ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠬᠥᠳᠡᠭᠡ ᠲᠣᠰᠭᠣᠨ᠎ᠳᠤ᠂ ᠠᠷᠠᠳ᠎ᠤᠨ ᠰᠠᠭᠤᠴᠠ᠎ᠶ᠋ᠢᠨ ᠬᠦᠷᠢᠢ᠎ᠡ ᠬᠠᠱᠢᠶ᠎ᠠ ᠲᠠᠷᠢ ᠲᠡᠭ᠌ᠰᠢ ᠵᠢᠭᠳᠡᠷᠡᠵᠦ᠂ ᠲᠤᠮᠤ ᠬᠦᠯᠡᠮᠵᠢ ᠤᠳᠤᠨ ᠮᠡᠴᠢᠳ ᠲᠦᠭᠡᠭ᠌ᠰᠡᠨ ᠰᠢᠭ ᠬᠠᠷᠠᠬᠳᠠᠨ᠎ᠠ; ᠳᠤᠯᠠᠭᠠᠨ ᠨᠡᠢᠭᠡᠮ ᠲᠣᠭᠣᠷᠢᠭ᠎ᠲᠤ᠂ ᠨᠠᠮ᠎ᠤᠨ ᠭᠡᠱᠢᠭᠦᠨ᠎ᠦ ᠪᠠᠷ᠎ᠠ ᠰᠡᠬᠦᠳᠡᠷ ᠬᠥᠷᠰᠢ ᠰᠠᠭᠠᠬᠠᠯᠲᠠ᠎ᠶ᠋ᠢᠨ ᠳᠤᠮᠳᠠ ᠵᠤᠷᠴᠢᠯᠳᠤᠨ᠂ ᠰᠠᠭᠤᠭᠠᠯᠢ ᠠᠷᠠᠳ᠎ᠤᠨ ᠴᠢᠷᠠᠢ᠎ᠳᠤ ᠢᠨᠢᠶᠡᠮᠰᠦᠭ᠌ᠯᠡᠯ ᠲᠣᠳᠣᠷᠠᠨ᠎ᠠ ᠁ ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠲᠦᠴᠢᠦᠸᠠᠨ ᠱᠢᠶᠠᠨ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠱᠠᠭᠠᠷᠳᠠᠯᠭ᠎ᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠪᠠᠢᠭᠤᠯᠤᠨ ᠬᠦᠴᠦᠷᠬᠡᠭ᠌ᠵᠢᠭᠦᠯᠬᠦ᠌ᠲᠠᠯᠠ ᠪᠡᠷ ᠬᠦᠴᠦᠯᠡᠵᠦ᠂ ᠱᠢᠶᠠᠨ᠎ᠤ ᠬᠡᠪᠴᠢᠶᠡᠨ᠎ᠦ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠪᠠ᠃
ᠰᠠᠭᠤᠷᠢ᠎ᠵᠢ ᠪᠠᠲᠤᠳᠬᠠᠨ ᠦᠨᠳᠦᠰᠦ ᠪᠠᠨ ᠪᠡᠬᠢᠵᠢᠬᠦᠯᠵᠦ ᠬᠦᠳᠡᠭᠡ ᠲᠤᠰᠬᠤᠨ᠎ᠤ ᠪᠦᠲᠦᠭᠡᠨ ᠪᠠᠢᠭᠤᠯᠤᠯᠲᠠ᠎ᠳᠤ ᠬᠦᠴᠦᠨ ᠤᠯᠭᠤᠪᠠ
ᠵᠡᠭᠦᠨ ᠳᠥᠷᠥᠯᠵᠢ ᠪᠠᠯᠭᠠᠰᠤ᠎ᠶ᠋ᠢᠨ ᠮᠢᠩ ᠰᠢᠩ ᠲᠣᠰᠭᠣᠨ᠎ᠤ 《ᠮᠢᠩ ᠱᠢᠩ·ᠬᠡᠷ ᠪᠦᠯᠢ》 ᠭᠤᠤᠯ ᠰᠡᠳᠦᠪᠲᠦ ᠬᠡᠲᠦ ᠳᠡᠯᠭᠡᠭᠦᠷ᠎ᠲᠦ ᠣᠷᠣᠬᠤ᠎ᠳᠤ᠂ ᠪᠠᠷᠠᠭᠠᠨ᠎ᠤ ᠲᠠᠯᠪᠢᠭᠤᠷ ᠳᠡᠭᠡᠷᠡᠬᠢ ᠲᠠᠸᠠᠷ᠎ᠤᠨ ᠦᠨ᠎ᠡ᠎ᠶ᠋ᠢᠨ ᠱᠣᠱᠢᠭ᠎ᠠ᠎ᠨᠢ 《ᠬᠤᠪᠢ ᠬᠤᠷᠠᠮᠳᠤᠭᠤᠯᠬᠤ ᠥᠷᠲᠡᠭ》 ᠪᠣᠯᠵᠣ ᠬᠤᠪᠢᠷᠠᠪᠠ᠃ ᠲᠣᠰᠭᠣᠨ᠎ᠤ ᠠᠷᠠᠳ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠎ᠢ ᠴᠡᠭ᠌ᠴᠡᠯᠡᠨ ᠵᠠᠰᠠᠬᠤ᠂ ᠪᠣᠯᠪᠠᠰᠤᠨ᠎ᠢ ᠡᠭᠦᠳᠦᠨ ᠪᠠᠢᠭᠤᠯᠬᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡ ᠵᠡᠷᠭᠡ 40 ᠭᠠᠷᠤᠶ ᠵᠦᠶ᠋ᠯ᠎ᠦᠨ ᠪᠣᠳᠠᠲᠠᠶ ᠠᠵᠢᠯᠯᠠᠭ᠎ᠠ᠎ᠳᠤ ᠣᠷᠣᠯᠴᠠᠬᠤ᠎ᠪᠠᠷ ᠳᠡᠮᠵᠢᠨ ᠬᠤᠪᠢ ᠬᠤᠷᠠᠮᠳᠤᠭᠤᠯᠵᠤ ᠲᠠᠸᠠᠷ ᠰᠣᠯᠢᠵᠦ ᠪᠤᠯᠤᠨ᠎ᠠ᠃ ᠲᠣᠰᠭᠣᠨ᠎ᠤ ᠨᠠᠮ᠎ᠤᠨ ᠡᠭᠦᠷ᠎ᠦᠨ ᠳᠠᠭᠠᠭᠤᠯᠭ᠎ᠠ ᠳᠤᠤᠷ᠎ᠠ᠂ ᠮᠢᠩ ᠱᠢᠩ ᠲᠣᠰᠭᠣᠨ 《ᠨᠠᠮ᠎ᠤᠨ ᠵᠣᠬᠢᠶᠠᠨ ᠪᠠᠢᠭᠤᠯᠤᠯᠲᠠ᠎ᠠᠴᠠ ᠲᠦᠷᠦᠭᠦᠯᠡᠨ ᠬᠢᠬᠦ᠌ + ᠨᠠᠮ᠎ᠤᠨ ᠭᠡᠱᠢᠭᠦᠨ ᠵᠢᠱ᠌ᠢᠶ᠎ᠡ ᠦᠵᠡᠭᠦᠯᠬᠦ᠌ + ᠣᠯᠠᠨ ᠲᠦᠮᠡᠨ ᠣᠷᠣᠯᠴᠠᠬᠤ》 ᠲᠤᠤᠷᠵᠢᠬᠰᠠᠨ ᠵᠠᠰᠠᠯᠲᠠ᠎ᠶ᠋ᠢᠨ ᠪᠦᠲᠦᠴᠡ᠎ᠶ᠋ᠢ ᠪᠠᠢᠭᠤᠯᠵᠤ᠂ 2023 ᠣᠨ᠎ᠳᠤ ᠬᠤᠪᠢ ᠬᠤᠷᠠᠮᠳᠤᠭᠤᠯᠬᠤ ᠲᠦᠷᠢᠮ᠎ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠤᠯᠠᠨ ᠲᠦᠮᠡᠨ ᠡᠴᠡ ᠨᠡᠢᠲᠡ 10 ᠲᠦᠮᠨ ᠭᠠᠷᠤᠢ ᠲᠥᠭᠥᠷᠢᠭ᠎ᠦᠨ ᠥᠷᠲᠡᠭ ᠪᠥᠬᠥᠶ ᠡᠳ᠋ ᠪᠣᠳᠠᠰ᠎ᠢ ᠰᠣᠯᠢᠨ ᠠᠪᠴᠤ᠂ 90% ᠡᠴᠡ ᠳᠡᠭᠡᠭ᠌ᠰᠢᠬᠢ ᠬᠡᠷ ᠪᠦᠯᠢ ᠡᠭᠦᠨ᠎ᠳᠦ ᠣᠷᠣᠯᠴᠠᠪᠠ᠃

ᠬᠤᠪᠢ ᠬᠤᠷᠠᠮᠳᠤᠭᠤᠯᠵᠤ ᠡᠳ᠋ ᠪᠣᠳᠠᠰ ᠰᠣᠯᠢᠨ᠎ᠠ
ᠮᠢᠩ ᠰᠢᠩ ᠲᠣᠰᠭᠣᠨ ᠪᠠᠰᠠ 《ᠬᠤᠪᠢ ᠬᠤᠷᠠᠮᠳᠤᠭᠤᠯᠬᠤ +》 ᠵᠠᠭ᠍ᠪᠤᠷ᠎ᠤᠨ ᠱᠢᠨ᠎ᠡ ᠵᠢ ᠡᠭᠦᠳᠴᠦ᠍᠂ 《ᠬᠤᠪᠢ ᠬᠤᠷᠠᠮᠳᠤᠭᠤᠯᠬᠤ + ᠬᠥᠳᠡᠭᠡ ᠠᠵᠤ ᠠᠬᠤᠢ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ》᠂ 《ᠬᠤᠪᠢ ᠬᠤᠷᠠᠮᠳᠤᠭᠤᠯᠬᠤ + ᠠᠵᠤ ᠦᠢᠯᠡᠰ᠎ᠢ ᠬᠥᠭ᠌ᠵᠢᠭᠦᠯᠬᠦ᠌》 ᠵᠡᠷᠭᠡ ᠱᠢᠨ᠎ᠡ ᠠᠷᠭ᠎ᠠ ᠵᠠᠮ᠎ᠢ ᠰᠦᠪᠡᠭ᠌ᠴᠢᠯᠡᠵᠦ᠍᠂ ᠲᠣᠰᠭᠣᠨ᠎ᠤ ᠠᠷᠠᠳ᠎ᠤᠨ ᠦᠵᠡᠮᠵᠢ᠎ᠶ᠋ᠢᠨ ᠣᠷᠣᠨ᠎ᠤ ᠡᠵᠡᠩᠨᠡᠯᠲᠡ᠂ ᠤᠨᠴᠠᠯᠢᠬ᠍ᠳᠤ ᠲᠠᠷᠢᠮᠠᠯ ᠲᠠᠷᠢᠵᠦ ᠤᠷᠭᠤᠭᠤᠯᠬᠤ ᠵᠡᠷᠭᠡ᠎ᠳᠦ ᠣᠷᠣᠯᠴᠠᠬᠤ᠎ᠶ᠋ᠢ ᠠᠬᠢᠭᠤᠯᠵᠤ᠂ ᠬᠤᠪᠢ ᠬᠥᠮᠦᠨ᠎ᠦ ᠣᠷᠣᠯᠭ᠎ᠠ᠎ᠶ᠋ᠢᠨ ᠨᠡᠮᠡᠭ᠌ᠳᠡᠯ ᠪᠣᠯᠤᠨ ᠬᠠᠮᠲᠤ ᠨᠡᠢᠲᠡ᠎ᠶ᠋ᠢᠨ ᠬᠥᠭ᠌ᠵᠢᠯᠲᠡ᠎ᠶ᠋ᠢᠨ ᠬᠣᠣᠰ ᠠᠮᠵᠢᠯᠲᠠ᠎ᠶ᠋ᠢ ᠪᠡᠶᠡᠯᠡᠭᠦᠯᠪᠡ᠃ ᠣᠳᠣᠬᠠᠨ᠎ᠳᠤ᠂ ᠲᠦᠴᠢᠦᠸᠠᠨ ᠱᠢᠶᠠᠨ᠎ᠤ 188 ᠵᠠᠰᠠᠭ ᠵᠠᠬᠢᠷᠭᠠᠨ᠎ᠤ ᠲᠣᠰᠭᠣᠨ ᠨᠢᠭᠡᠨᠲᠡ ᠬᠤᠪᠢ ᠬᠤᠷᠠᠮᠳᠤᠭᠤᠯᠬᠤ ᠳᠦᠷᠢᠮ᠎ᠢ ᠨᠡᠢᠳᠡᠮ ᠬᠡᠷᠡᠭ᠌ᠵᠢᠭᠦᠯᠵᠦ᠍᠂ 《ᠬᠤᠪᠢ ᠬᠤᠷᠠᠮᠳᠤᠭᠤᠯᠬᠤ᠎ᠪᠠᠷ ᠴᠢᠷᠮᠠᠢᠬᠤ᠂ ᠱᠢᠨ᠎ᠡ ᠬᠡᠪ ᠰᠤᠷᠲᠠᠯ᠎ᠢ ᠪᠤᠢ ᠪᠣᠯᠭᠠᠬᠤ᠂ ᠬᠥᠭ᠌ᠵᠢᠯᠲᠡ᠎ᠶ᠋ᠢ ᠠᠬᠢᠭᠤᠯᠬᠤ》ᠵᠠᠰᠠᠯᠲᠠ᠎ᠶ᠋ᠢᠨ ᠱᠢᠨ᠎ᠡ ᠪᠠᠢᠷᠢᠱᠢᠯ᠎ᠢ ᠪᠦᠷᠢᠯᠳᠦᠭᠦᠯᠪᠡ᠃
ᠲᠦᠴᠢᠦᠸᠠᠨ ᠱᠢᠶᠠᠨ 《ᠮᠢᠩᠭ᠎ᠠ ᠲᠦᠮᠡ᠎ᠶ᠋ᠢᠨ ᠢᠨᠵᠧᠨᠧᠷᠢᠩ》 ᠤ᠋ᠨ ᠲᠤᠷᠱᠢᠯᠭ᠎ᠠ᠎ᠶ᠋ᠢ ᠭᠦᠨᠵᠡᠭᠡᠢ ᠰᠤᠷᠤᠯᠴᠠᠨ ᠬᠡᠷᠡᠭ᠌ᠯᠡᠵᠦ᠍᠂ ᠲᠣᠰᠭᠣᠨ᠎ᠤ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠂ ᠠᠵᠤ ᠦᠢᠯᠡᠰ᠎ᠦᠨ ᠬᠥᠭ᠌ᠵᠢᠯᠲᠡ ᠪᠠ ᠬᠥᠳᠡᠭᠡ ᠲᠣᠰᠭᠣᠨ᠎ᠤ ᠵᠠᠰᠠᠯᠲᠠ᠎ᠶ᠋ᠢᠨ ᠲᠠᠯ᠎ᠠ᠎ᠪᠠᠷ ᠪᠦᠬᠦ᠌ ᠲᠠᠯ᠎ᠠ᠎ᠪᠠᠷ ᠬᠦᠴᠦᠯᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠶᠠᠰᠤ ᠴᠢᠨᠠᠷ ᠦᠷ᠎ᠡ ᠪᠦᠲᠦᠮᠵᠢ᠎ᠶ᠋ᠢ ᠪᠦᠲᠦᠮᠵᠢᠲᠡᠢ ᠳᠡᠭᠡᠭ᠌ᠰᠢᠯᠡᠭᠦᠯᠪᠡ᠃ ᠲᠣᠰ ᠱᠢᠶᠠᠨ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠢ ᠢᠳᠡᠪᠬᠢᠲᠡᠶ ᠳᠠᠪᠲᠠᠨ ᠪᠣᠯᠪᠠᠰᠤᠷᠠᠭᠤᠯᠵᠤ᠂ 《ᠳᠥᠷᠪᠡᠨ ᠶᠠᠷᠢᠯᠴᠠᠭ᠎ᠠ ᠳᠥᠷᠪᠡᠨ ᠲᠣᠳᠣᠷᠬᠠᠶ》ᠠᠵᠢᠯ᠎ᠤᠨ ᠠᠷᠭ᠎ᠠ᠎ᠶ᠋ᠢᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠲᠣᠰᠭᠣᠨ᠎ᠤ ᠪᠠᠢᠳᠠᠯ᠂ ᠪᠠᠭ᠎ᠤᠨ ᠠᠵᠢᠯᠯᠠᠭᠠᠨ ᠵᠡᠷᠭᠡ ᠪᠠᠢᠳᠠᠯ᠎ᠢ ᠲᠣᠳᠣᠷᠬᠠᠶ ᠪᠥᠭᠡᠳ ᠪᠣᠳᠠᠲᠠᠶ ᠣᠢᠯᠠᠭᠠᠵᠤ᠂ ᠤᠯᠤᠰ ᠲᠥᠷᠥ᠎ᠶ᠋ᠢᠨ ᠲᠠᠯ᠎ᠠ᠎ᠪᠠᠷ ᠦᠨᠡᠨᠴᠢ ᠱᠢᠳᠤᠷᠭᠤ᠂ ᠣᠪᠣᠷ ᠰᠤᠷᠲᠠᠯ ᠱᠢᠯᠢᠳᠡᠭ ᠰᠠᠢᠨ᠂ ᠣᠯᠠᠨ ᠲᠦᠮᠡᠨ᠎ᠳᠦ ᠮᠡᠳᠡᠷᠡᠭ᠌ᠳᠡᠭ᠌ᠰᠡᠨ ᠦᠨᠳᠦᠰᠦᠨ ᠱᠠᠲᠤᠨ᠎ᠤ ᠭᠤᠤᠯᠯᠠᠭ᠍ᠴᠢ ᠬᠦᠴᠦᠨ᠎ᠤ ᠱᠢᠯᠢᠳᠡᠭ᠎ᠢ᠎ᠨᠢ ᠰᠣᠩᠭᠣᠨ ᠬᠥᠮᠦᠵᠢᠭᠦᠯᠪᠡ᠃
ᠪᠦᠦ ᠱ᠌ᠢ ᠪᠠᠯᠭᠠᠰᠤᠨ᠎ᠤ ᠪᠦᠦ ᠾᠧ ᠲᠣᠰᠭᠣᠨ᠎ᠤ ᠵᠢᠵᠢᠭ ᠰᠠᠪᠠ ᠭᠠᠵᠠᠷ᠎ᠢ ᠵᠠᠰᠠᠬᠤ ᠲᠥᠷᠥᠯ ᠵᠦᠶ᠋ᠯ᠎ᠦᠨ ᠪᠠᠷᠢᠯᠭ᠎ᠠ᠎ᠶ᠋ᠢᠨ ᠭᠠᠵᠠᠷ᠎ᠲᠤ ᠲᠣᠰᠭᠣᠨ᠎ᠤ ᠠᠷᠠᠳ ᠬᠦᠷ ᠬᠥᠭ᠌ᠵᠢᠶᠡᠨᠲᠡᠶ ᠠᠵᠢᠯᠯᠠᠨ᠎ᠠ᠃ ᠡᠨᠡ ᠪᠣᠯ ᠪᠦᠦ ᠱ᠌ᠢ ᠪᠠᠯᠭᠠᠰᠤᠨ᠎ᠤ 2025 ᠣᠨ᠎ᠤ ᠲᠥᠪ᠎ᠦᠨ ᠡᠳ᠋᠎ᠦᠨ ᠵᠠᠰᠠᠭ᠎ᠤᠨ ᠬᠦᠳᠡᠯᠮᠦᠷᠢ ᠪᠡᠷ ᠲᠡᠳᠬᠦᠮᠵᠢ᠎ᠶ᠋ᠢ ᠣᠷᠣᠯᠠᠭᠤᠯᠬᠤ ᠲᠥᠷᠥᠯ ᠵᠦᠶ᠋ᠯ ᠪᠣᠯᠤᠨ᠎ᠠ᠃ ᠲᠥᠷᠥᠯ ᠵᠦᠶ᠋ᠯ ᠡᠬᠢᠯᠡᠬᠦ᠌᠎ᠡᠴᠡ ᠡᠮᠦᠨ᠎ᠡ᠂ ᠪᠦᠦ ᠾᠧ ᠲᠣᠰᠭᠣᠨ 《ᠳᠥᠷᠪᠡ᠎ᠶ᠋ᠢ ᠵᠥᠪᠯᠡᠵᠦ᠍ ᠬᠣᠶᠠᠷ᠎ᠢ ᠢᠯᠡ ᠪᠣᠯᠭᠠᠬᠤ》ᠠᠵᠢᠯ᠎ᠤᠨ ᠠᠷᠭ᠎ᠠ ᠪᠡᠷ ᠳᠠᠮᠵᠢᠵᠦ᠂ ᠲᠣᠰᠭᠣᠨ᠎ᠤ ᠠᠷᠠᠳ᠎ᠢ ᠥᠷᠭᠡᠨ᠎ᠢᠶᠡᠷ ᠳᠠᠢᠴᠢᠯᠠᠨ ᠣᠷᠣᠯᠴᠠᠭᠤᠯᠬᠤ᠎ᠶ᠋ᠢᠨ ᠬᠠᠮᠲᠤ ᠨᠤᠲᠤᠭ᠎ᠲᠠᠭᠠᠨ ᠪᠤᠴᠠᠭ᠍ᠰᠠᠨ ᠬᠥᠯᠥᠰᠥᠨ ᠲᠠᠷᠢᠶᠠᠴᠢᠨ᠂ ᠶᠠᠳᠠᠭᠤ᠎ᠠᠴᠠ ᠠᠩᠭᠢᠵᠢᠷᠠᠭ᠍ᠰᠠᠨ ᠬᠥᠮᠦᠨ ᠠᠮᠠ ᠵᠡᠷᠭᠡ ᠬᠥᠮᠦᠰ᠎ᠢ ᠪᠠᠭ᠍ᠲᠠᠭᠠᠭ᠍ᠰᠠᠨ ᠲᠤᠬᠠᠶ᠎ᠶ᠋ᠢᠨ ᠭᠠᠵᠠᠷ᠎ᠤᠨ ᠣᠯᠠᠨ ᠲᠦᠮᠡᠨ᠎ᠢ ᠤᠷᠢᠳ᠎ᠢᠶᠠᠷ ᠤᠷᠢᠨ ᠬᠡᠷᠡᠭᠯᠡᠪᠡ᠃ ᠲᠣᠰᠭᠣᠨ᠎ᠤ ᠠᠷᠠᠳ ᠵᠠᠩ ᠬᠠᠶ ᠸᠸᠨ ᠪᠠᠷᠢᠯᠭ᠎ᠠ᠎ᠶ᠋ᠢᠨ ᠠᠵᠢᠯ ᠬᠢᠭᠰᠡᠨ ᠲᠤᠷᠱᠢᠯᠭ᠎ᠠ ᠳ᠋ᠠᠭᠠᠨ ᠲᠦᠰᠢᠭᠯᠡᠨ ᠨᠡᠷ᠎ᠡ ᠮᠡᠳᠡᠭᠦᠯᠵᠦ᠍᠂ ᠡᠳᠦᠷ ᠪᠦᠷᠢ 300 ᠲᠥᠭᠥᠷᠢᠭ᠎ᠦᠨ ᠣᠷᠣᠯᠭ᠎ᠠ ᠣᠯᠵᠤ᠂ ᠨᠢᠭᠡᠨᠲᠡ 5000 ᠭᠠᠷᠤᠶ ᠲᠥᠭᠥᠷᠢᠭ᠎ᠦᠨ ᠣᠷᠣᠯᠭ᠎ᠠ ᠣᠯᠵᠤ᠂ 《ᠬᠡᠷ᠎ᠦᠨ ᠡᠭᠦᠳᠡᠨ》 ᠳᠡᠭᠡᠷ᠎ᠡ᠎ᠪᠡᠨ ᠠᠵᠢᠯ ᠤᠯᠬᠤ᠎ᠶ᠋ᠢ ᠪᠡᠶᠡᠯᠡᠭᠦᠯᠪᠡ᠃
ᠦᠶ᠋ᠯᠡᠴᠢᠯᠡᠭᠡ᠎ᠶ᠋ᠢ ᠳᠣᠷᠣᠭ᠍ᠰᠢ ᠪᠠᠭᠤᠯᠭᠠᠵᠤ ᠬᠣᠲᠠ᠎ᠶ᠋ᠢᠨ ᠵᠠᠰᠠᠯᠲᠠ᠎ᠶ᠋ᠢᠨ ᠬᠥᠳᠡᠯᠭᠡᠬᠦ᠌ ᠬᠦᠴᠦᠨ᠎ᠢ ᠬᠥᠭ᠌ᠵᠢᠭᠡᠪᠡ
