ᠤᠯᠠᠭᠠᠨᠬᠤᠳᠠ 《ᠤᠢᠯᠠᠳᠤᠯᠬᠡ+》 ᠵᠠᠭᠪᠤᠷ ᠵᠢᠡᠷ ᠤᠯᠠᠨ ᠲᠦᠮᠡᠨ᠎ᠳᠤ ᠦᠢᠯᠡᠴᠢᠯᠡᠵᠦ ᠤᠶᠤᠨ᠎ᠤ ᠪᠣᠯᠪᠠᠰᠤᠨ᠎ᠤ ᠪᠠᠢᠭᠤᠯᠤᠯᠲᠠ ᠵᠢ ᠠᠬᠢᠭᠤᠯᠤᠨ᠎ᠠ
2025-11-10 10:13:08
ᠵᠣᠬᠢᠶᠠᠭ᠍ᠴᠢ᠄
​ ᠬᠠᠨ ᠯᠢᠩ ᠯᠢᠩ ᠮᠸᠡᠭ ᠹᠠᠨ ᠡᡁᠦ᠋ᠢ
ᠣᠩᠱᠢᠭ᠍ᠰᠠᠨ ᠣᠳᠠᠭ᠎ᠠ᠄
★★★☆☆

 ᠤᠯᠠᠭᠠᠨᠬᠤᠳᠠ ᠤᠯᠠᠨ ᠲᠦᠮᠠᠨ᠎ᠤ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠰᠢᠢᠳᠪᠤᠷᠢᠯᠠᠬᠦ᠎ᠳᠤ ᠠᠡᠭᠬᠠᠷᠤᠯ ᠵᠢᠨᠨ ᠲᠦᠪᠯᠡᠷᠡᠬᠦᠯᠵᠤ᠂ 《ᠨᠠᠮ᠎ᠤᠨ ᠲᠤᠮᠢᠯᠠᠯᠳᠠ ᠪᠠᠷ ᠪᠢ ᠲᠠᠨ᠎ᠳᠤ ᠤᠢᠯᠠᠴᠢᠯᠠᠶ᠎ᠡ》 ᠬᠡᠬᠦ ᠪᠤᠯᠪᠠᠰᠤᠨ᠎ᠤ ᠤᠢᠯᠠᠳᠤᠯᠬᠡ ᠵᠢᠨ ᠰᠠᠢᠨ ᠲᠤᠷ᠎ᠠ ᠵᠢᠨ ᠤᠢᠯᠠᠴᠢᠯᠠᠬᠡᠨ᠎ᠤ ᠲᠦᠷᠦᠯ ᠲᠡᠮᠲᠡᠭ᠎ᠢ ᠡᠬᠦᠳᠴᠤ᠂《ᠪᠤᠯᠪᠠᠰᠤᠨ᠎ᠤ ᠤᠢᠯᠠᠳᠤᠯᠬᠡ +》 ᠵᠢᠨ ᠠᠵᠢᠯᠯᠠᠭ᠎ᠠ ᠵᠢ ᠬᠡᠷᠡᠭᠵᠢᠬᠦᠯᠤᠨ᠂ ᠨᠠᠮ᠎ᠤᠨ ᠬᠡᠰᠢᠬᠦᠨ ᠺᠠᠳ᠋ᠷᠴᠤᠳ᠎ᠤᠨ ᠵᠢᠱ᠌ᠢᠶ᠎ᠡ ᠦᠵᠠᠬᠦᠯᠤᠨ ᠲᠠᠢᠴᠢᠯᠠᠬᠤ ᠤᠢᠯᠠᠳᠤᠯ᠎ᠢ ᠪᠠᠳᠠᠷᠠᠭᠤᠯᠵᠤ᠂ ᠤᠶᠤᠨ᠎ᠤ ᠪᠤᠯᠪᠠᠰᠤᠨ᠎ᠤ ᠪᠠᠢᠭᠤᠯᠤᠯᠳᠠ᠎ᠳᠤ ᠦᠷᠬᠦᠯᠵᠢᠯᠠᠨ ᠬᠦᠴᠤᠨ ᠨᠠᠮᠠᠷᠢᠯᠠᠪᠠ᠃

《ᠪᠤᠯᠪᠠᠰᠤᠨ᠎ᠤ ᠤᠢᠯᠠᠳᠤᠯᠬᠡ + ᠤᠬᠠᠭᠤᠯᠤᠨ ᠲᠠᠢᠯᠪᠤᠷᠢᠯᠠᠬᠤ》 ᠠᠵᠢᠯᠯᠠᠭ᠎ᠠ ᠵᠢᠨ ᠤᠬᠠᠭᠤᠯᠤᠨ ᠲᠠᠢᠯᠪᠤᠷᠢᠯᠠᠬᠴᠢᠳ ᠨᠠᠮ᠎ᠤᠨ ᠰᠢᠨ᠎ᠡ ᠡᠭᠦᠲᠦᠯᠲᠡ ᠢ᠋ᠢᠨ ᠤᠨᠤᠯ᠎ᠢ ᠤᠯᠠᠨ ᠲᠦᠮᠡᠨ᠎ᠳᠦ ᠲᠠᠢᠯᠪᠤᠷᠢᠯᠠᠨ᠎ᠠ᠃ ᠤᠯᠠᠭᠠᠨᠬᠤᠳᠠ 127 《ᠳᠡᠷᠭᠡᠳᠡᠬᠢ ᠬᠦᠮᠦᠰ ᠲᠤ᠌ ᠠᠰᠢᠬ ᠬᠦᠷᠳᠡᠭᠡᠬᠦ》ᠤᠨᠤᠯ᠎ᠤᠨ ᠤᠬᠠᠭᠤᠯᠤᠨ ᠲᠠᠢᠯᠪᠤᠷᠢᠯᠠᠬᠤ ᠰᠠᠢᠨ ᠳᠤᠷ᠎ᠠ᠎ᠶ᠋ᠢᠨ ᠡᠩᠨᠡᠭᠡ᠎ᠳᠤ ᠲᠦᠱᠢᠭ᠌ᠯᠡᠨ᠂ ᠤᠨᠤᠯ ᠲᠦᠷᠦ ᠵᠢᠨ ᠪᠤᠳᠤᠯᠭ᠎ᠠ ᠵᠢᠨ ᠤᠬᠠᠭᠤᠯᠤᠨ ᠲᠠᠢᠯᠪᠤᠷᠢᠯᠠᠯᠳᠠ ᠬᠢᠬᠦ ᠪᠠ ᠤᠷᠠᠨ ᠰᠠᠢᠬᠠᠨ᠎ᠤ ᠲᠣᠭ᠍ᠯᠠᠯᠲᠠ ᠭᠠᠷᠭᠠᠬᠤ᠂ ᠲᠠᠷᠢᠶᠠᠯᠠᠩ᠎ᠤᠨ ᠮᠡᠷᠭᠡᠵᠢᠯ᠎ᠤᠨ ᠵᠢᠯᠤᠭᠤᠳᠤᠯᠭ᠎ᠠ ᠬᠢᠬᠦ ᠪᠠ ᠰᠠᠢᠨ ᠳᠤᠷ᠎ᠠ᠎ᠶ᠋ᠢᠨ ᠦᠢᠯᠡᠴᠢᠯᠡᠭᠡ ᠦᠷᠨᠢᠬᠦᠯᠬᠦ ᠵᠢ ᠤᠶᠠᠯᠳᠤᠭᠤᠯᠬᠤ ᠵᠡᠷᠭᠡ ᠠᠵᠢᠯᠯᠠᠭ᠎ᠠ ᠪᠡᠷ ᠨᠠᠮ ᠤ᠋ᠨ ᠤᠨᠤᠯ ᠲᠦᠷᠦ ᠵᠢᠨ ᠪᠤᠳᠤᠯᠭ᠎ᠠ ᠵᠢ ᠦᠨᠳᠦᠰᠦᠨ ᠱᠠᠳᠤᠨ ᠤ᠋ ᠤᠯᠠᠨ ᠲᠦᠮᠡᠨ᠎ᠳ᠋ᠤ ᠬᠦᠷᠭᠡᠪᠡ᠃ ᠵᠢᠯ ᠤ᠋ᠨ ᠡᠬᠢᠨ ᠡᠴᠡ ᠨᠠᠭᠠᠰᠢ᠂ ᠤᠯᠠᠭᠠᠨᠬᠤᠳᠠ 《ᠨᠠᠮ᠎ᠤᠨ ᠲᠤᠮᠢᠯᠠᠯᠳᠠ ᠪᠠᠷ ᠪᠢ ᠲᠠᠨ᠎ᠳᠤ ᠤᠢᠯᠠᠴᠢᠯᠠᠶ᠎ᠡ》 ᠭᠡᠬᠦ᠌ ᠣᠨᠣᠯ᠎ᠤᠨ ᠤᠬᠠᠭᠤᠯᠤᠨ ᠲᠠᠢᠯᠪᠤᠷᠢᠯᠠᠯᠳᠠ᠎ᠶ᠋ᠢᠨ ᠠᠵᠢᠯᠯᠠᠭ᠎ᠠ ᠵᠢ ᠨᠡᠢᠲᠡ 8700 ᠭᠠᠷᠤᠶ ᠳᠠᠯᠠᠪᠤᠷ ᠥᠷᠨᠢᠭᠦᠯᠵᠦ᠍᠂ ᠭᠥᠯᠢᠶᠡᠨ ᠠᠪᠤᠭ᠍ᠴᠢᠳ ᠤ᠋ᠨ ᠳᠤᠭ᠎ᠠ 32.7 ᠲᠦᠮᠡᠨ ᠬᠥᠮᠦᠨ ᠤᠳᠠᠭ᠎ᠠ᠎ᠳᠤ ᠬᠦᠷᠴᠦ᠍᠂ ᠪᠦᠷᠬᠦᠴᠡ᠎ᠶ᠋ᠢᠨ ᠨᠣᠷᠮ᠎ᠠ᠎ᠨᠢ 90% ᠡᠴᠡ ᠳᠡᠭᠡᠭ᠌ᠰᠢ᠎ᠳᠤ ᠬᠦᠷᠴᠡᠶ᠃

《ᠪᠣᠯᠪᠠᠰᠤᠨ᠎ᠤ᠋ ᠦᠢᠯᠡᠳᠦᠯᠭᠡ + ᠡᠷᠤᠬᠡ ᠪᠠᠷ ᠬᠦᠨᠵᠠᠬᠡᠢᠷᠠᠬᠦ》 ᠠᠵᠢᠯᠯᠠᠭ᠎ᠠ ᠵᠢᠨ ᠦᠢᠯᠡᠴᠢᠯᠡᠭᠡ᠎ᠶᠢ ᠤᠯᠠᠨ ᠲᠦᠮᠡᠨ ᠤ᠋ ᠳᠡᠷᠭᠡᠳᠡ ᠬᠦᠷᠭᠡᠪᠡ᠃ ᠤᠯᠠᠭᠠᠨᠬᠤᠳᠠ 《ᠨᠠᠮ᠎ᠤᠨ ᠭᠡᠱᠢᠭᠦᠨ ᠺᠠᠳ᠋ᠷ ᠡᠷᠦᠭᠡ ᠪᠡᠷ ᠬᠦᠷᠴᠦ ᠰᠤᠷᠪᠤᠯᠵᠢᠯᠠᠵᠦ᠂ ᠤᠯᠠᠨ ᠲᠦᠮᠡᠨ ᠤ᠋ ᠬᠦᠴᠢᠷᠳᠡᠯ ᠎ᠢ ᠰᠢᠢᠳᠪᠤᠷᠢᠯᠠᠬᠦ》ᠵᠡᠷᠭᠡ ᠭᠤᠤᠯ ᠰᠡᠳᠦᠪᠲᠦ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠥᠬᠦ᠌ ᠬᠤᠲᠠ᠎ᠶ᠋ᠢᠨ 15 ᠪᠠᠯᠭᠠᠰᠤ ᠵᠡᠭᠡᠯᠢ ᠭᠤᠳᠤᠮᠵᠢ (ᠬᠦᠷᠢᠶᠡᠯᠡᠩ ᠲᠣᠭᠤᠷᠢᠭ)᠂ 117 ᠭᠠᠴᠠᠭ᠎ᠠ ᠲᠣᠰᠭᠤᠨ (ᠨᠡᠢᠭᠡᠮ ᠲᠣᠭᠤᠷᠢᠭ) ᠢ᠋ ᠬᠠᠮᠤᠷᠪᠠ᠃ ᠪᠦᠬᠦ ᠬᠤᠳᠠ ᠵᠢᠨ ᠨᠠᠮ ᠤ᠋ᠨ ᠭᠡᠰᠢᠬᠦᠨ ᠺᠠᠳ᠋ᠷᠴᠤᠳ ᠤᠢᠷ᠎ᠠ ᠬᠠᠪᠢ ᠵᠢᠨ ᠰᠠᠭᠤᠭᠠᠯᠢ ᠠᠷᠠᠳ ᠤ᠋ᠨ ᠭᠡᠷ ᠪᠠ ᠬᠥᠷᠰᠢ ᠵᠡᠷᠭᠡᠯᠡᠳᠡᠭᠡ᠎ᠶ᠋ᠢᠨ ᠬᠡᠷ ᠵᠢᠨᠷ ᠬᠦᠷᠴᠤ᠂ ᠳᠡᠳᠡᠨᠡᠷ ᠤ᠋ᠨ ᠬᠦᠴᠢᠷᠳᠡᠯ ᠪᠣᠯᠤᠨ ᠬᠡᠷᠡᠭ᠌ᠴᠡᠭᠡ᠎ᠶ᠋ᠢ ᠣᠢᠯᠠᠭᠠᠨ᠂ ᠲᠠᠬᠢᠨ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠬᠡᠯᠪᠡᠷᠢ᠎ᠪᠠᠷ ᠠᠰᠠᠭᠤᠳᠠᠯ᠎ᠢ ᠱᠢᠢᠳᠪᠦᠷᠢᠯᠡᠵᠦ᠍᠂ ᠤᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠍ ᠥᠭ᠌ᠬᠦ ᠶᠠᠰᠤ ᠴᠢᠨᠠᠷ ᠪᠣᠯᠤᠨ ᠣᠨᠣᠪᠴᠢ᠎ᠶ᠋ᠢᠨ ᠬᠡᠮᠵᠢᠶ᠎ᠡ᠎ᠶ᠋ᠢ ᠢᠯᠡᠳᠲᠡ ᠳᠡᠭᠡᠭ᠌ᠰᠢᠯᠡᠭᠦᠯᠪᠡ᠃ ᠣᠳᠣᠬᠠᠨ ᠪᠣᠯᠲᠠᠯ᠎ᠠ᠂ ᠡᠯ᠎ᠡ ᠲᠥᠷᠥᠯ᠎ᠤᠨ ᠠᠰᠠᠭᠤᠳᠠᠯ᠎ᠢ ᠨᠡᠢᠲᠡ 2874 ᠴᠤᠭ᠍ᠯᠠᠭᠤᠯᠵᠤ᠂ 2751 ᠠᠰᠠᠭᠤᠳᠠᠯ᠎ᠢ ᠱᠢᠢᠳᠪᠦᠷᠢᠯᠡᠨ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ 95% ᠳ᠋ᠦ ᠬᠦᠷᠪᠡ᠃

《ᠪᠣᠯᠪᠠᠰᠤᠨ᠎ᠤ᠋ ᠦᠢᠯᠡᠳᠦᠯᠭᠡ + ᠬᠦᠰᠡᠯ ᠵᠡᠭᠦᠳᠦ᠍ ᠵᠢ ᠲᠡᠷᠭᠡᠯᠱᠢᠭᠦᠯᠬᠦ᠌ ᠠᠵᠢᠯᠯᠠᠭ᠎ᠠ︾ᠪᠡᠷ ᠪᠣᠯᠪᠠᠰᠤᠨ ᠤ᠋ ᠬᠡᠪ ᠰᠤᠷᠲᠠᠯ᠎ᠢ᠋ ᠠᠷᠠᠳ᠎ᠤ᠋ᠨ ᠠᠮᠢᠳᠤᠷᠠᠯ ᠳ᠋ᠦ ᠠᠭᠤᠰᠬᠠᠪᠠ᠃ ᠤᠯᠠᠭᠠᠨᠬᠤᠳᠠ ᠨᠠᠮ᠎ᠤᠨ ᠭᠡᠱᠢᠭᠦᠨ ᠺᠠᠳ᠋ᠷᠴᠤᠳ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶ᠋ᠢᠨ ᠭᠤᠣᠯ ᠬᠦᠴᠦᠨ᠎ᠤ ᠦᠢᠯᠡᠳᠦᠯ᠎ᠢ ᠪᠠᠳᠠᠷᠠᠭᠤᠯᠵᠤ᠂《ᠪᠣᠯᠪᠠᠰᠤᠨ᠎ᠤ ᠦᠢᠯᠡᠳᠦᠯᠭᠡ + ᠬᠦᠰᠡᠯ ᠵᠡᠭᠦᠳᠦ᠍᠎ᠪᠠᠨ ᠲᠡᠷᠭᠡᠯᠱᠢᠭᠦᠯᠬᠦ᠌》ᠦᠨᠳᠦᠰᠦᠨ ᠱᠠᠲᠤᠨ᠎ᠤ ᠵᠠᠰᠠᠯᠲᠠ᠎ᠶ᠋ᠢᠨ ᠬᠠᠮᠲᠤᠷᠠᠭ᠍ᠰᠠᠨ ᠠᠵᠢᠯᠯᠠᠭ᠎ᠠ ᠵᠢ ᠪᠠᠢᠡᠭᠭᠤᠵᠢᠭᠤᠯᠤᠨ ᠦᠷᠨᠢᠬᠦᠯᠪᠡ᠃ ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠡᠯ᠎ᠡ ᠭᠠᠴᠠᠭ᠎ᠠ ᠲᠣᠰᠭᠤᠨ᠂ ᠨᠡᠢᠭᠡᠮ ᠲᠣᠭᠤᠷᠢᠭ᠎ᠤᠨ ᠰᠠᠢᠨ ᠳᠤᠷᠠᠴᠤᠳ ᠪᠤᠯᠪᠠᠰᠤᠨ ᠭᠡᠪ ᠰᠤᠷᠳᠠᠯ ᠤ᠋ᠨ ᠰᠠᠨᠠᠭᠠᠴᠢᠯᠠᠬᠴᠢ᠂ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠤᠭ᠍ᠴᠢ ᠪᠣᠯᠵᠣ᠂ ᠳᠡᠷᠭᠡᠳᠡᠬᠢ ᠣᠯᠠᠨ ᠲᠦᠮᠡᠨ ᠵᠢᠨᠨ ᠬᠥᠲᠥᠯᠦᠨ ᠵᠢᠯᠣᠭᠤᠳᠴᠤ᠌ ᠪᠠᠢᠭᠠᠳ ᠣᠷᠴᠢᠨ ᠲᠣᠭᠤᠷᠢᠨ᠎ᠤ ᠡᠷᠡᠭᠦᠯ ᠬᠠᠮᠠᠭᠠᠯᠠᠯ᠎ᠤ᠋ᠨ ᠠᠵᠢᠯᠯᠠᠭ᠎ᠠ᠎ᠳᠤ ᠣᠷᠣᠯᠴᠠᠭᠤᠯᠵᠤ᠂ ᠪᠣᠯᠪᠠᠰᠤᠨ ᠠᠮᠢᠳᠤᠷᠠᠯ᠎ᠤᠨ ᠣᠢᠯᠠᠭᠠᠭ᠍ᠳᠠᠬᠤᠨ᠎ᠢ ᠲᠦᠭᠡᠮᠡᠯᠵᠢᠭᠦᠯᠦᠨ᠂ ᠣᠯᠠᠨ ᠲᠦᠮᠡᠨ᠎ᠤ ᠳᠡᠮᠵᠢᠯᠭᠡ ᠪᠠ ᠬᠦᠷᠢᠶᠡᠯᠡᠯ᠎ᠢ ᠣᠯᠤᠭ᠍ᠰᠠᠨ ᠪᠠᠢᠨ᠎ᠠ᠃ ᠪᠥᠬᠦ᠌ ᠬᠤᠲᠠ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠤ ᠡᠩᠨᠡᠭᠡ ᠨᠢ 517 ᠪᠤᠯᠵᠦ᠂ ᠳᠠᠩᠰᠠᠯᠠᠭᠤᠯᠤᠭ᠍ᠰᠠᠨ ᠰᠠᠢᠨ ᠳᠤᠷᠠᠴᠤᠳ 4.2 ᠲᠦᠮᠡᠨ ᠬᠥᠮᠦᠨ᠎ᠳᠤ ᠬᠦᠷᠴᠦ᠍᠂ ᠡᠯ᠎ᠡ ᠲᠥᠷᠥᠯ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠤ ᠠᠵᠢᠯᠯᠠᠭ᠎ᠠ᠎ᠶ᠋ᠢ 3960 ᠲᠠᠯᠠᠪᠤᠷ ᠥᠷᠨᠢᠭᠦᠯᠵᠦ᠍᠂ ᠪᠣᠯᠪᠠᠰᠤᠨ ᠬᠤᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠢᠷᠢ ᠲᠦᠪᠱᠢᠨ ᠪᠠ ᠨᠡᠢᠭᠡᠮ᠎ᠤᠨ ᠪᠣᠯᠪᠠᠰᠤᠨ᠎ᠤ ᠬᠡᠮᠵᠢᠶ᠎ᠡ ᠢᠯᠡᠳᠲᠡ ᠳᠡᠭᠡᠭ᠌ᠰᠢᠯᠡᠪᠡ᠃

《ᠪᠣᠯᠪᠠᠰᠤᠨ᠎ᠤ ᠦᠢᠯᠡᠳᠦᠯᠭᠡ + ᠰᠤᠶᠤᠯ ᠎ᠤᠨ ᠤᠢᠯᠠᠴᠢᠯᠠᠬᠡ ᠬᠠᠡᠭᠭᠠᠬᠤ ᠠᠵᠢᠯᠯᠠᠭ᠎ᠠ》 ᠪᠡᠷ ᠬᠥᠳᠡᠭᠡ ᠲᠣᠰᠭᠤᠨ᠎ᠤ ᠤᠯᠠᠨ ᠲᠦᠮᠡᠨ ᠤ᠋ ᠰᠣᠶᠣᠯ ᠤ᠋ᠨ ᠠᠮᠢᠳᠤᠷᠠᠯ ᠢ᠋ ᠡᠯᠪᠡᠭᠵᠢᠬᠦᠯᠪᠡ᠃ ᠤᠯᠠᠭᠠᠨᠬᠤᠳᠠ 《ᠨᠠᠮ᠎ᠤᠨ ᠲᠤᠮᠢᠯᠠᠯᠳᠠ ᠪᠠᠷ ᠪᠢ ᠲᠠᠨ᠎ᠳᠤ ᠤᠢᠯᠠᠴᠢᠯᠠᠶ᠎ᠡ》 ᠭᠡᠬᠦ᠌ ᠰᠠᠢᠨ ᠳᠤᠷ᠎ᠠ ᠵᠢᠨ ᠦᠢᠯᠡᠴᠢᠯᠡᠭᠡᠨ ᠤ᠋ ᠠᠵᠢᠯᠯᠠᠭ᠎ᠠ ᠵᠢ ᠵᠣᠬᠢᠶᠠᠨ ᠪᠠᠢᠭᠤᠯᠤᠨ ᠦᠨᠳᠦᠰᠦᠨ ᠱᠠᠲᠤᠨ ᠳ᠋ᠦ ᠰᠣᠶᠣᠯ᠎ᠤᠨ ᠦᠶ᠋ᠯᠡᠴᠢᠯᠡᠭᠡ ᠥᠷᠨᠢᠭᠦᠯᠪᠡ᠃ ᠵᠢᠯ ᠤ᠋ᠨ ᠡᠬᠢᠨ ᠡᠴᠡ ᠨᠠᠭᠠᠰᠢ᠂ ᠦᠨᠳᠦᠰᠤᠨ ᠱᠠᠳᠤᠨ ᠤ᠋ ᠲᠠᠯ᠎ᠠ ᠨᠤᠲᠤᠭ᠎ᠤᠨ ᠨᠣᠮ᠎ᠤᠨ ᠥᠷᠥᠭᠡ᠎ᠳᠤ ᠨᠡᠢᠲᠡ 1.4 ᠲᠦᠮᠡᠨ ᠨᠣᠮ ᠳᠡᠪᠳᠡᠷ ᠬᠠᠨᠳᠢᠪᠯᠠᠵᠤ᠂ 66 ᠰᠠᠢᠨ ᠳᠤᠷᠠᠴᠤᠤᠯ ᠨᠢ 《ᠰᠣᠶᠣᠯ᠎ᠤᠨ ᠲᠣᠰᠭᠤᠨ᠎ᠤ ᠳᠠᠷᠤᠭ᠎ᠠ》 ᠪᠤᠯᠵᠦ᠂ ᠦᠨᠳᠦᠰᠤᠨ ᠱᠠᠳᠤᠨ ᠤ᠋ ᠣᠯᠠᠨ ᠲᠦᠮᠡᠨ᠎ᠳᠤ ᠳᠠᠭᠤᠤ ᠪᠥᠵᠢᠭ ᠰᠤᠷᠬᠤ᠂ ᠶᠠᠲᠤᠭ᠎ᠠ ᠴᠢᠪᠠᠬᠳᠠᠬᠤ᠂ ᠬᠤᠶᠠᠷ ᠤᠲᠠᠰᠤᠲᠤ ᠬᠤᠭᠤᠷ ᠲᠠᠳᠠᠬᠤ᠂ ᠰᠢ ᠵᠦᠴᠦᠭᠡ ᠲᠤᠬᠯᠠᠬᠤ ᠵᠡᠷᠭᠡ ᠵᠢ ᠰᠤᠷᠭᠠᠬᠤ ᠰᠤᠶᠤᠯ ᠤᠷᠠᠯᠢᠬ ᠤ᠋ᠨ ᠪᠣᠯᠪᠠᠰᠤᠷᠠᠯ᠎ᠤ᠋ᠨ ᠠᠵᠢᠯᠯᠠᠭ᠎ᠠ ᠵᠢ 610 ᠭᠠᠷᠤᠢ ᠴᠠᠬ ᠦᠷᠨᠢᠬᠦᠯᠵᠤ᠂ ᠬᠦᠯᠢᠶᠠᠨ ᠠᠪᠤᠬᠰᠠᠨ ᠬᠦᠮᠤᠨ᠎ᠤ ᠲᠤᠭ᠎ᠠ 2.2 ᠲᠦᠮᠠᠨ ᠬᠦᠮᠤᠨ ᠤᠳᠠᠭ᠎ᠠ᠎ᠳᠤ ᠬᠦᠷᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号