ᠦᠨᠭᠭᠡᠨ ᠲᠠᠯ᠎ᠠ ᠵᠢ ᠴᠢᠮᠡᠭᠯᠡᠬᠦ ᠵᠠᠷᠤᠳᠠᠯ᠎ᠢ ᠠᠯᠢ ᠴᠢᠳᠠᠬᠤ ᠪᠡᠷ ᠪᠠᠭᠠᠰᠬᠠᠬᠤ ᠬᠡᠷᠡᠭᠳᠡᠢ
2025-11-10 16:11:25
ᠵᠣᠬᠢᠶᠠᠭ᠍ᠴᠢ᠄
ᠰᠢᠨᠬᠤᠸᠠ ᠬᠣᠷᠢᠶ᠎ᠡ ᠵᠢᠨ ᠰᠤᠷᠪᠤᠯᠵᠢᠯᠠᠭ᠍ᠴᠢ ᠴᠧᠨ ᠨᠦᠸᠸ
ᠣᠩᠱᠢᠭ᠍ᠰᠠᠨ ᠣᠳᠠᠭ᠎ᠠ᠄
★★★☆☆

ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠨᠠᠮ ᠵᠠᠰᠠᠭ᠎ᠤᠨ ᠪᠠᠢᠭᠤᠯᠭ᠎ᠠ᠎ᠶᠢᠨ ᠠᠷᠪᠢᠯᠠᠨ ᠭᠠᠮᠨᠠᠬᠤ᠎ᠶᠢ ᠴᠢᠨᠭᠭ᠎ᠠ ᠬᠡᠷᠡᠭᠵᠢᠭᠦᠯᠵᠤ ᠪᠦᠷᠢᠯᠭᠡᠨ ᠰᠦᠢᠳᠬᠡᠬᠦ᠎ᠶᠢ ᠡᠰᠡᠷᠭᠦᠴᠡᠬᠦ ᠳᠦᠷᠢᠮ》 ᠢ᠋ ᠬᠡᠷᠡᠭᠵᠢᠭᠦᠯᠦᠭᠰᠡᠨ᠎ᠡᠴᠡ ᠨᠠᠭᠠᠰᠢ᠂ ᠨᠠᠮ ᠵᠠᠰᠠᠭ᠎ᠤᠨ ᠪᠠᠢᠭᠤᠯᠭ᠎ᠠ ᠲᠦᠷᠦᠭᠦᠯᠡᠨ ᠠᠷᠪᠢᠴᠢ ᠭᠠᠮᠲᠠᠢ ᠠᠮᠢᠳᠤᠷᠠᠬᠤ ᠳᠦᠷᠢᠮ᠎ᠤᠨ 《ᠱᠤᠷᠠᠭ》᠎ᠢ᠋ ᠤᠯᠠᠮ ᠨᠢᠭᠡ ᠠᠯᠬᠤᠮ ᠴᠢᠩᠭᠠᠯᠠᠵᠤ᠂ ᠵᠠᠰᠠᠭ᠎ᠤᠨ ᠣᠷᠳᠣᠨ᠎ᠤ ᠨᠢᠬᠡ ᠮᠥᠩᠭᠥ ᠪᠦᠷᠢ᠎ᠶᠢ ᠴᠥᠮ ᠢᠯᠡ ᠪᠡᠷ ᠠᠷᠪᠢᠯᠠᠨ ᠬᠡᠷᠡᠭᠯᠡᠵᠤ᠂ ᠪᠣᠳᠠᠲᠠᠢ ᠭᠠᠵᠠᠷ᠎ᠲᠤ ᠵᠠᠷᠤᠬᠤ ᠬᠡᠷᠡᠭᠲᠡᠢ ᠭᠡᠰᠡᠨ ᠢᠯᠡ ᠲᠣᠳᠣ ᠳᠣᠬᠢᠶ᠎ᠠ᠎ᠶᠢ ᠳᠠᠬᠢᠨᠲᠠ ᠳᠠᠮᠵᠢᠭᠤᠯᠪᠠ᠃ ᠢᠯᠠᠩᠭᠤᠶ᠎ᠠ ᠲᠡᠳᠡᠭᠡᠷ 《ᠦᠨᠭᠭᠡᠨ ᠲᠠᠯ᠎ᠠ ᠵᠢ ᠴᠢᠮᠡᠭᠯᠡᠬᠦ》 ᠶ᠋ᠢᠨ ᠲᠥᠯᠥᠭᠡ ᠪᠤᠢ ᠪᠣᠯᠤᠭᠰᠠᠨ ᠴᠢᠬᠤᠯᠠ ᠪᠤᠰᠤ ᠵᠠᠷᠤᠳᠠᠯ᠎ᠢ ᠨᠡᠩ ᠴᠤ᠌ ᠠᠯᠢ ᠴᠢᠳᠠᠬᠤ ᠪᠡᠷ ᠠᠷᠪᠢᠯᠠᠵᠤ᠂ ᠠᠯᠢ ᠴᠢᠳᠠᠬᠤ ᠪᠡᠷ ᠪᠠᠭᠠᠰᠬᠠᠬᠤ ᠬᠡᠷᠡᠭᠳᠡᠢ᠃

ᠣᠢᠷ᠎ᠠ᠎ᠶᠢᠨ ᠬᠤᠭᠤᠴᠠᠭᠠᠨ᠎ᠳᠤ ᠲᠥᠪ᠎ᠡᠴᠡ ᠨᠡᠢᠳᠡᠯᠡᠨ ᠵᠠᠷᠯᠠᠭᠰᠠᠨ ᠪᠠ ᠵᠠᠭᠤᠴᠢᠯᠠᠭᠤᠷ᠎ᠤᠨ ᠢᠯᠡᠴᠢᠯᠡᠭᠰᠡᠨ ᠴᠥᠭᠡᠨ ᠪᠤᠰᠤ ᠨᠡᠢᠲᠡᠯᠢᠭ ᠬᠡᠷᠡᠭ᠎ᠡᠴᠡ ᠦᠵᠡᠪᠡᠯ 《ᠨᠡᠷ᠎ᠡ ᠨᠢᠭᠤᠷ᠎ᠢ ᠬᠦᠬᠡᠬᠡᠴᠡᠯᠳᠦᠬᠦ》 ᠰᠤᠷᠲᠠᠯ ᠴᠦᠬᠡᠨ ᠪᠤᠰᠤ ᠬᠠᠷᠠᠭᠳᠠᠵᠤ ᠪᠠᠢᠨ᠎ᠠ᠄ ᠵᠠᠷᠢᠮ ᠬᠣᠲᠠ᠎ᠶᠢᠨ ᠬᠢᠨ ᠰᠣᠶᠣᠯ ᠵᠢᠭᠤᠯᠴᠢᠯᠠᠯ᠎ᠤᠨ ᠨᠡᠷ᠎ᠡ᠎ᠪᠡᠷ ᠦᠵᠡᠮᠵᠢ᠎ᠶᠢ ᠪᠠᠢᠭᠤᠯᠬᠤ ᠢᠨᠵᠧᠨᠧᠷᠢᠩ᠎ᠢ 《ᠬᠦᠷᠦᠨᠭᠭᠡ ᠪᠡᠨ ᠬᠦᠨᠲᠦᠷᠦᠨ》 ᠶᠡᠬᠡ᠎ᠪᠡᠷ ᠬᠢᠵᠦ᠂ ᠡᠴᠦᠰ ᠲᠡᠬᠡᠨ 《ᠲᠤᠷᠭᠤᠨ ᠤᠷᠬᠢᠭᠰᠠᠨ ᠦᠵᠡᠮᠵᠢ》 ᠪᠣᠯᠵᠤ ᠪᠠᠢᠨ᠎ᠠ; ᠵᠠᠷᠢᠮ ᠬᠥᠳᠡᠭᠡ ᠲᠣᠰᠬᠣᠨ᠎ᠳᠤ᠂ ᠰᠢᠨ᠎ᠡ᠎ᠪᠡᠷ ᠪᠠᠢᠭᠤᠯᠤᠭᠰᠠᠨ ᠬᠥᠳᠡᠭᠡ ᠲᠣᠰᠬᠣᠨ᠎ᠤ ᠨᠡᠶ᠋ᠢᠲᠡ᠎ᠶᠢᠨ ᠵᠣᠷᠯᠣᠩ᠎ᠤᠨ ᠭᠠᠳᠠᠷ ᠪᠠᠢᠳᠠᠯ ᠨᠢ ᠰᠠᠢᠬᠠᠨ ᠬᠠᠷᠠᠭᠳᠠᠵᠤ ᠪᠠᠢᠪᠠᠴᠦ᠂ ᠤᠰᠤ ᠴᠠᠬᠢᠯᠭᠠᠨ ᠦᠨᠡᠲᠡᠢ᠂ ᠴᠡᠪᠡᠷᠯᠡᠬᠦ᠎ᠳᠦ ᠬᠦᠴᠢᠷᠲᠡᠢ ᠵᠡᠷᠭᠡ ᠠᠰᠠᠭᠤᠳᠠᠯ ᠡᠴᠡ ᠪᠣᠯᠵᠤ ᠣᠷᠳᠣ᠌ ᠬᠤᠭᠤᠴᠠᠭ᠎ᠠ᠎ᠪᠠᠷ ᠡᠭᠦᠳᠡ᠎ᠪᠡᠨ ᠣᠨᠢᠰᠤᠯᠠᠵᠤ᠂ ᠬᠡᠷᠡᠭᠴᠡᠭᠡ ᠦᠭᠡᠢ 《ᠦᠯᠢᠭᠡᠷ ᠭᠡᠪ᠎ᠲᠡᠳᠦᠢ ᠥᠷᠥᠭᠡ》 ᠪᠣᠯᠤᠭᠰᠠᠨ ᠪᠠᠢᠨ᠎ᠠ; ᠵᠠᠷᠢᠮ ᠭᠠᠵᠠᠷ᠎ᠤᠨ ᠬᠢᠨ ᠵᠠᠰᠠᠭ᠎ᠤᠨ ᠶᠠᠪᠤᠳᠠᠯ᠎ᠤᠨ ᠶᠡᠬᠡ ᠲᠢᠩᠬᠢᠮ᠎ᠳᠦ ᠠᠰᠤᠷᠤ ᠶᠡᠬᠡ ᠪᠡᠯᠡ ᠮᠥᠩᠭᠥ᠎ᠪᠡᠷ ᠲᠣᠮᠣ᠌ ᠳᠡᠯᠭᠡᠴᠡ ᠲᠠᠭᠠᠷᠠᠭᠤᠯᠤᠭᠰᠠᠨ ᠪᠣᠯᠪᠠᠴᠤ ᠲᠡᠬᠡᠷ᠎ᠡ ᠱᠠᠳᠤᠨ᠎ᠤ ᠬᠢᠨ ᠢᠷᠡᠵᠤ ᠲᠣᠭᠣᠷᠢᠨ ᠦᠵᠡᠬᠦ ᠦᠶᠡᠰ ᠲᠤ᠌ ᠯᠡ ᠨᠡᠬᠡᠬᠡᠵᠤ ᠦᠵᠡᠬᠦᠯᠦᠨ᠎ᠡ ᠁ ᠡᠳᠡᠬᠡᠷ 《ᠦᠩᠬᠡᠨ ᠲᠠᠯ᠎ᠠ᠎ᠶᠢᠨ ᠢᠨᠵᠧᠨᠧᠷᠢᠩ》 ᠤ᠋ᠨ ᠰᠢᠨ᠎ᠡ ᠤᠨᠳᠤᠤᠰᠢᠯ ᠨᠢ ᠶᠠᠷᠦ ᠨᠢ 《ᠰᠢᠨ᠎ᠡ᠎ᠶᠢ ᠡᠭᠦᠳᠬᠦ》᠂ 《ᠠᠷᠠᠳ᠎ᠤᠨ ᠠᠮᠢᠳᠤᠷᠠᠯ》᠂ 《ᠥᠨᠳᠥᠷ ᠪᠦᠲᠦᠮᠵᠢᠲᠡᠢ》 ᠭᠡᠬᠦ ᠨᠡᠷ᠎ᠡ ᠵᠢ ᠵᠡᠬᠦᠵᠤ᠂ ᠨᠡᠩ ᠶᠡᠬᠡ ᠲᠠᠯᠳᠠᠯᠠᠬᠤ ᠴᠢᠨᠠᠷ ᠪᠠ ᠡᠨᠳᠡᠬᠦᠷᠡᠬᠦᠯᠬᠦ ᠰᠢᠨᠵᠢ᠎ᠲᠠᠢ ᠪᠠᠢᠵᠤ᠂ ᠬᠣᠪᠣᠷ ᠨᠠᠨᠳᠢᠨ ᠡᠳ᠋᠎ᠦᠨ ᠵᠠᠰᠠᠭ᠎ᠤᠨ ᠡᠬᠢ ᠪᠠᠶᠠᠯᠢᠭ᠋᠎ᠢ ᠪᠦᠷᠢᠯᠭᠡᠬᠦ᠎ᠪᠡᠷ ᠪᠠᠷᠠᠬᠤ ᠦᠭᠡᠢ᠂ ᠵᠠᠰᠠᠭ᠎ᠤᠨ ᠣᠷᠳᠣᠨ᠎ᠤ ᠢᠲᠡᠭᠡᠭᠦᠯᠬᠦ ᠬᠦᠴᠦᠨ ᠪᠠ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠎ᠢ ᠨᠡᠩ ᠬᠦᠨᠳᠦ ᠨᠣᠴᠢᠲᠠᠢ ᠬᠣᠬᠢᠷᠠᠭᠤᠯᠳᠠᠭ᠃

《ᠦᠩᠬᠡᠨ ᠲᠠᠯ᠎ᠠ᠎ᠶᠢᠨ ᠢᠨᠵᠧᠨᠧᠷᠢᠩ》 ᠦ᠋ᠨ ᠮᠥᠨ ᠴᠢᠨᠠᠷ ᠨᠢ ᠵᠠᠰᠠᠭ᠎ᠤᠨ ᠠᠵᠢᠯ᠎ᠤᠨ ᠠᠮᠵᠢᠯᠲᠠ᠎ᠶᠢᠨ ᠲᠤᠬᠠᠢ ᠵᠦᠪ ᠪᠤᠰᠤ ᠦᠵᠡᠯᠲᠡ ᠪᠠᠢᠵᠤ᠂ ᠬᠠᠷᠢᠭᠤᠴᠠᠯᠭᠠᠲᠤ ᠰᠡᠳᠬᠢᠯᠭᠡ ᠪᠡᠷ ᠳᠤᠲᠠᠮᠠᠭ ᠪᠠᠢᠬᠤ᠎ᠳᠤ ᠣᠷᠣᠰᠢᠨ᠎ᠠ᠃ ᠵᠠᠷᠢᠮ ᠺᠠᠳ᠋ᠷ 《ᠵᠣᠭᠣᠰ  ᠵᠠᠷᠤᠵᠤ  ᠮᠠᠶᠢᠭ᠋ ᠦᠵᠡᠭᠦᠯᠬᠦ》 ᠳ᠋ᠤ ᠳᠠᠳᠴᠦ᠂ ᠶᠡᠬᠡ ᠠᠵᠢᠯ ᠬᠢᠪᠡᠯ ᠰᠠᠶᠢ ᠶᠡᠬᠡ ᠠᠮᠵᠢᠯᠲᠠ ᠪᠦᠲᠦᠮᠵᠢ ᠭᠠᠷᠭᠠᠵᠤ ᠴᠢᠳᠠᠨ᠎ᠠ ᠭᠡᠵᠦ ᠦᠵᠡᠭᠡᠳ᠂ ᠪᠣᠳᠠᠲᠤ ᠬᠡᠷᠡᠭᠴᠡᠭᠡ ᠪᠠ ᠡᠳ᠋᠎ᠦᠨ ᠬᠦᠴᠦᠨ᠎ᠢᠶᠡᠨ ᠬᠠᠢᠬᠤᠷᠤᠯ ᠦᠭᠡᠢ᠎ᠪᠡᠷ ᠰᠣᠬᠣᠷ ᠪᠠᠯᠠᠢ᠎ᠪᠠᠷ ᠪᠦᠲᠦᠭᠡᠨ ᠪᠠᠢᠭᠤᠯᠤᠯᠳᠠ ᠪᠡᠨ ᠦᠷᠭᠡᠳᠬᠡᠵᠤ᠂ ᠲᠦᠷᠦᠯ ᠵᠦᠢᠯ᠎ᠢ ᠡᠬᠢᠯᠡᠭᠦᠯᠳᠡᠭ᠃ ᠡᠭᠦᠨ᠎ᠦ ᠦᠷ᠎ᠡ ᠳ᠋ᠦᠩ᠎ᠳᠦ ᠣᠯᠠᠩᠬᠢ᠎ᠳᠠᠭᠠᠨ 《ᠪᠠᠷᠰ᠎ᠤᠨ ᠲᠤᠯᠤᠭᠠᠢ ᠪᠡᠷ ᠡᠬᠢᠯᠡᠵᠤ᠂ ᠮᠤᠭᠠᠢ ᠵᠢᠨ ᠰᠡᠭᠦᠯ᠎ᠢᠶᠡᠷ ᠰᠢᠪᠲᠤᠷᠴᠦ》᠂ ᠶᠠᠮᠠᠷ ᠴᠤ᠌ ᠦᠩᠬᠡ ᠬᠡᠷᠡᠯ ᠦᠬᠡᠢ ᠮᠦᠷᠳᠡᠬᠡᠨ ᠬᠡᠳᠡᠷᠬᠦ᠎ᠪᠡᠨ ᠨᠡᠷ᠎ᠡ ᠬᠦᠨᠳᠦ ᠪᠡᠨ ᠪᠠᠷᠠᠵᠤ᠂ ᠠᠷᠠᠳ᠎ᠤᠨ ᠰᠡᠳᠬᠢᠯ᠎ᠢ ᠬᠥᠷᠥᠭᠡᠳᠡᠭ᠃

ᠵᠢᠩᠬᠢᠨᠢ ᠨᠡᠷ᠎ᠡ ᠨᠢᠭᠤᠷ᠎ᠢ ᠵᠣᠭᠣᠰ᠎ᠢᠶᠠᠷ ᠣᠪᠣᠭᠠᠯᠠᠵᠤ ᠭᠠᠷᠭᠠᠳᠠᠭ ᠪᠢᠰᠢ ᠬᠠᠷᠢᠨ ᠪᠣᠳᠠᠲᠠᠢ ᠠᠵᠢᠯᠯᠠᠭ᠎ᠠ᠎ᠪᠠᠷ᠎ᠢᠶᠡᠨ᠎ᠪᠦᠲᠦᠭᠡᠳᠡᠭ᠃ ᠠᠷᠠᠳ ᠤᠯᠠᠨ᠎ᠳᠤ ᠢᠯᠡᠭᠦᠬᠡᠨ ᠠᠵᠢᠯ ᠬᠢᠵᠦ᠂ ᠪᠣᠳᠠᠲᠦ ᠠᠵᠢᠯ ᠬᠢᠵᠦ᠂ ᠨᠡᠩ ᠤᠯᠠᠨ ᠡᠬᠢ ᠪᠠᠶᠠᠯᠢᠭ᠋᠎ᠢ ᠠᠵᠢᠯ ᠣᠯᠭᠣᠯᠲᠠ᠎ᠶᠢ ᠲᠡᠳᠬᠦᠬᠦ᠂ ᠰᠤᠷᠭᠠᠨ ᠬᠥᠮᠦᠵᠢᠯ᠎ᠢ ᠰᠠᠢᠵᠢᠷᠠᠭᠤᠯᠬᠤ᠂ ᠡᠮ ᠡᠮᠨᠡᠯᠭᠡ᠎ᠶᠢᠨ ᠨᠦᠬᠦᠴᠡᠯ᠎ᠢ ᠳᠡᠭᠡᠭᠰᠢᠯᠡᠭᠦᠯᠬᠦ᠂ ᠨᠠᠰᠤᠵᠢᠯ᠎ᠤᠨ ᠠᠰᠠᠷᠠᠮᠵᠢ ᠵᠢ ᠴᠢᠨᠭᠭᠠᠳᠬᠠᠬᠤ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠎ᠠ᠎ᠳᠤ ᠬᠡᠷᠡᠭᠯᠡᠵᠦ᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ᠎ᠶᠢ ᠦᠨᠡᠨ ᠬᠦ᠌ ᠰᠢᠢᠳᠪᠦᠷᠢᠯᠡᠬᠦ ᠬᠡᠷᠡᠭᠲᠡᠢ; ᠪᠡᠯᠡ ᠮᠥᠩᠭᠥ᠎ᠶᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠠᠬᠢᠭᠤᠯᠬᠤ᠂ ᠠᠵᠤ ᠦᠢᠯᠡᠰ᠎ᠦᠨ ᠲᠡᠰ ᠳᠡᠪᠰᠢᠬᠦ᠎ᠶᠢ ᠠᠬᠢᠭᠤᠯᠬᠤ ᠵᠡᠷᠭᠡ ᠨᠡᠢᠭᠡᠮ᠎ᠦᠨ ᠬᠥᠭᠵᠢᠯᠲᠡ᠎ᠶᠢᠨ ᠵᠠᠩᠭᠢᠯᠠᠭ᠎ᠠ᠎ᠶᠢᠨ ᠭᠣᠭᠴᠣᠭ᠎ᠠ᠎ᠳᠤ ᠨᠡᠩ ᠢᠯᠡᠭᠦᠬᠡᠨ ᠣᠷᠣᠭᠤᠯᠬᠤ ᠬᠡᠷᠡᠭᠳᠡᠢ᠃ ᠡᠢᠮᠦ ᠪᠡᠯᠡ ᠣᠷᠣᠭᠤᠯᠤᠯᠲᠠ ᠰᠠᠶᠢ ᠦᠨ᠎ᠡ ᠦᠷᠲᠡᠭ ᠲᠡᠢ ᠪᠠᠢᠵᠤ᠂ ᠡᠢᠮᠦ ᠨᠡᠷ᠎ᠡ ᠨᠢᠭᠤᠷ ᠰᠠᠶᠢ ᠦᠨᠭᠭᠡ ᠭᠡᠷᠡᠯ᠎ᠲᠠᠢ᠃

《ᠨᠡᠷ᠎ᠡ ᠨᠢᠭᠤᠷ᠎ᠤᠨ ᠲᠥᠯᠥᠭᠡ ᠵᠣᠭᠣᠰ ᠵᠠᠷᠤᠬᠤ》 ᠬᠡᠢᠷᠬᠡᠯ᠎ᠢ ᠬᠣᠷᠢᠭ᠍ᠯᠠᠬᠤ᠎ᠳᠤ᠂ ᠨᠠᠮ ᠵᠠᠰᠠᠭ᠎ᠤᠨ ᠪᠠᠢᠭᠤᠯᠭ᠎ᠠ ᠲᠦᠷᠦᠭᠦᠯᠡᠨ ᠠᠷᠪᠢᠴᠢ ᠭᠠᠮᠲᠠᠢ ᠠᠮᠢᠳᠤᠷᠠᠬᠤ ᠬᠡᠷᠡᠭᠲᠡᠢ᠃ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ᠎ᠶᠢ ᠴᠢᠩᠭᠠᠳᠬᠠᠵᠤ᠂ 《ᠳᠦᠷᠢ ᠲᠥᠷᠬᠦ᠎ᠶᠢᠨ ᠢᠨᠵᠧᠨᠧᠷᠢᠩ》᠂ 《ᠦᠩᠬᠡᠨ ᠲᠠᠯ᠎ᠠ᠎ᠶᠢᠨ ᠢᠨᠵᠧᠨᠧᠷᠢᠩ》 ᠢ᠋ ᠶᠡᠬᠡ ᠪᠡᠷ ᠬᠢᠵᠦ ᠪᠠᠢᠭ᠎ᠠ ᠨᠢᠭᠡᠴᠢ ᠪᠣᠯᠣᠨ ᠬᠤᠪᠢ ᠬᠥᠮᠥᠨ᠎ᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠤᠯᠠᠨ᠎ᠳᠤ ᠵᠠᠷᠯᠠᠨ ᠢᠯᠡᠴᠢᠯᠡᠵᠦ᠂ ᠳᠦᠷᠢᠮ᠎ᠢ ᠦᠨᠡᠨ ᠬᠦ᠌ ᠬᠦᠨᠳᠡᠵᠤ ᠪᠤᠯᠤᠰᠢ ᠦᠬᠡᠢ 《ᠥᠨᠳᠥᠷ ᠬᠦᠴᠦᠳᠡᠯᠲᠦ ᠴᠠᠬᠢᠯᠭᠠᠨ ᠤᠲᠠᠰᠦ》 ᠪᠣᠯᠭᠠᠬᠤ ᠬᠡᠷᠡᠭᠲᠡᠢ᠃ ᠡᠭᠦᠨ᠎ᠦ ᠵᠡᠷᠭᠡ᠎ᠳᠦ᠂ ᠺᠠᠳ᠋ᠷ᠎ᠢ ᠬᠢᠨᠠᠨ ᠰᠢᠯᠭᠠᠬᠤ ᠲᠣᠭᠲᠡᠴᠡ᠎ᠶᠢᠨ ᠥᠭᠡᠷᠡᠴᠢᠯᠡᠯᠲᠡ᠎ᠶᠢ ᠠᠬᠢᠭᠤᠯᠵᠤ᠂ ᠪᠣᠳᠠᠲᠤ ᠠᠮᠵᠢᠯᠲᠠ᠎ᠶᠢᠨ ᠤᠳᠤᠷᠢᠳᠤᠮᠵᠢ᠎ᠶᠢ ᠲᠤᠪᠤᠢ᠍ᠢᠯᠭᠠᠵᠤ᠂ ᠲᠡᠳᠡᠭᠡᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠯᠠᠨ ᠲᠦᠮᠡᠨ᠎ᠳᠦ ᠮᠡᠳᠡᠷᠡᠭᠳᠡᠭᠰᠡᠨ ᠺᠠᠳ᠋ᠷ᠎ᠢ ᠲᠠᠪᠴᠠᠩ᠎ᠲᠠᠢ ᠪᠣᠯᠭᠠᠵᠤ᠂ ᠬᠡᠯᠪᠡᠷᠢ ᠵᠢ ᠬᠦᠭᠡᠭᠡᠴᠡᠯᠳᠦᠵᠤ᠂ ᠦᠩᠭᠡᠨ ᠲᠠᠯ᠎ᠠ᠎ᠶᠢᠨ ᠠᠵᠢᠯ ᠬᠢᠬᠦ ᠳᠤᠷᠠᠳᠠᠢ ᠬᠥᠮᠥᠰ᠎ᠢ  ᠵᠠᠬ᠎ᠠ ᠳᠡᠯᠭᠡᠭᠦᠷ ᠦᠭᠡᠢ ᠪᠣᠯᠭᠠᠬᠤ ᠬᠡᠷᠡᠭᠲᠡᠢ᠃

