ᠥᠪᠥᠷ ᠮᠣᠩᠭᠣᠯ ᠪᠠᠷᠢᠮᠵᠢᠶ᠎ᠠ ᠵᠢᠨ ᠰᠢᠰᠲ᠋ᠧᠮ ᠪᠠᠢᠭᠤᠯᠵᠤ᠂ ᠠᠮᠢ ᠠᠬᠤᠢ ᠵᠢᠨ ᠬᠠᠮᠠᠭᠠᠯᠠᠯᠲᠠ᠂ ᠪᠣᠬᠢᠷᠲᠤᠯ ᠥᠬᠡᠢ ᠬᠥᠭᠵᠢᠯᠲᠡ᠂ ᠤᠷᠤᠨ ᠪᠦᠰᠡᠵᠢᠨ ᠬᠠᠮᠵᠢᠯᠴᠠᠭ᠎ᠠ ᠵᠡᠷᠭᠡ ᠲᠠᠯ᠎ᠠ ᠪᠠᠷ ᠲᠤᠪᠤᠢᠮ᠎ᠠ ᠦᠷ᠎ᠠ ᠦᠷ᠎ᠡ ᠪᠦᠲᠦᠮᠵᠢ ᠣᠯᠵᠤ ᠪᠤᠢ᠃ ᠬᠠᠷ᠎ᠠ ᠬᠥᠷᠥᠰᠥ ᠵᠢ ᠬᠠᠮᠠᠭᠠᠯᠠᠬᠤᠠ᠋ᠴᠠ ᠨᠤᠳᠤᠭ ᠪᠡᠯᠴᠢᠭᠡᠷ ᠤ᠋ᠨ ᠨᠡᠭᠦᠷᠡᠰᠦᠲᠥ᠋ᠷᠥᠭᠴᠢ ᠵᠢᠨ ᠬᠤᠷᠠᠮᠳᠤᠭᠤᠯᠭ᠎ᠠ ᠵᠢ ᠲᠣᠭᠲᠠᠪᠤᠷᠢᠵᠢᠭᠤᠯᠤᠨ ᠨᠡᠮᠡᠭᠳᠡᠭᠦᠯᠬᠦ ᠬᠦᠷᠳᠡᠯ᠎ᠡ᠂ ᠬᠠᠲᠤᠨ ᠭᠣᠣᠯ ᠤ᠋ᠨ ᠰᠠᠪᠠ ᠭᠠᠵᠠᠷᠢ᠋ ᠵᠠᠰᠠᠬᠤ ᠠ᠋ᠴᠠ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ ᠢ᠋ ᠪᠦᠲᠦᠭᠡᠨ ᠪᠠᠢᠭᠤᠯᠬᠤ ᠬᠦᠷᠲᠡᠯ᠎ᠡ᠂ ᠪᠠᠷᠢᠮᠵᠢᠶᠠᠵᠢᠭᠤᠯᠤᠯᠲᠠ ᠨᠢ ᠠᠮᠢ ᠠᠬᠤᠢ ᠵᠢᠨ ᠵᠠᠰᠠᠯᠳᠠ ᠵᠢᠨ ᠪᠠᠳᠤ ᠳᠤᠯᠭᠠᠭᠤᠷᠢᠯᠠᠯ ᠪᠣᠯᠵᠤ ᠪᠠᠢᠨ᠎ᠠ᠃
ᠪᠠᠷᠢᠮᠵᠢᠶ᠎ᠠ ᠨᠢ ᠶᠠᠮᠠᠷ ᠨᠢᠭᠡᠨ ᠠᠵᠢᠯ ᠲᠦᠷᠦᠯ ᠬᠦᠷᠢᠶ᠎ᠡ ᠴᠠᠷᠠᠭ᠎ᠠ ᠳ᠋ᠤ ᠨᠢᠭᠡᠳᠦᠯᠳᠠᠢ ᠲᠦᠷᠢᠮ ᠪᠤᠯᠤᠨ ᠦᠨᠳᠦᠰᠦᠯᠡᠯ ᠬᠠᠩᠭᠠᠵᠤ᠂ ᠶᠠᠰᠤ ᠴᠢᠨᠠᠷ᠂ ᠠᠮᠤᠷ ᠲᠦᠪᠰᠢᠨ᠂ ᠦᠷ᠎ᠠ ᠪᠦᠳᠦᠮᠵᠢ ᠵᠢᠴᠢ ᠰᠢᠨ᠎ᠡ ᠵᠢ ᠡᠭᠦᠳᠭᠦ ᠵᠢ ᠠᠬᠢᠭᠤᠯᠬᠤ ᠪᠠ ᠦᠷᠭᠦᠯᠵᠢᠯᠡᠨ ᠬᠦᠭᠵᠢᠭᠦ ᠵᠢ ᠪᠠᠳᠤᠯᠠᠳᠠᠭ ᠶᠤᠮ᠃ ᠥᠪᠥᠷ ᠮᠣᠩᠭᠣᠯ ᠪᠠᠷᠢᠮᠵᠢᠶᠠᠵᠢᠭᠤᠯᠤᠯᠳᠠ ᠵᠢᠨ ᠪᠠᠢᠭᠤᠯᠤᠯᠲᠠ ᠪᠠᠷ ᠪᠠᠢᠯᠳᠤᠬᠤ ᠪᠣᠳᠣᠯᠭ᠎ᠠ ᠵᠢᠨ ᠲᠤᠯᠬᠤ ᠴᠡᠭ ᠪᠣᠯᠭᠠᠵᠤ᠂ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠴᠤᠭᠴᠠᠯᠠᠬᠤ ᠪᠠ ᠴᠢᠨᠠᠷ ᠰᠠᠢᠲᠠᠢ ᠬᠥᠭᠵᠢᠭᠦᠯᠬᠦ ᠵᠢ ᠰᠢᠰᠲ᠋ᠧᠮ ᠲᠡᠢ ᠠᠬᠢᠭᠤᠯᠵᠤ ᠪᠤᠢ᠃ ᠪᠠᠷᠢᠮᠵᠢᠶᠠᠵᠢᠭᠤᠯᠤᠯᠳᠠ ᠵᠢᠨ ᠦᠢᠯᠡᠳᠦᠯᠭᠡ ᠨᠢ ᠠᠮᠢ ᠠᠬᠤᠢ ᠵᠢᠨ ᠵᠠᠰᠠᠯᠳᠠ ᠵᠢᠨ 《ᠮᠡᠷᠭᠡᠵᠢᠯ ᠤ᠋ᠨ ᠪᠠᠷᠢᠮᠵᠢᠶ᠎ᠠ》 ᠪᠣᠯᠬᠤ ᠪᠠᠷ ᠪᠠᠷᠠᠬᠤ ᠦᠭᠡᠢ᠂ ᠨᠡᠩ ᠴᠦ᠍ 《ᠪᠠᠷᠢᠮᠵᠢᠶ᠎ᠠ + ᠠᠵᠤ ᠦᠢᠯᠡᠰ》 《ᠪᠠᠷᠢᠮᠵᠢᠶ᠎ᠠ + ᠠᠮᠢ ᠠᠬᠤᠢ》 ᠶ᠋ᠢᠨ ᠠᠭᠤᠰᠤᠯᠴᠠᠯ ᠤ᠋ᠨ ᠵᠠᠭᠪᠤᠷ ᠵᠢᠠᠷ ᠳᠠᠮᠵᠢᠨ ᠪᠣᠬᠢᠷᠲᠤᠯ ᠦᠭᠡᠢ ᠲᠠᠢᠰᠢ ᠬᠡᠯᠪᠡᠷᠢ ᠪᠠᠨ ᠬᠤᠪᠢᠷᠠᠭᠤᠯᠬᠤᠳᠤ ᠲᠦᠷᠭᠡᠳᠭᠡᠬᠦᠷ ᠪᠤᠯᠵᠤ ᠪᠠᠢᠨ᠎ᠠ᠃ ᠵᠢᠱ᠌ᠢᠶᠠᠯᠠᠪᠠᠯ᠂ ᠳᠠᠷᠢᠶᠠᠨ ᠭᠠᠵᠠᠷ ᠢ᠋ ᠬᠦᠢᠬᠡᠨ ᠬᠠᠭᠠᠯᠪᠤᠷᠢᠯᠠᠨ ᠳᠠᠷᠢᠬᠤ᠂ ᠡᠰᠢ ᠰᠦᠷᠡᠯ ᠢ᠋ ᠲᠠᠷᠢᠶᠠᠨ ᠳ᠋ᠤ᠌ ᠪᠤᠴᠠᠭᠠᠬᠤ ᠵᠡᠷᠭᠡ ᠮᠡᠷᠭᠡᠵᠢᠯ ᠢ᠋ ᠳᠡᠯᠭᠡᠷᠡᠭᠦᠯᠬᠦ ᠪᠡᠷ ᠳᠠᠮᠵᠢᠨ ᠬᠥᠷᠥᠰᠥᠨ ᠤ᠋ ᠳᠠᠴᠢᠷᠳᠠᠯ ᠢ᠋ ᠬᠣᠷᠢᠭᠯᠠᠭᠰᠠᠨ ᠪᠥᠭᠡᠳ ᠪᠠᠰᠠ ᠲᠠᠷᠢᠶᠠᠨ ᠭᠠᠵᠠᠷ ᠤ᠋ᠨ ᠠᠮᠢ ᠠᠬᠤᠢ ᠵᠢᠨ ᠰᠢᠰᠲ᠋ᠧᠮ ᠤ᠋ᠨ ᠰᠠᠢᠨ ᠤᠷᠴᠢᠯ ᠢ᠋ ᠳᠡᠭᠡᠭᠰᠢᠯᠡᠭᠦᠯᠵᠡᠢ︔ ᠡᠪᠡᠰᠦᠲᠦ ᠲᠠᠯ᠎ᠠ ᠵᠢᠨ ᠠᠮᠢ ᠠᠬᠤᠢ ᠵᠢᠨ ᠰᠢᠰᠲ᠋ᠧᠮ ᠤ᠋ᠨ ᠨᠡᠭᠦᠷᠡᠰᠦᠲᠥ᠋ᠷᠥᠭᠴᠢ ᠵᠢ ᠳᠤᠭᠳᠠᠪᠤᠷᠢᠵᠢᠭᠤᠯᠬᠤ ᠪᠠᠷᠢᠮᠵᠢᠶ᠎ᠠ ᠨᠢ ᠨᠤᠲᠤᠭ ᠪᠡᠯᠴᠢᠭᠡᠷ ᠤ᠋ᠨ ᠤᠷᠭᠤᠮᠠᠯ ᠤ᠋ᠨ ᠬᠤᠴᠢᠯᠭ᠎ᠠ ᠵᠢ ᠰᠡᠷᠭᠦᠭᠡᠬᠦ ᠳ᠋ᠦ᠍ ᠲᠤᠰᠠᠯᠠᠵᠤ᠂ ᠤᠷᠭᠤᠮᠠᠯ ᠤ᠋ᠨ ᠣᠯᠠᠨ ᠶᠠᠩᠵᠤᠲᠤ ᠴᠢᠨᠠᠷ ᠢ᠋ ᠢᠯᠡᠳᠲᠡ ᠳᠡᠭᠡᠭᠰᠢᠯᠡᠭᠦᠯᠵᠦ᠂ ᠨᠡᠭᠦᠷᠡᠰᠦᠲᠥ᠋ᠷᠥᠭᠴᠢ ᠵᠢ ᠲᠣᠭᠲᠠᠪᠤᠷᠢᠵᠢᠭᠤᠯᠤᠨ ᠬᠦᠴᠢᠯᠲᠦ᠋ᠷᠦᠭᠴᠢ ᠢᠯᠭᠠᠷᠠᠭᠤᠯᠬᠤ ᠴᠢᠳᠠᠪᠤᠷᠢ ᠵᠢ ᠳᠠᠬᠢᠨ ᠵᠢᠠᠷ ᠨᠡᠮᠡᠭᠳᠡᠭᠦᠯᠪᠡ᠃
ᠦᠪᠦᠷ ᠮᠤᠩᠭᠤᠯ ᠣᠷᠣᠨ ᠨᠤᠲᠤᠭ ᠤ᠋ᠨ ᠠᠯᠢ ᠣᠯᠠᠨ ᠪᠠᠷᠢᠮᠵᠢᠶ᠎ᠠ ᠵᠢ ᠨᠠᠢᠳᠠᠪᠤᠷᠢᠵᠢᠭᠤᠯᠤᠭᠰᠠᠨ ᠨᠢ ᠠᠮᠢ ᠠᠬᠤᠢ ᠵᠢᠨ ᠬᠠᠮᠠᠭᠠᠯᠠᠯᠲᠠ ᠳ᠋ᠤ ᠵᠢᠷᠤᠮᠯᠠᠯ ᠤ᠋ᠨ ᠲᠦᠷᠢᠮ ᠳᠤᠭᠳᠠᠭᠠᠯ ᠦᠨᠳᠦᠰᠦ ᠪᠠᠷᠢᠮᠲᠠ ᠵᠢ ᠬᠠᠩᠭᠠᠵᠤ᠂ ᠲᠠᠷᠠᠴᠢᠯᠠᠨ ᠠᠮᠢ ᠠᠬᠤᠢ ᠬᠡᠪᠡᠷᠡᠭ ᠣᠷᠣᠨᠠ᠋ᠴᠠ ᠪᠣᠬᠢᠷᠲᠤᠯ ᠦᠭᠡᠢ ᠨᠤᠭᠤᠭᠠᠨ ᠬᠠᠯᠬᠠᠪᠴᠢ ᠳᠠᠢᠰᠢ ᠲᠣᠭᠲᠠᠭᠤᠨ ᠵᠢᠠᠷ ᠬᠡᠯᠪᠡᠷᠢ ᠪᠡᠨ ᠬᠤᠪᠢᠷᠠᠭᠤᠯᠵᠤ ᠪᠠᠢᠬᠤ ᠨᠢ ᠢᠯᠡᠭᠡᠨ᠃ ᠡᠨᠡ ᠬᠦ᠌ 《ᠪᠠᠷᠢᠮᠵᠢᠶ᠎ᠠ ᠪᠠᠷ ᠵᠠᠰᠠᠯᠳᠠ ᠵᠢ ᠠᠬᠢᠭᠤᠯᠵᠤ᠂ ᠵᠠᠰᠠᠯᠲᠠ ᠪᠠᠷ ᠬᠥᠭᠵᠢᠯᠲᠡ ᠵᠢ ᠠᠬᠢᠭᠤᠯᠬᠤ》 ᠠᠷᠭ᠎ᠠ ᠵᠠᠮ ᠨᠢ ᠡᠬᠢ ᠪᠠᠶᠠᠯᠢᠭ ᠤ᠋ᠨ ᠬᠡᠯᠪᠡᠷᠢ ᠵᠢᠨ ᠭᠠᠵᠠᠷ ᠣᠷᠣᠨ ᠤ᠋ ᠪᠣᠬᠢᠷᠲᠤᠯ ᠦᠭᠡᠢ ᠬᠥᠭᠵᠢᠯᠲᠡ ᠵᠢᠨ ᠬᠡᠯᠪᠡᠷᠢ ᠪᠡᠨ ᠬᠤᠪᠢᠷᠠᠭᠤᠯᠬᠤ ᠳ᠋ᠤ᠌ ᠰᠢᠨ᠎ᠡ ᠰᠡᠳᠬᠢᠴᠡ ᠬᠠᠩᠭᠠᠵᠤ᠂ ᠪᠠᠷᠢᠮᠵᠢᠶ᠎ᠡ ᠪᠡᠷ ᠬᠦᠳᠦᠯᠦᠨ ᠳᠠᠭᠠᠭᠤᠯᠤᠭᠰᠠᠨ ᠥᠪᠥᠷ ᠮᠣᠩᠭᠣᠯ ᠨᠡᠩ ᠰᠢᠨᠵᠢᠯᠡᠬᠦ ᠤᠬᠠᠭᠠᠨᠴᠢ ᠵᠠᠰᠠᠯᠳᠠ᠂ ᠨᠡᠩ ᠲᠣᠭᠲᠠᠪᠤᠷᠢᠲᠠᠢ ᠬᠥᠭᠵᠢᠯᠳᠠ ᠪᠡᠷ ᠲᠩᠷᠢ ᠨᠢ ᠨᠡᠩ ᠬᠦᠭᠡ᠂ ᠡᠪᠡᠰᠦ ᠨᠢ ᠨᠡᠩ ᠨᠣᠭᠣᠭᠠᠨ᠂ ᠣᠷᠴᠢᠨ ᠲᠣᠭᠣᠷᠢᠨ ᠨᠢ ᠨᠡᠩ ᠤᠶᠠᠨ ᠬᠠᠳᠠᠨ ᠴᠢᠨᠠᠷ ᠲᠠᠢ ᠠᠮᠢ ᠠᠬᠤᠢ ᠵᠢᠨ ᠵᠠᠰᠠᠯᠳᠠ ᠵᠢᠨ ᠰᠢᠨ᠎ᠡ ᠬᠠᠭᠤᠳᠠᠰᠤ ᠵᠢ ᠪᠢᠴᠢᠭᠯᠡᠵᠤ ᠪᠠᠢᠨ᠎ᠠ᠃