ᠲᠦᠷᠪᠡᠳᠤᠬᠡᠷ ᠲᠠᠪᠤᠨ ᠵᠢᠯ》 ᠳ᠋ᠤ᠂ ᠦᠪᠦᠷ ᠮᠤᠩᠭᠤᠯ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠢ᠋ ᠨᠢᠬᠡ ᠴᠤᠭᠴᠠᠵᠢᠭᠤᠯᠤᠨ ᠬᠠᠮᠠᠭᠠᠯᠠᠵᠤ ᠱᠢᠰᠲ᠋ᠸᠮ ᠲᠠᠢ ᠪᠡᠷ ᠵᠠᠰᠠᠬᠤ ᠵᠢ ᠠᠬᠢᠭᠤᠯᠵᠤ᠂ ᠵᠢᠯ ᠤ᠋ᠨ ᠮᠤᠳᠤ ᠲᠠᠷᠢᠵᠤ ᠤᠢᠵᠢᠭᠤᠯᠤᠭᠰᠠᠨ ᠲᠠᠯᠠᠪᠠᠢ ᠴᠦᠮ 570 ᠲᠦᠮᠡᠨ ᠮᠦ᠍ ᠵᠢ ᠲᠠᠪᠠᠨ᠂ ᠨᠢᠳᠤᠨᠤᠨ 864 ᠲᠦᠮᠡᠨ ᠮᠦ᠍ ᠳ᠋ᠤ ᠬᠦᠷᠴᠦ᠂ ᠬᠠᠮᠠᠷ ᠬᠠᠳᠬᠤᠬᠤ ᠡᠪᠡᠰᠤ ᠦᠭᠡᠢ ᠪᠠᠢᠭᠰᠠᠨ ᠤᠯᠠᠨ ᠭᠠᠵᠠᠷ ᠲᠤ᠌ ᠨᠤᠮᠢᠨ ᠳᠤᠯᠭᠢᠶ᠎ᠠ ᠬᠠᠶᠠᠯᠠᠨ᠂ ᠠᠭᠤᠯᠠ ᠬᠦᠪᠴᠢ ᠬᠦᠬᠡᠷᠡᠨ ᠨᠤᠭᠤᠭᠠᠷᠠᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠤᠯᠠᠮ ᠪᠡᠬᠢᠵᠢᠪᠡ᠃


2d75bf2a-5708-45fb-8231-18dabd096cb1.png


ᠤᠢ ᠰᠢᠭᠤᠢ ᠵᠢᠨ ᠠᠮᠢ ᠠᠬᠤᠢ ᠵᠢᠨ ᠰᠢᠰᠲᠸᠮ ᠢ᠋ ᠬᠠᠮᠠᠭᠠᠯᠠᠵᠤ ᠰᠡᠷᠬᠦᠬᠡᠬᠦ ᠪᠤᠯ ᠬᠠᠮᠤᠭ ᠤ᠋ᠨ ᠲᠦᠬᠡᠮᠡᠯ ᠬᠦᠷᠳᠡᠬᠡᠮᠵᠢᠳᠤ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠮᠦᠨ᠂ ᠪᠠᠰᠠ ᠴᠦ᠍ ᠨᠣᠮᠢᠨ ᠤᠰᠤ ᠬᠦᠬᠡᠮᠳᠦᠭ ᠠᠭᠤᠯᠠ ᠵᠢ ᠠᠯᠳᠠᠨ ᠠᠭᠤᠯᠠ ᠮᠦᠩᠭᠦᠨ ᠬᠠᠢᠷᠬᠠᠨ ᠪᠤᠯᠭᠠᠨ ᠬᠤᠪᠢᠷᠠᠭᠤᠯᠬᠤ ᠵᠢᠨ ᠴᠢᠬᠤᠯᠠ ᠠᠷᠭ᠎ᠠ ᠵᠠᠮ ᠮᠦᠨ᠃ ᠤᠢᠷ᠎ᠠ ᠵᠢᠨ ᠵᠢᠯ ᠳ᠋ᠤ᠂ ᠦᠪᠦᠷ ᠮᠤᠩᠭᠤᠯ ᠤᠷᠤᠨ ᠨᠤᠳᠤᠭ ᠤ᠋ᠨ ᠪᠤᠳᠠᠳᠤ ᠪᠠᠢᠳᠠᠯ ᠵᠢᠡᠨ ᠦᠨᠳᠤᠰᠤᠯᠡᠨ ᠪᠠᠢᠭᠠᠯᠢ ᠵᠢᠨ ᠤᠢ ᠶ᠋ᠢ ᠬᠠᠮᠠᠭᠠᠯᠠᠬᠤ᠂ ᠬᠦᠮᠦᠨ ᠤ᠋ ᠬᠦᠴᠦ ᠪᠡᠷ ᠮᠤᠳᠤ ᠲᠠᠷᠢᠬᠤ᠂ ᠠᠭᠤᠯᠠ ᠶ᠋ᠢ ᠪᠢᠲᠡᠭᠦᠮᠵᠢᠯᠡᠨ ᠤᠢᠵᠢᠭᠤᠯᠬᠤ᠂ ᠨᠢᠰᠭᠡᠯ ᠵᠢᠡᠷ ᠤᠢᠵᠢᠭᠤᠯᠬᠤ᠂ ᠡᠯᠡᠰᠦᠷᠬᠡᠭᠵᠢᠭᠰᠡᠨ ᠭᠠᠵᠠᠷ ᠢ᠋ ᠵᠠᠰᠠᠨ ᠰᠡᠷᠭᠦᠭᠡᠬᠦ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ ᠤ᠋ ᠴᠠᠬᠢᠯᠭᠠᠨ ᠭᠡᠷᠡᠯᠴᠢ ᠴᠡᠨᠡᠭ ᠢ᠋ ᠨᠢᠭᠡ ᠴᠣᠭ᠍ᠴᠠᠵᠢᠭᠤᠯᠬᠤ᠂ ᠲᠠᠪᠤᠨ ᠱᠠᠲᠤᠨ ᠤ᠋ ᠤᠢ ᠰᠢᠭᠤᠢ ᠵᠢᠨ ᠳᠠᠷᠤᠭ᠎ᠠ ᠵᠢᠨ ᠰᠢᠰᠲᠸᠮ ᠢ᠋ ᠪᠠᠢᠭᠤᠯᠬᠤ ᠵᠡᠷᠭᠡ ᠠᠯᠢ ᠤᠯᠠᠨ ᠬᠦᠴᠤᠳᠠᠢ ᠠᠷᠭ᠎ᠠ ᠬᠡᠮᠵᠢᠶ᠎ᠡ ᠠᠪᠴᠦ᠂ ᠡᠬᠡ ᠤᠯᠤᠰ ᠤ᠋ᠨ ᠤᠮᠠᠷᠠᠲᠤ ᠳ᠋ᠤ ᠲᠦᠮᠡᠨ ᠭᠠᠵᠠᠷ ᠤ᠋ᠨ ᠨᠤᠮᠢᠨ ᠨᠤᠭᠤᠭᠠᠨ 《ᠤᠷᠲᠤ ᠴᠠᠭᠠᠨ ᠬᠡᠷᠡᠮ》 ᠢ᠋ ᠪᠡᠬᠢᠵᠢᠬᠦᠯᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢᠨ ᠦᠢᠯᠡᠳᠤᠯ ᠢ᠋ ᠭᠦᠢᠴᠡᠳ ᠪᠠᠳᠠᠷᠠᠭᠤᠯᠤᠭᠰᠠᠨ ᠵᠢᠡᠷ ᠪᠠᠷᠠᠬᠤ ᠦᠭᠡᠢ ᠰᠤᠶᠤᠯ ᠵᠢᠭᠤᠯᠴᠢᠯᠠᠯ᠂ ᠤᠷᠤᠨ ᠨᠤᠳᠤᠭ ᠤ᠋ᠨ ᠠᠵᠤ ᠠᠬᠤᠢ ᠵᠢᠨ ᠬᠦᠭᠵᠢᠯᠲᠡ ᠪᠠ ᠠᠷᠠᠳ ᠤ᠋ᠨ ᠠᠮᠢᠳᠤᠷᠠᠯ ᠳ᠋ᠤ ᠴᠦᠮ ᠶᠠᠨᠳᠠᠰᠢ ᠦᠭᠡᠢ ᠬᠤᠪᠢ ᠨᠡᠮᠡᠷᠢ ᠦᠵᠡᠭᠦᠯᠦᠭᠰᠡᠨ ᠪᠠᠢᠨ᠎ᠠ᠃


459a02e1-fe58-4835-8b32-b64ca58d26fc.png


ᠮᠠᠨ ᠤ᠋ ᠤᠯᠤᠰ ᠤ᠋ᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠳᠤ ᠴᠤᠭᠴᠠᠯᠠᠨ᠎ᠠ᠂ ᠡᠨᠡ ᠪᠤᠯ ᠦᠪᠤᠷ ᠮᠤᠩᠭᠤᠯ ᠤ᠋ᠨ ᠪᠠᠳᠤ ᠴᠡᠬᠡᠵᠢᠯᠡᠬᠦᠰᠢᠳᠠᠢ 《ᠤᠯᠤᠰ ᠤ᠋ᠨ ᠶᠡᠬᠡ ᠶᠠᠪᠤᠳᠠᠯ》ᠮᠦᠨ᠃ ᠡᠨᠡ ᠵᠢᠯ ᠮᠠᠨ ᠤ᠋ ᠤᠷᠤᠨ ᠠᠮᠢ ᠠᠬᠤᠢ ᠣᠷᠴᠢᠨ ᠲᠣᠭᠤᠷᠢᠨ ᠤ᠋ ᠬᠠᠮᠠᠭᠠᠯᠠᠯᠲᠠ ᠵᠢ ᠦᠷᠬᠦᠯᠵᠢᠯᠡᠨ ᠲᠡᠷᠢᠭᠦᠨ ᠳ᠋ᠤ ᠲᠠᠯᠪᠢᠵᠤ᠂ 《ᠤᠮᠠᠷᠠᠳᠤ ᠵᠢᠨ ᠭᠤᠷᠪᠠᠨ ᠤᠷᠤᠨ》 ᠤ᠋ ᠢᠨᠵᠸᠨ᠋ᠸᠷᠢᠩ ᠤ᠋ᠨ ᠪᠤᠭᠤᠮᠳᠠ ᠰᠢᠪᠳᠤᠯᠬᠤ ᠲᠠᠢᠯᠠᠯᠳᠤᠭᠠᠨ ᠪᠤᠯᠤᠨ ᠬᠠᠳᠤᠨ ᠭᠤᠤᠯ ᠤ᠋ᠨ《ᠶᠡᠬᠡ ᠲᠤᠬᠤᠢ》 ᠵᠢᠨ ᠪᠤᠭᠤᠮᠳᠠ ᠰᠢᠪᠳᠤᠯᠬᠤ ᠲᠠᠢᠯᠠᠯᠳᠤᠭᠠᠨ᠂ ᠬᠤᠷᠴᠢᠨ ᠤ᠋ ᠡᠯᠡᠰᠦᠷᠬᠡᠭ ᠭᠠᠵᠠᠷ ᠪᠤᠯᠤᠨ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠦᠨᠦᠬᠡᠯᠳᠡ ᠵᠢᠨ ᠲᠠᠢᠯᠠᠯᠳᠤᠭᠠᠨ᠂ ᠾᠸ ᠰᠢ ᠵᠢᠨ ᠬᠤᠩᠬᠢᠯ — ᠲᠠᠺᠯᠢᠮᠠᠺᠠᠨ ᠡᠯᠡᠰᠤᠨ ᠴᠦᠯ ᠤ᠋ᠨ ᠬᠦᠪᠡᠬᠡ ᠲᠠᠭᠠᠤ ᠵᠢᠨ ᠬᠤᠷᠢᠭᠯᠠᠯᠳᠠ ᠵᠢᠨ ᠲᠠᠢᠯᠠᠯᠳᠤᠭᠠᠨ ᠵᠡᠷᠬᠡ ᠭᠤᠷᠪᠠᠨ ᠶᠡᠬᠡ ᠪᠡᠯᠬᠡ ᠲᠡᠮᠳᠡᠭ ᠤ᠋ᠨ ᠴᠢᠨᠠᠷᠳᠠᠢ ᠲᠠᠢᠯᠠᠯᠳᠤᠭᠠᠨ ᠢ᠋ ᠰᠠᠢᠳᠤᠷ ᠬᠢᠵᠤ᠂ ᠪᠦᠬᠦ᠌ ᠬᠦᠴᠦᠨ ᠵᠦᠢᠯ ᠪᠦᠬᠦ᠌ ᠲᠠᠯ᠎ᠠ ᠵᠢᠨ ᠵᠠᠰᠠᠯᠲᠠ ᠵᠢᠨ ᠪᠠᠶ᠋ᠢᠷᠢᠰᠢᠯ ᠢ᠋ ᠴᠤᠬᠴᠠᠯᠠᠨ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶ᠋ᠢᠲᠠᠢ ᠬᠥᠭᠵᠢᠯᠲᠡ ᠵᠢ ᠲᠤᠯᠭᠠᠭᠤᠷᠢᠯᠠᠵᠤ ᠪᠤᠢ᠃ ᠲᠡᠬᠡᠷ᠎ᠠ ᠬᠠᠭᠠᠰ ᠵᠢᠯ ᠳ᠋ᠤ ᠪᠦᠬᠦ ᠤᠷᠤᠨ ᠵᠢᠡᠷ ᠵᠢᠡᠨ 1551.6 ᠲᠦᠮᠡᠨ ᠮᠦ᠍ ᠵᠢᠨ ᠡᠯᠡᠰᠦᠷᠬᠡᠭᠵᠢᠯ ᠢ᠋ ᠰᠡᠷᠬᠡᠢᠯᠡᠨ ᠡᠯᠡᠰᠤ ᠵᠢ ᠵᠠᠰᠠᠵᠤ᠂ ᠨᠢᠬᠡᠨᠳᠡ ᠪᠦᠬᠦ ᠵᠢᠯ ᠤ᠋ᠨ ᠡᠬᠦᠷᠬᠡ ᠵᠢᠨ ᠵᠢᠡᠨ 77.6% ᠵᠢ ᠪᠡᠶᠡᠯᠡᠬᠦᠯᠵᠤ᠂ 《ᠨᠤᠭᠤᠭᠠᠷᠠᠭᠤᠯᠤᠯᠳᠠ ᠤᠷᠤᠭᠰᠢᠯᠠᠵᠤ ᠡᠯᠡᠰᠦ ᠤᠬᠤᠷᠢᠭᠰᠠᠨ》 ᠰᠠᠢᠨ ᠰᠠᠢᠬᠠᠨ ᠪᠠᠢᠳᠠᠯ ᠢ᠋ ᠤᠯᠠᠮ ᠴᠢᠨᠠᠭᠰᠢᠳᠠ ᠪᠠᠳᠤᠳᠬᠠᠪᠠ᠃ ᠵᠢᠷᠤᠭ ᠪᠤᠯ ᠬᠤᠷᠴᠢᠨ ᠤ᠋ ᠡᠯᠡᠰᠦᠷᠬᠡᠭ ᠭᠠᠵᠠᠷ ᠲᠦ᠍ ᠮᠤᠳᠤ ᠲᠠᠷᠢᠵᠤ ᠪᠠᠢᠭ᠎ᠠ ᠨᠢ᠃ 

ᠯᠢᠶᠡᠨ ᠵᠸᠨ   ᠰᠡᠬᠦᠳᠡᠷᠯᠡᠪᠡ


ᠤᠢ ᠱᠢᠭᠤᠢ ᠵᠢᠨ ᠪᠦᠳᠦᠬᠡᠨ ᠪᠠᠢ᠌ᠭᠤᠯᠤᠯᠳᠠ ᠪᠤᠯ ᠠᠮᠢ ᠠᠬᠤᠢ ᠵᠢᠨ ᠪᠤᠯᠪᠠᠰᠤᠨ ᠤ᠋ ᠪᠠᠢ᠌ᠭᠤᠯᠤᠯᠳᠠ ᠵᠢᠨ ᠴᠢᠬᠤᠯᠠ ᠠᠷᠭ᠎ᠠ ᠬᠡᠮᠵᠢᠶ᠎ᠠ ᠪᠠᠢᠵᠤ᠂ ᠤᠯᠤᠰ᠎ᠤᠨ ᠭᠠᠵᠠᠷ ᠱᠢᠷᠤᠢ ᠵᠢ ᠤᠢᠵᠢᠭᠤᠯᠵᠤ ᠨᠤᠭᠤᠭᠠᠷᠠᠭᠤᠯᠬᠤ ᠦᠵᠡᠯ ᠤᠬᠠᠮᠰᠠᠷ ᠨᠢᠬᠡᠨᠳᠡ ᠦᠪᠤᠷ ᠮᠤᠩᠭᠤᠯᠴᠤᠳ ᠤ᠋ᠨ ᠤᠶᠤᠨ ᠤ᠋ ᠦᠪ ᠬᠦᠷᠦᠩᠬᠡ ᠪᠤᠯᠵᠤ ᠰᠡᠳᠭᠢᠯ ᠵᠢᠷᠦᠬᠡᠨ ᠳ᠋ᠤ ᠬᠠᠳᠠᠩᠱᠢᠵᠠᠢ᠃ ᠤᠯᠠᠨ ᠵᠢᠯ ᠤ᠋ᠨ ᠤᠢᠭ᠎ᠠ ᠦᠭᠡᠢ ᠴᠢᠷᠮᠠᠢᠯᠭ᠎ᠠ ᠪᠡᠷ ᠳᠠᠮᠵᠢᠨ 2024 ᠤᠨ ᠤ᠋ ᠰᠡᠬᠦᠯᠴᠢ ᠪᠤᠯᠬᠤ ᠳ᠋ᠤ ᠦᠪᠦᠷ ᠮᠤᠩᠭᠤᠯ ᠤ᠋ᠨ ᠤᠢ ᠰᠢᠭᠤᠢ ᠵᠢᠨ ᠲᠠᠯᠠᠪᠠᠢ 3.57 ᠳ᠋ᠦᠩᠰᠢᠭᠤᠷ ᠮᠤ᠌ ᠳ᠋ᠤ ᠬᠦᠷᠴᠤ ᠪᠦᠬᠦ ᠤᠯᠤᠰ ᠲᠤ᠌ ᠲᠦᠷᠦᠭᠦᠯᠡᠨ᠂ ᠨᠤᠲᠤᠭ ᠪᠡᠯᠴᠢᠭᠡᠷ ᠤ᠋ᠨ ᠶᠡᠷᠦᠩᠬᠡᠢᠯᠡᠭᠰᠡᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ 45% ᠳ᠋ᠤ ᠬᠦᠷᠴᠤ᠂ ᠤᠢ ᠰᠢᠭᠤᠢ ᠵᠢᠨ ᠪᠦᠷᠬᠦᠴᠡ ᠵᠢᠨ ᠨᠤᠷᠮ᠎ᠠ ᠪᠤᠯᠤᠨ ᠨᠤᠲᠤᠭ ᠪᠡᠯᠴᠢᠭᠡᠷ ᠤ᠋ᠨ ᠶᠡᠷᠦᠩᠬᠡᠢᠯᠡᠭᠰᠡᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ ᠵᠡᠷᠬᠡ ᠪᠡᠷ ᠲᠠᠬᠡᠭᠰᠢᠯᠡᠬᠦ ᠵᠢ ᠦᠷᠭᠦᠯᠵᠢᠯᠡᠨ ᠪᠠᠲᠤᠯᠠᠪᠠ᠃ ᠤᠳᠤ ᠬᠦᠮᠦᠰ ᠦᠪᠦᠷ ᠮᠤᠩᠭᠤᠯ ᠡᠴᠡ 《ᠬᠦᠬᠡ ᠲᠩᠷᠢ ᠴᠡᠯᠡᠢᠨ᠂ ᠬᠥᠳᠡᠭᠡ ᠲᠠᠯ᠎ᠠ ᠨᠡᠯᠦᠢᠵᠤ᠂ ᠠᠶᠠᠰ ᠤ᠋ᠨ ᠰᠠᠯᠬᠢᠨ ᠦᠯᠢᠶᠡᠬᠦᠶ᠎ᠠ ᠠᠳᠤᠭᠤ ᠮᠠᠯ ᠢᠷᠠᠯᠵᠠᠨᠠᠮ》 ᠬᠡᠬᠦ ᠰᠢᠯᠦᠭ ᠤ᠋ᠨ ᠪᠠᠳᠠᠭ ᠲᠡᠬᠢ ᠦᠵᠡᠮᠵᠢ ᠶ᠋ᠢ ᠤᠯᠵᠤ ᠬᠠᠷᠠᠬᠤ ᠡᠴᠡ ᠭᠠᠳᠠᠨ᠎ᠠ ᠪᠠᠰᠠ ᠤᠢ ᠰᠢᠭᠤᠢ ᠢᠭᠴᠤᠷᠠᠨ ᠪᠠᠭᠰᠢᠷᠠᠵᠤ᠂ ᠡᠯᠡᠰᠤ ᠤᠬᠤᠷᠢᠵᠤ ᠨᠤᠭᠤᠭᠠᠷᠠᠭᠤᠯᠤᠯᠲᠠ ᠤᠷᠤᠭᠰᠢᠯᠠᠭᠰᠠᠨ ᠴᠤ᠋ ᠰᠢᠨ᠎ᠡ ᠠᠮᠢ ᠠᠬᠤᠢ ᠵᠢᠨ ᠵᠢᠷᠤᠭ ᠢ᠋ ᠨᠢᠳᠤ ᠪᠡᠷ ᠵᠢᠡᠨ ᠬᠠᠷᠠᠵᠤ ᠰᠡᠳᠭᠢᠯ ᠵᠢᠡᠷ ᠵᠢᠡᠨ ᠮᠡᠳᠡᠷᠡᠬᠦ ᠪᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号