ᠨᠠᠮ ᠵᠠᠰᠠᠭ᠎ᠤᠨ ᠪᠠᠢᠭᠤᠯᠭ᠎ᠠ ᠲᠦᠷᠦᠭᠦᠯᠡᠨ ᠠᠷᠪᠢᠴᠢ ᠭᠠᠮᠲᠠᠢ ᠠᠮᠢᠳᠤᠷᠠᠬᠤ ᠭᠡᠳᠡᠭ ᠨᠢ ᠵᠣᠭᠣᠰ ᠵᠠᠷᠤᠬᠤ ᠦᠭᠡᠢ ᠭᠡᠰᠡᠨ ᠶᠠᠪᠤᠳᠠᠯ ᠪᠢᠰᠢ᠂ ᠬᠠᠷᠢᠨ ᠵᠣᠭᠣᠰ᠎ᠢ ᠳᠤᠷ᠎ᠠ᠎ᠪᠠᠷ ᠵᠠᠷᠤᠬᠤ ᠦᠭᠡᠢ ᠭᠡᠰᠡᠨ ᠶᠠᠪᠤᠳᠠᠯ ᠮᠥᠨ᠃ ᠦᠩᠬᠡᠨ ᠲᠠᠯ᠎ᠠ ᠵᠢᠨ ᠬᠠᠭᠤᠷᠮᠠᠭ ᠬᠤᠭᠤᠰᠤᠨ ᠦᠢᠯᠡ ᠬᠢᠳᠡᠯ᠎ᠢ ᠤᠷᠬᠢᠵᠤ᠂ ᠨᠠᠮ ᠵᠠᠰᠠᠭ᠎ᠤᠨ ᠪᠠᠢᠭᠤᠯᠭ᠎ᠠ᠎ᠶᠢᠨ ᠠᠷᠪᠢᠴᠢ ᠭᠠᠮᠲᠠᠢ ᠠᠮᠢᠳᠤᠷᠠᠯ᠎ᠢ ᠠᠷᠠᠳ ᠢᠷᠭᠡᠳ᠎ᠦᠨ ᠰᠠᠢᠨ ᠰᠠᠢᠬᠠᠨ ᠠᠮᠢᠳᠤᠷᠠᠯ ᠪᠣᠯᠭᠠᠪᠠᠯ᠂ ᠠᠷᠠᠳ ᠢᠷᠭᠡᠳ᠎ᠲᠦ ᠲᠥᠷᠥ᠎ᠶᠢᠨ ᠪᠣᠳᠣᠯᠭ᠎ᠠ᠎ᠶᠢᠨ ᠬᠠᠯᠠᠭᠤᠨ ᠳᠤᠯᠠᠭᠠᠨ᠎ᠢ ᠦᠨᠡᠨ ᠬᠦ᠌ ᠮᠡᠳᠡᠷᠡᠭᠦᠯᠵᠦ᠂ ᠠᠷᠠᠳ᠎ᠤᠨ ᠰᠡᠳᠬᠢᠯ᠎ᠢ ᠣᠯᠵᠤ ᠴᠢᠳᠠᠨ᠎ᠠ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 11 ᠰᠠᠷ᠎ᠠ᠎ᠶᠢᠨ 6᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号