ᠪᠡᠶ᠎ᠡ᠎ᠶᠢᠨ ᠪᠠᠢᠴᠠᠭᠠᠯᠲᠠ᠎ᠶᠢᠨ ᠠᠵᠢᠯ ᠲᠥᠷᠥᠯ᠎ᠦᠨ ᠡᠮᠬᠢ ᠳᠢᠭ᠌ᠯᠢᠮ᠎ᠢ ᠵᠢᠷᠤᠮᠵᠢᠭᠤᠯᠬᠤ ᠬᠡᠷᠡᠭᠲᠡᠢ
2025-11-10 11:05:29
ᠵᠣᠬᠢᠶᠠᠭ᠍ᠴᠢ᠄
ᠱᠢ ᠹᠧᠩ
ᠣᠩᠱᠢᠭ᠍ᠰᠠᠨ ᠣᠳᠠᠭ᠎ᠠ᠄
★★★☆☆

ᠰᠠᠭᠤᠭᠠᠯᠢ ᠠᠷᠠᠳ᠎ᠤᠨ ᠡᠷᠡᠭᠦᠯ ᠮᠡᠨᠳᠦ᠎ᠶᠢᠨ ᠤᠬᠠᠮᠰᠠᠷ ᠳᠡᠭᠡᠭᠰᠢᠯᠡᠬᠦ᠎ᠶᠢ ᠳᠠᠭᠠᠯᠳᠤᠨ᠂ ᠮᠠᠨ᠎ᠤ ᠤᠯᠤᠰ᠎ᠤᠨ ᠡᠷᠡᠭᠦᠯ ᠮᠡᠨᠳᠦ᠎ᠶᠢᠨ ᠪᠡᠶ᠎ᠡ᠎ᠶᠢᠨ ᠪᠠᠢᠴᠠᠭᠠᠯᠲᠠ᠎ᠶᠢᠨ ᠬᠡᠷᠡᠭᠴᠡᠭᠡ ᠦᠷᠭᠦᠯᠵᠢᠯᠡᠨ ᠨᠡᠮᠡᠭᠳᠡᠵᠦ᠂ ᠬᠤᠳᠠᠯᠳᠤᠭᠠᠨ᠎ᠤ ᠪᠡᠶ᠎ᠡ᠎ᠶᠢᠨ ᠪᠠᠢᠴᠠᠭᠠᠯᠲᠠ᠎ᠶᠢᠨ ᠪᠠᠢᠭᠤᠯᠤᠮᠵᠢ ᠲᠠᠰᠤᠷᠠᠯᠲᠠ ᠦᠭᠡᠢ ᠬᠥᠭᠵᠢᠨ ᠪᠤᠵᠠᠭᠠᠢᠷᠠᠪᠠ᠃ ᠭᠡᠲᠡᠯ᠎ᠡ ᠣᠢᠷ᠎ᠠ᠎ᠳᠤ ᠵᠠᠷᠢᠮ ᠬᠤᠳᠠᠯᠳᠤᠭᠠᠨ᠎ᠤ ᠪᠡᠶ᠎ᠡ᠎ᠶᠢᠨ ᠪᠠᠢᠴᠠᠭᠠᠯᠲᠠ᠎ᠶᠢᠨ ᠪᠠᠢᠭᠤᠯᠤᠮᠵᠢ ᠡᠷᠡᠭᠦᠯ ᠮᠡᠨᠳᠦ᠎ᠶᠢᠨ ᠲᠣᠬᠠᠢ ᠵᠣᠪᠠᠨᠢᠯ᠎ᠢ ᠡᠬᠦᠰᠬᠡᠵᠦ᠂ ᠦᠢᠯᠡᠴᠢᠯᠡᠭᠡ᠎ᠶᠢᠨ ᠠᠭᠤᠯᠭ᠎ᠠ᠎ᠪᠡᠨ ᠪᠠᠯᠠᠷᠬᠠᠢᠳᠠᠭᠣᠯᠣᠨ᠂ ᠬᠡᠷᠡᠭᠯᠡᠭᠴᠢᠳ᠎ᠢ ᠬᠥᠲᠥᠯᠥᠨ ᠵᠢᠯᠤᠭᠣᠳᠴᠤ ᠪᠠᠢᠭᠠᠳ ᠪᠠᠢᠴᠠᠭᠠᠬᠤ ᠵᠦᠢᠯᠡᠰ᠎ᠢ ᠨᠡᠮᠡᠭᠳᠡᠭᠦᠯᠵᠦ ᠪᠣᠢ᠃ ᠡᠭᠦᠨ᠎ᠡᠴᠡ ᠭᠠᠳᠠᠨ᠎ᠠ ᠬᠡᠲᠦᠷᠬᠡᠢ ᠪᠠᠢᠴᠠᠭᠠᠬᠤ᠂ ᠪᠤᠷᠤᠭᠤ ᠣᠨᠣᠰᠢᠯᠠᠵᠤ ᠲᠣᠳᠠᠭᠣ ᠣᠨᠣᠰᠢᠯᠠᠬᠤ ᠵᠡᠷᠭᠡ ᠦᠵᠡᠭᠳᠡᠯ ᠪᠠᠰᠠ ᠪᠠᠢᠨ ᠳᠠᠬᠢᠨ ᠭᠠᠷᠴᠤ᠂ ᠬᠡᠷᠡᠭᠯᠡᠭᠴᠢᠳ᠎ᠦᠨ ᠢᠲᠡᠭᠡᠯ᠎ᠢ ᠠᠯᠳᠠᠭᠣᠯᠵᠦ ᠪᠠᠢᠨ᠎ᠠ᠃ ᠬᠡᠷᠬᠢᠨ ᠠᠵᠢᠯ ᠲᠥᠷᠥᠯ᠎ᠦᠨ ᠡᠮᠬᠢ ᠳᠢᠭ᠌ᠯᠢᠮ᠎ᠢ ᠵᠢᠷᠤᠮᠵᠢᠭᠤᠯᠵᠤ᠂ ᠡᠷᠡᠭᠦᠯ ᠮᠡᠨᠳᠦ᠎ᠶᠢᠨ ᠪᠡᠶ᠎ᠡ᠎ᠶᠢᠨ ᠪᠠᠢᠴᠠᠭᠠᠯᠲᠠ᠎ᠶᠢᠨ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠬᠤ ᠨᠢ ᠪᠠᠴᠢᠮ ᠰᠢᠢᠳᠪᠦᠷᠢᠯᠡᠬᠦ ᠴᠢᠬᠤᠯᠠᠲᠠᠢ ᠰᠡᠳᠦᠪ ᠪᠣᠯᠵᠠᠢ᠃ ᠣᠲᠣ᠌᠎ᠶᠢᠨ ᠬᠡᠷᠡᠭᠵᠢᠭᠦᠯᠵᠦ ᠪᠠᠢᠭ᠎ᠠ ᠡᠷᠡᠭᠦᠯ ᠮᠡᠨᠳᠦ᠎ᠶᠢᠨ ᠪᠡᠶ᠎ᠡ᠎ᠶᠢᠨ ᠪᠠᠢᠴᠠᠭᠠᠯᠲᠠ᠎ᠶᠢᠨ ᠬᠠᠮᠢᠶᠠᠷᠤᠯᠲᠠ᠎ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠡᠶ᠎ᠡ᠎ᠶᠢᠨ ᠪᠠᠢᠴᠠᠭᠠᠯᠲᠠ᠎ᠶᠢᠨ ᠪᠠᠢᠭᠤᠯᠤᠮᠵᠢ᠎ᠶᠢᠨ ᠬᠠᠷᠢᠭᠤᠴᠠᠯᠭ᠎ᠠ᠂ ᠡᠭᠦᠷᠭᠡ ᠵᠢᠴᠢ ᠲᠣᠭᠲᠠᠭᠠᠯ᠎ᠠᠴᠠ ᠵᠥᠷᠢᠴᠡᠭᠰᠡᠨ᠎ᠢ ᠰᠢᠢᠳᠬᠡᠬᠦ ᠪᠠᠷᠢᠮᠵᠢᠶ᠎ᠠ᠎ᠶᠢ ᠲᠣᠳᠣᠷᠬᠠᠢᠯᠠᠨ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠬᠢᠨᠠᠯᠲᠠ ᠬᠠᠮᠢᠶᠠᠷᠤᠯᠲᠠ ᠬᠢᠭᠡᠳ ᠬᠡᠷᠡᠭᠯᠡᠭᠴᠢᠳ᠎ᠦᠨ ᠡᠷᠬᠡ ᠠᠰᠢᠭ᠋᠎ᠢᠶᠠᠨ ᠬᠠᠮᠠᠭᠠᠯᠠᠬᠤ᠎ᠳᠤ ᠲᠣᠳᠣᠷᠬᠠᠢ ᠦᠨᠳᠦᠰᠦᠯᠡᠯ ᠬᠠᠩᠭᠠᠬᠤ ᠴᠢᠬᠤᠯᠠᠲᠠᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢ ᠪᠡᠶ᠎ᠡ᠎ᠶᠢᠨ ᠪᠠᠢᠴᠠᠭᠠᠯᠲᠠ᠎ᠶᠢᠨ ᠪᠠᠢᠭᠤᠯᠤᠮᠵᠢ᠎ᠶᠢᠨ ᠬᠢᠷᠢ ᠬᠡᠮ᠎ᠢ ᠬᠢᠨᠠᠨ ᠬᠠᠷᠭᠤᠭᠤᠯᠬᠤ᠂ ᠡᠳᠦᠷ ᠲᠤᠲᠤᠮ᠎ᠤᠨ ᠡᠵᠡᠩᠨᠡᠯᠲᠡ᠎ᠶᠢᠨ ᠬᠢᠨᠠᠯᠲᠠ ᠬᠠᠮᠢᠶᠠᠷᠤᠯᠲᠠ ᠵᠡᠷᠭᠡ ᠲᠠᠯ᠎ᠠ᠎ᠶᠢᠨ ᠬᠣᠭᠣᠰᠤᠨ᠎ᠢ ᠨᠥᠬᠥᠪᠦᠷᠢᠯᠡᠵᠦ᠂ ᠠᠵᠢᠯ ᠡᠷᠭᠢᠯᠡᠬᠦ ᠬᠢᠨᠠᠯᠲᠠ ᠬᠠᠮᠢᠶᠠᠷᠤᠯᠲᠠ᠎ᠶᠢ ᠴᠢᠩᠭᠠᠷᠠᠭᠤᠯᠬᠤ ᠬᠡᠷᠡᠭᠲᠡᠢ᠃ ᠪᠡᠶ᠎ᠡ᠎ᠶᠢᠨ ᠪᠠᠢᠴᠠᠭᠠᠯᠲᠠ᠎ᠶᠢᠨ ᠪᠠᠢᠭᠤᠯᠤᠮᠵᠢ ᠨᠢ ᠲᠡᠰ ᠲᠠᠷᠠᠭᠠᠯᠠᠯ᠎ᠤᠨ ᠬᠠᠮᠢᠶᠠᠷᠤᠯᠲᠠ᠎ᠶᠢ ᠴᠢᠩᠭᠠᠳᠬᠠᠵᠤ᠂ ᠦᠢᠯᠡᠴᠢᠯᠡᠭᠡᠨ᠎ᠦ ᠬᠢᠷᠢ ᠬᠡᠮᠵᠢᠶ᠎ᠡ᠎ᠶᠢ ᠳᠡᠭᠡᠭᠰᠢᠯᠡᠭᠦᠯᠦᠨ᠂ ᠪᠡᠶ᠎ᠡ᠎ᠶᠢᠨ ᠪᠠᠢᠴᠠᠭᠠᠯᠲᠠ᠎ᠶᠢᠨ ᠶᠠᠰᠤ ᠴᠢᠨᠠᠷ᠎ᠲᠤ ᠳᠦᠷᠢᠮ᠎ᠦᠨ ᠪᠠᠲᠤᠯᠠᠭ᠎ᠠ ᠬᠠᠩᠭᠠᠬᠣ ᠴᠢᠬᠤᠯᠠᠳᠠᠢ᠃ 


2e3dab8c-7eda-4818-9aaf-5ae57c1e0f29.png


ᠱᠧᠨ ᠬᠠᠢ ᠲᠤᠤ᠎ᠵᠢᠷᠣᠪᠠ


— 《ᠠᠵᠦ ᠠᠬᠣᠢ ᠵᠢᠨ ᠡᠳᠦᠷ᠎ᠦᠨ ᠰᠤᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号