2024 ᠣᠨ᠎ᠤ ᠵᠤᠨ᠎ᠤ ᠤᠯᠠᠷᠢᠯ᠎ᠳᠤ᠂ ᠬ᠍ᠦ ᠰᠢ ᠨᠡᠢᠭᠡᠮ ᠲᠣᠭᠣᠷᠢᠭ᠎ᠤᠨ ᠲᠢᠶᠠᠨ ᠶᠤᠸᠠᠨ ᠭᠤᠷᠪᠠᠳᠤᠭᠠᠷ ᠬᠤᠭᠤᠴᠠᠭᠠᠨ᠎ᠤ ᠰᠠᠭᠤᠭᠠᠯᠢ ᠠᠷᠠᠳ᠎ᠤᠨ ᠲᠣᠭᠣᠷᠢᠭ᠎ᠤᠨ ᠡᠭᠦᠳᠡᠨ᠎ᠳᠦ ᠬᠦᠨᠳᠦ ᠨᠣᠴᠢᠲᠠᠶ ᠤᠰᠤ ᠬᠤᠷᠠᠬᠰᠠᠨ ᠦᠶ᠎ᠡ᠎ᠳᠤ᠂ ᠲᠤᠱᠢᠶᠠᠯ᠎ᠳᠤ ᠪᠠᠢᠭ᠎ᠠ ᠨᠠᠮ᠎ᠤᠨ ᠭᠡᠱᠢᠭᠦᠨ ᠯᠢ ᠨᠢᠩ ᠪᠣᠯᠤᠨ ᠼᠦᠢ ᠬᠣᠩ ᠹᠦ᠋ ᠬᠥᠷᠰᠢ ᠵᠡᠷᠭᠡᠯᠡᠳᠡᠭᠡ᠎ᠶ᠋ᠢᠨ ᠬᠡᠷᠡᠭ ᠵᠥᠪᠯᠡᠬᠦ᠌ ᠬᠤᠷᠠᠯ ᠳᠡᠭᠡᠷ᠎ᠡ ᠰᠠᠨᠠᠭᠠᠴᠢᠯᠠᠭ᠎ᠠ᠎ᠠᠴᠠ᠎ᠪᠠᠨ ᠡᠨᠡ ᠬᠦ᠌ ᠠᠰᠠᠭᠤᠳᠠᠯ᠎ᠢ ᠬᠦᠯᠢᠶᠡᠨ ᠠᠪᠴᠦ᠂ ᠠᠳᠠᠯ ᠠᠬᠤᠶ᠎ᠶ᠋ᠢ ᠵᠣᠬᠢᠴᠠᠭᠤᠯᠵᠦ᠂ ᠭᠤᠷᠪᠠᠬᠠᠨ ᠡᠳᠦᠷ᠎ᠦᠨ ᠴᠠᠭ ᠵᠠᠷᠤᠴᠠᠭᠤᠯᠵᠤ ᠤᠰᠤ ᠭᠠᠳᠠᠭ᠍ᠰᠢᠯᠠᠭᠤᠯᠬᠤ ᠥᠭᠡᠷᠡᠴᠢᠯᠡᠯᠲᠡ᠎ᠶ᠋ᠢ ᠪᠡᠶᠡᠯᠡᠭᠦᠯᠪᠡ᠃ ᠡᠨᠡ ᠪᠣᠯ ᠲᠦᠴᠢᠦᠸᠠᠨ ᠱᠢᠶᠠᠨ᠎ᠤ 《ᠬᠤᠤᠰ ᠨᠠᠮ᠎ᠤᠨ ᠡᠭᠦᠷ》 ᠤ᠋ᠨ ᠵᠠᠭ᠍ᠪᠤᠷ᠎ᠤᠨ ᠱᠢᠨᠡᠴᠢᠯᠡᠯᠲᠡ᠎ᠶ᠋ᠢᠨ ᠬᠤᠷᠢᠶᠠᠩᠭᠤᠢ ᠳᠦᠷᠰᠦ ᠪᠤᠯᠤᠨ᠎ᠠ᠃ ᠡᠬᠦᠨ᠎ᠳᠤ 《ᠬᠠᠮᠲᠤ᠎ᠪᠠᠷ ᠪᠠᠢᠭᠤᠯᠬᠤ》 ᠨᠠᠮ᠎ᠤᠨ ᠡᠭᠦᠷ ᠨᠢ ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠲᠠᠶ ᠬᠠᠮᠵᠢᠯᠴᠠᠨ ᠬᠦᠴᠦᠯᠡᠵᠦ᠍᠂《ᠨᠡᠢᠭᠡᠮ ᠲᠣᠭᠣᠷᠢᠭ᠎ᠠᠴᠠ ᠨᠢᠭᠡᠳᠦᠯᠲᠡᠢ ᠲᠥᠯᠥᠪᠵᠢᠭᠦᠯᠵᠦ᠍᠂ ᠨᠠᠮ᠎ᠤᠨ ᠡᠭᠦᠷ᠎ᠡᠴᠡ ᠨᠠᠢᠳᠠᠪᠤᠷᠢᠵᠢᠭᠤᠯᠬᠤ》 ᠵᠠᠰᠠᠯᠲᠠ᠎ᠶ᠋ᠢᠨ ᠪᠠᠢᠷᠢᠱᠢᠯ᠎ᠢ ᠪᠦᠷᠢᠯᠳᠦᠭᠦᠯᠪᠡ᠃
ᠣᠳᠣᠬᠠᠨ᠎ᠳᠤ᠂ ᠲᠦᠴᠢᠦᠸᠠᠨ ᠱᠢᠶᠠᠨ᠎ᠤ ᠠᠵᠢᠯ᠎ᠤᠨ ᠪᠠᠢᠷᠢ ᠳ᠋ᠠᠭᠠᠨ ᠪᠠᠢᠭ᠎ᠠ 3033 ᠨᠡᠷᠡᠰ ᠨᠠᠮ᠎ᠤᠨ ᠭᠡᠱᠢᠭᠦᠨ ᠰᠠᠭᠤᠭ᠎ᠠ ᠭᠠᠵᠠᠷ᠎ᠤᠨ ᠵᠢᠡᠨ ᠨᠡᠢᠭᠡᠮ ᠲᠣᠭᠣᠷᠢᠭ᠎ᠲᠠᠭᠠᠨ ᠨᠡᠷ᠎ᠡ ᠮᠡᠳᠡᠭᠦᠯᠵᠦ᠍᠂ ᠵᠣᠬᠢᠶᠠᠨ ᠪᠠᠢᠭᠤᠯᠤᠯᠲᠠ᠎ᠶ᠋ᠢ ᠳᠠᠬᠢᠨ ᠴᠣᠭ᠍ᠴᠠᠯᠠᠬᠤ᠂ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌ ᠪᠠ ᠦᠶ᠋ᠯᠡᠴᠢᠯᠡᠭᠡ᠎ᠶ᠋ᠢ ᠲᠠᠰ ᠳᠡᠪᠱᠢᠭᠦᠯᠬᠦ᠌᠎ᠪᠡᠷ ᠳᠡᠮᠵᠢᠨ᠂ ᠦᠨᠳᠦᠰᠦᠨ ᠱᠠᠲᠤᠨ᠎ᠤ ᠵᠠᠰᠠᠯᠲᠠ᠎ᠶ᠋ᠢ ᠪᠦᠬᠦᠯᠢ ᠴᠣᠭ᠍ᠴᠠ᠎ᠪᠠᠷ ᠠᠬᠢᠭᠤᠯᠤᠭ᠍ᠰᠠᠨ ᠪᠥᠭᠡᠳ ᠪᠠᠰᠠ ᠪᠤᠲᠠᠲᠠᠢ ᠠᠮᠢᠳᠤᠯᠢᠭ ᠦᠶ᠋ᠯᠡᠳᠦᠯᠭᠡ᠎ᠶᠢᠨ ᠵᠢᠱ᠌ᠢᠶ᠎ᠡ᠎ᠵᠢ ᠪᠤᠢ ᠪᠤᠯᠭᠠᠪᠠ᠃
ᠡᠭᠦᠨ᠎ᠦ ᠬᠠᠮᠲᠤ᠂ ᠲᠣᠰ ᠱᠢᠶᠠᠨ 《ᠰᠠᠭᠤᠭᠠᠯᠢ ᠠᠷᠠᠳ ᠵᠠᠬᠢᠶᠠᠯᠠᠭ᠎ᠠ ᠭᠠᠷᠭᠠᠬᠤ — ᠨᠡᠢᠭᠡᠮ ᠲᠣᠭᠣᠷᠢᠭ ᠵᠠᠬᠢᠶᠠᠯᠠᠭ᠎ᠠ ᠲᠤᠮᠢᠯᠠᠬᠤ᠂ ᠨᠠᠮ᠎ᠤᠨ ᠭᠡᠱᠢᠭᠦᠨ ᠵᠠᠬᠢᠶᠠᠯᠠᠭ᠎ᠠ ᠬᠦᠯᠢᠶᠡᠬᠦ᠌》ᠪᠢᠲᠡᠭᠦᠦ ᠴᠠᠭᠠᠷᠢᠭ᠍ᠲᠤ ᠵᠠᠭ᠍ᠪᠤᠷ᠎ᠢ ᠬᠡᠷᠡᠭ᠌ᠵᠢᠭᠦᠯᠵᠦ᠍᠂ 《ᠬᠥᠷᠰᠢ ᠵᠡᠷᠭᠡᠯᠡᠳᠡᠭᠡ᠎ᠶ᠋ᠢᠨ ᠨᠢᠭ᠍ᠲᠠᠷᠠᠯ᠎ᠤᠨ ᠬᠦᠴᠦᠨ》 ᠤ᠋ ᠦᠶ᠋ᠯᠡᠴᠢᠯᠡᠭᠡᠨ᠎ᠦ ᠨᠠᠷᠠᠲᠤ ᠲᠡᠮᠳᠡᠭ᠎ᠢ ᠡᠭᠦᠳᠪᠡ᠃ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠣᠷᠴᠢᠨ ᠲᠣᠭᠣᠷᠢᠨ᠎ᠢ ᠴᠡᠭ᠌ᠴᠡᠯᠡᠨ ᠵᠠᠰᠠᠬᠤ ᠵᠡᠷᠭᠡ 8 ᠲᠥᠷᠥᠯ᠎ᠦᠨ 《ᠰᠡᠳᠭᠢᠯ᠎ᠢ ᠳᠤᠯᠠᠭᠠᠴᠠᠭᠤᠯᠬᠤ ᠦᠶ᠋ᠯᠡᠴᠢᠯᠡᠭᠡᠨ᠎ᠦ ᠠᠩᠭᠢ》 ᠶ᠋ᠢ ᠵᠣᠬᠢᠶᠠᠨ ᠪᠠᠢᠭᠤᠯᠵᠤ᠂ ᠠᠷᠠᠳ ᠲᠦᠮᠡᠨ᠎ᠳᠦ ᠦᠶ᠋ᠯᠡᠴᠢᠯᠡᠬᠦ᠌ ᠠᠵᠢᠯᠯᠠᠭ᠎ᠠ᠎ᠶ᠋ᠢ 1729 ᠤᠳᠠᠭ᠎ᠠ ᠥᠷᠨᠢᠭᠦᠯᠵᠦ᠍᠂ ᠨᠡᠢᠲᠡ 360 ᠭᠠᠷᠤᠶ ᠬᠤᠪᠢ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠱᠢᠶ᠋ᠳᠪᠦᠷᠢᠯᠡᠵᠦ᠍᠂ 1200 ᠭᠠᠷᠤᠶ 《ᠪᠢᠴᠢᠯ ᠬᠦᠰᠡᠯ》 ᠢ᠋ ᠪᠡᠶᠡᠯᠡᠭᠦᠯᠪᠡ᠃ 《ᠲᠤᠤᠷᠵᠢᠯ(ᠠᠰᠠᠷ) ᠤ᠋ᠨ ᠨᠠᠮ᠎ᠤᠨ ᠤᠳᠤᠷᠢᠳᠭᠤ ᠳᠤᠭᠤᠢᠯᠠᠩ — ᠲᠤᠤᠷᠵᠢᠯ᠎ᠤᠨ ᠠᠵᠢᠯᠲᠠᠨ — ᠠᠰᠠᠷ (ᠨᠢᠭᠡᠴᠢ) ᠤ᠋ᠨ ᠳᠠᠷᠤᠭ᠎ᠠ》 ᠭᠤᠷᠪᠠᠨ ᠱᠠᠲᠤᠨ᠎ᠤ ᠵᠠᠰᠠᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢ ᠨᠡᠢᠲᠡ 1447 ᠤᠳᠠᠭ᠎ᠠ ᠥᠷᠨᠢᠭᠦᠯᠵᠦ᠍᠂ ᠣᠯᠠᠨ ᠲᠦᠮᠡᠨ᠎ᠦ ᠬᠦᠴᠢᠷᠳᠡᠯ ᠪᠠ ᠵᠥᠷᠢᠴᠡᠯ ᠵᠠᠭᠤᠷᠠᠯᠳᠤᠭᠠᠨ᠎ᠢ 431 ᠤᠳᠠᠭ᠎ᠠ ᠵᠣᠬᠢᠴᠠᠭᠤᠯᠤᠨ ᠱᠢᠶ᠋ᠳᠪᠦᠷᠢᠯᠡᠵᠦ᠍᠂ ᠣᠯᠠᠨ ᠲᠦᠮᠡᠨ᠎ᠳᠦ ᠨᠠᠷᠢᠯᠢᠬ᠍ᠵᠢᠭᠤᠯᠤᠭ᠍ᠰᠠᠨ ᠦᠶ᠋ᠯᠡᠴᠢᠯᠡᠭᠡ᠎ᠶ᠋ᠢ 746 ᠤᠳᠠᠭ᠎ᠠ ᠬᠠᠩᠭᠠᠪᠠ᠃
ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ᠎ᠢ ᠳᠡᠰ ᠳᠡᠪᠰᠢᠬᠦᠯᠬᠦ᠎ᠶᠢᠨ ᠲᠥᠯᠥᠭᠡ᠂ ᠲᠦᠴᠢᠦᠸᠠᠨ ᠱᠢᠶᠠᠨ 《ᠵᠢᠭ᠍ᠰᠠᠭᠠᠯ᠎ᠤᠨ ᠭᠠᠵᠠᠷ᠎ᠢ ᠪᠠᠢᠩᠭᠤ ᠬᠡᠷᠡᠭ᠌ᠯᠡᠵᠦ᠂ ᠦᠶ᠋ᠯᠡᠴᠢᠯᠡᠭᠡ᠎ᠶ᠋ᠢ ᠪᠠᠢᠩᠭᠤ ᠠᠳᠭᠤᠵᠤ᠂ ᠠᠵᠢᠯᠯᠠᠭ᠎ᠠ᠎ᠶ᠋ᠢ ᠪᠠᠢᠩᠭᠤ ᠡᠷᠭᠢᠯᠡᠵᠦ᠍᠂ ᠣᠯᠠᠨ ᠲᠦᠮᠡᠨ᠎ᠢ ᠪᠠᠢᠩᠭᠤ ᠣᠷᠣᠯᠴᠠᠭᠤᠯᠬᠤ》 ᠠᠵᠢᠯᠯᠠᠭ᠎ᠠ ᠥᠷᠨᠢᠭᠦᠯᠵᠦ᠍᠂ ᠲᠠᠩ ᠭᠠᠭ᠍ᠴᠠ ᠵᠢᠭ᠍ᠰᠠᠭᠠᠯ᠎ᠤᠨ ᠭᠠᠵᠠᠷ᠎ᠢ ᠣᠯᠠᠨ ᠡᠱᠢᠲᠦ ᠲᠠᠪᠴᠠᠩ ᠳᠠᠢᠰᠢ ᠬᠤᠪᠢᠷᠠᠭᠤᠯᠵᠤ ᠲᠠᠰ ᠳᠡᠪᠱᠢᠭᠦᠯᠪᠡ᠃ ᠡᠯ᠎ᠡ ᠭᠠᠵᠠᠷ᠎ᠤᠨ ᠬᠢᠨ 26 ᠴᠢᠳᠠᠮᠵᠢᠲᠤ ᠲᠠᠰᠤᠭ᠎ᠢ ᠨᠡᠢᠳᠭᠡᠵᠦ᠍ ᠱᠢᠯᠢᠳᠡᠭ᠌ᠵᠢᠭᠦᠯᠦᠨ᠂ 40% ᠶ᠋ᠢᠨ ᠠᠵᠢᠯᠯᠠᠭᠠᠨ᠎ᠤ ᠣᠷᠣᠨ᠎ᠢ ᠥᠷᠭᠡᠳᠭᠡᠪᠡ; ᠨᠡᠢᠲᠡ 123 ᠤᠳᠠᠭ᠎ᠠ ᠬᠡᠷᠡᠭ ᠵᠥᠪᠯᠡᠬᠦ᠌ ᠬᠤᠷᠠᠯ ᠬᠤᠷᠠᠯᠳᠤᠭᠤᠯᠵᠤ᠂ 120 ᠭᠠᠷᠤᠶ ᠲᠠᠯᠠᠪᠠᠢ ᠰᠣᠶᠣᠯ ᠪᠡᠶ᠎ᠡ᠎ᠶᠢᠨ ᠲᠠᠮᠢᠷ᠎ᠤᠨ ᠠᠵᠢᠯᠯᠠᠭ᠎ᠠ ᠥᠷᠨᠢᠭᠦᠯᠵᠦ᠍᠂ 1.3 ᠲᠦᠮᠡᠨ ᠬᠥᠮᠦᠨ ᠤᠳᠠᠭ᠎ᠠ᠎ᠶ᠋ᠢ ᠲᠡᠳᠡᠨ ᠣᠷᠣᠯᠴᠠᠭᠤᠯᠵᠤ᠂ ᠵᠢᠭ᠍ᠰᠠᠭᠠᠯ᠎ᠤᠨ ᠭᠠᠵᠠᠷ᠎ᠤᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠪᠠ᠃
ᠡᠭᠦᠨ᠎ᠡᠴᠡ ᠭᠠᠳᠠᠨ᠎ᠠ᠂ ᠲᠤᠰ ᠱᠢᠶᠠᠨ᠎ᠤ ᠬᠢᠨ ᠨᠠᠮ᠎ᠤᠨ ᠵᠣᠬᠢᠶᠠᠨ ᠪᠠᠢᠭᠤᠯᠤᠯᠲᠠ ᠳᠠᠭᠠᠭᠤᠯᠤᠨ ᠡᠷᠬᠢᠯᠡᠬᠦ᠌᠂ ᠤᠯᠠᠨ ᠲᠦᠮᠡᠨ ᠣᠷᠣᠯᠴᠠᠭ᠍ᠰᠠᠨ 《ᠵᠣᠯ ᠵᠢᠷᠭᠠᠯᠲᠤ ᠦᠢᠯᠡᠳᠭᠡᠯ᠎ᠦᠨ ᠭᠠᠵᠠᠷ》 ᠤ᠋ᠨ ᠦᠢᠯᠡᠴᠢᠯᠡᠭᠡᠨ᠎ᠦ ᠵᠠᠭ᠍ᠪᠤᠷ᠎ᠢ ᠰᠦᠪᠡᠭ᠌ᠴᠢᠯᠡᠵᠦ᠍᠂ ᠬᠡᠰᠡᠭ ᠨᠡᠢᠭᠡᠮ ᠲᠣᠭᠣᠷᠢᠭ᠎ᠢ ᠵᠢᠯᠣᠭᠣᠳᠤᠨ ᠤᠷᠢᠳ ᠵᠢᠡᠷ ᠲᠤᠷᠱᠢᠨ ᠤᠷᠢᠳ ᠵᠢᠡᠷ ᠬᠡᠷᠡᠭ᠌ᠵᠢᠭᠦᠯᠵᠦ᠍᠂ ᠨᠢᠭᠡ ᠪᠦᠯᠦᠭ ᠠᠷᠠᠳ᠎ᠲᠤ ᠲᠦᠬᠦᠮ ᠦᠵᠡᠭᠦᠯᠬᠦ᠌ ᠬᠣᠭᠣᠯᠠᠨ ᠭᠡᠷ᠂ ᠨᠠᠰᠤᠲᠠᠨ ᠪᠠ ᠨᠢᠯᠬᠠᠰ᠎ᠢ ᠨᠠᠢᠳᠠᠨ ᠠᠰᠠᠷᠠᠭᠤᠯᠬᠤ ᠪᠠᠢᠭᠤᠯᠤᠮᠵᠢ᠎ᠶ᠋ᠢ ᠪᠠᠢᠭᠤᠯᠵᠤ᠂ ᠨᠢᠭᠡ ᠪᠦᠯᠦᠭ ᠭᠠᠷ ᠦᠢᠯᠡᠳᠭᠡᠯ᠂ ᠲᠦᠬᠦᠮ ᠡᠳ᠋ᠱᠢᠭᠦᠯᠦᠯᠲᠡ ᠵᠡᠷᠭᠡ 《ᠭᠡᠷ᠎ᠦᠨ ᠡᠭᠦᠳᠡᠨ》 ᠳᠡᠭᠡᠷ᠎ᠡ ᠪᠠᠨ ᠣᠷᠣᠯᠭ᠎ᠠ ᠡᠭᠦᠳᠬᠦ᠌ ᠲᠦᠷᠦᠯ ᠵᠦᠢᠯ᠎ᠢ ᠣᠷᠣᠭᠤᠯᠤᠨ ᠠᠪᠴᠢᠷᠠᠵᠤ᠂ ᠤᠯᠠᠨ ᠲᠦᠮᠡᠨ᠎ᠤ ᠦᠨᠡᠨ ᠪᠣᠳᠠᠲᠠᠢ ᠵᠣᠯ ᠵᠢᠷᠭᠠᠯᠲᠦ ᠲᠦᠷᠦᠭ᠌ᠳᠡᠯ᠎ᠢ ᠳᠡᠭᠡᠭᠰᠢᠯᠡᠬᠦᠯᠪᠡ᠃
ᠡᠳᠦᠭᠡ᠂ ᠲᠦᠴᠢᠦᠸᠠᠨᠰᠢᠶᠠᠨᠤ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢᠨ ᠭᠣᠣᠯ ᠳᠠᠢᠯᠠᠯᠳᠤᠭᠠᠨ᠎ᠤ ᠲᠠᠯᠠᠪᠤᠷ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠡᠮᠦᠨ᠎ᠡ ᠹᠷᠣᠨᠲ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠡᠮᠦᠨ᠎ᠡ ᠹᠷᠣᠨᠲ ᠵᠡᠷᠭᠡ ᠳ᠋ᠤᠴᠥᠮ ᠨᠠᠮ᠎ᠤᠨ ᠭᠡᠱᠢᠭᠦᠨ ᠺᠠᠳ᠋ᠷ᠎ᠤᠨ ᠭᠠᠪᠱᠢᠭᠠᠢᠯᠠᠨ ᠠᠵᠢᠯᠯᠠᠵᠦ ᠪᠠᠢᠭ᠎ᠠ ᠪᠠᠷ᠎ᠠ ᠰᠡᠭᠦᠳᠡᠷ᠎ᠢ ᠣᠯᠵᠤ ᠬᠠᠷᠠᠨ᠎ᠠ᠃ ᠭᠠᠯ ᠤᠯᠠᠭᠠᠨ ᠨᠠᠮ᠎ᠤᠨ ᠲᠣᠭ ᠡᠨᠡ ᠬᠦ᠌ ᠬᠦᠰᠡᠯ ᠡᠷᠡᠮᠡᠯᠵᠡᠯ᠎ᠢᠶᠡᠷ ᠪᠢᠯᠬᠠᠭ᠍ᠰᠠᠨ ᠬᠠᠯᠠᠭᠤᠨ ᠬᠥᠷᠥᠰᠥᠨ ᠳᠡᠭᠡᠷ᠎ᠡ ᠢᠮᠠᠭ᠍ᠲᠠ ᠥᠨᠳᠥᠷ ᠨᠠᠮᠢᠷᠠᠵᠦ᠂ ᠨᠠᠮ᠎ᠤᠨ ᠭᠡᠱᠢᠭᠦᠨ ᠺᠠᠳ᠋ᠷᠴᠤᠳ᠎ᠤᠨ ᠣᠯᠠᠨ ᠲᠦᠮᠡᠨ᠎ᠳᠦ ᠴᠢᠩ ᠰᠡᠳᠭᠢᠯ ᠪᠥᠬᠥ᠌ ᠬᠦᠴᠦᠨ᠎ᠢᠶᠡᠷ᠎ᠢᠶᠡᠨ ᠦᠶ᠋ᠯᠡᠴᠢᠯᠡᠬᠦ᠌᠎ᠶ᠋ᠢ ᠬᠥᠲᠥᠯᠥᠨ ᠳᠠᠭᠠᠭᠤᠯᠵᠤ᠂ ᠱᠢᠨ᠎ᠡ ᠴᠠᠭ ᠦᠶ᠎ᠡ᠎ᠶ᠋ᠢᠨ ᠲᠦᠴᠢᠦᠸᠠᠨᠤ᠋ ᠬᠠᠭᠤᠳᠠᠰᠤ᠎ᠶ᠋ᠢ ᠪᠢᠴᠢᠭ᠌ᠯᠡᠨ᠎ᠡ᠃
(ᠭᠡᠷᠡᠯ ᠵᠢᠷᠤᠭ᠎ᠢ ᠲᠦᠴᠢᠦᠸᠠᠨ᠎ᠤ ᠨᠠᠮ᠎ᠤᠨ ᠪᠠᠢᠭᠤᠯᠤᠯᠲᠠ ᠵᠢᠷᠭᠢᠶ᠎ᠡ ᠵᠢᠨ ᠤᠯᠠᠨ ᠨᠡᠢᠲᠡ ᠵᠢᠨ ᠲᠠᠪᠴᠠᠩ ᠡᠴᠡ ᠠᠪᠤᠪᠠ)