ᠦᠪᠤᠷ ᠮᠤᠨᠭᠭᠤᠯ ᠬᠢᠮᠡᠯ ᠰᠢᠳᠤᠨ ᠎ᠤ ᠶᠠᠰᠤ ᠴᠢᠨᠠᠷ ᠎ᠤᠨ ᠠᠮᠤᠷ ᠲᠦᠪᠰᠢᠨ ᠎ᠤ ᠬᠢᠨᠡᠯᠳᠡ ᠬᠠᠮᠢᠶᠠᠷᠤᠯᠳᠠ ᠵᠢ ᠴᠢᠨᠭᠭᠠᠤᠨᠬᠠᠪᠠ
2025-11-10 09:48:51
ᠵᠣᠬᠢᠶᠠᠭ᠍ᠴᠢ᠄
​ᠡᠷᠳᠡᠨᠢᠬᠤᠸᠠᠷ
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠲᠦᠷᠦᠭᠦᠬᠡᠨ《ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠲᠤᠭᠠᠴᠢᠯᠠᠭᠰᠠᠨ ᠬᠡᠪ ᠲᠤ᠌ ᠮᠠᠲᠧᠷᠢᠶᠠᠯ ᠨᠡᠮᠡᠵᠦ ᠯᠠᠢᠰᠧᠷ ᠶ᠋ᠢᠡᠷ ᠬᠠᠢᠯᠤᠭᠤᠯᠤᠨ ᠤᠶᠠᠷᠠᠭᠤᠯᠬᠤ ᠮᠡᠷᠭᠡᠵᠢᠯ ᠶ᠋ᠢᠡᠷ ᠦᠢᠯᠡᠳᠦᠭᠰᠡᠨ ᠵᠠᠬᠢᠶᠠᠯᠠᠭ᠎ᠠ ᠶ᠋ᠢᠨ ᠬᠢᠮᠠᠯ ᠰᠢᠳᠤᠨ ᠤ᠋ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠭᠤᠤᠯᠳᠠᠯᠭ᠎ᠠ》 (ᠲᠤᠤᠷ᠎ᠠ 《ᠬᠠᠮᠢᠶᠠᠷᠤᠯᠳᠠ ᠵᠢᠨ ᠭᠤᠤᠯᠳᠠᠯᠭ᠎ᠠ》 ᠬᠡᠵᠤ ᠲᠦᠬᠦᠮᠴᠢᠯᠡᠪᠡ) ᠶ᠋ᠢ ᠨᠡᠢᠳᠡᠯᠡᠵᠦ᠂ ᠬᠢᠮᠠᠯ ᠰᠢᠳᠤᠨ ᠤ᠋ ᠶᠠᠰᠤ ᠴᠢᠨᠠᠷ ᠤ᠋ᠨ  ᠬᠢᠨᠠᠯᠳᠠ ᠬᠠᠮᠢᠶᠠᠷᠤᠯᠳᠠ ᠶ᠋ᠢ ᠴᠢᠩᠭᠠᠳᠬᠠᠪᠡ᠃

ᠲᠤᠭᠠᠴᠢᠯᠠᠭᠰᠠᠨ ᠬᠡᠪ ᠲᠤ᠌ ᠮᠠᠲᠧᠷᠢᠶᠠᠯ ᠨᠡᠮᠡᠵᠦ ᠦᠢᠯᠡᠳᠬᠦ ᠮᠡᠷᠭᠡᠵᠢᠯ ᠢ᠋ ᠶᠡᠷᠦᠳᠡᠭᠡᠨ 3D ᠳᠠᠷᠤᠮᠠᠯᠯᠠᠬᠤ ᠮᠡᠷᠭᠡᠵᠢᠯ ᠭᠡᠳᠡᠭ᠃ ᠠᠮᠠᠨ ᠬᠦᠨᠳᠡᠢ ᠶ᠋ᠢᠨ ᠡᠮᠴᠢᠯᠡᠭᠡᠨ ᠤ᠋ ᠮᠡᠷᠭᠡᠵᠢᠯ ᠤ᠋ᠨ ᠬᠦᠭᠵᠢᠯᠳᠡ ᠶ᠋ᠢ ᠳᠠᠭᠠᠯᠳᠤᠨ᠂ ᠤᠢᠷ᠎ᠠ ᠶ᠋ᠢᠨ ᠵᠢᠯ ᠳ᠋ᠤ ᠲᠤᠭᠠᠴᠢᠯᠠᠭᠰᠠᠨ ᠬᠡᠪ ᠲᠤ᠌ ᠮᠠᠲᠧᠷᠢᠶᠠᠯ ᠨᠡᠮᠡᠵᠦ ᠦᠢᠯᠡᠳᠬᠦ ᠮᠡᠷᠭᠡᠵᠢᠯ ᠢ᠋ ᠵᠠᠬᠢᠶᠠᠯᠠᠭ᠎ᠠ ᠶ᠋ᠢᠨ ᠬᠢᠮᠠᠯ ᠰᠢᠳᠤ ᠦᠢᠯᠡᠳᠪᠤᠷᠢᠯᠡᠬᠦ ᠳ᠋ᠤ ᠦᠷᠭᠡᠨ ᠳᠡᠯᠭᠡᠷ ᠬᠡᠷᠡᠭᠯᠡᠬᠦ ᠪᠤᠯᠵᠠᠢ᠃ ᠡᠨᠡ ᠬᠦ᠌ ᠰᠢᠨ᠎ᠠ ᠮᠡᠷᠭᠡᠵᠢᠯ ᠡᠴᠡ ᠪᠤᠯᠤᠭᠰᠠᠨ ᠶᠠᠰᠤ ᠴᠢᠨᠠᠷ ᠤ᠋ᠨ ᠠᠮᠦᠷ ᠲᠦᠪᠰᠢᠨ ᠤ᠋ ᠲᠦᠭᠰᠢᠭᠦᠷᠢ ᠬᠢᠭᠡᠳ ᠬᠢᠨᠠᠯᠳᠠ ᠬᠠᠮᠢᠶᠠᠷᠤᠯᠳᠠ ᠶ᠋ᠢᠨ ᠦᠷᠢᠰᠦᠯᠳᠦᠭᠡᠨ ᠤ᠋ ᠡᠮᠦᠨ᠎ᠠ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠡᠮ ᠤ᠋ᠨ ᠵᠦᠢᠯᠡᠰ ᠤ᠋ᠨ ᠬᠢᠨᠠᠯᠳᠠ ᠬᠠᠮᠢᠶᠠᠷᠤᠯᠳᠠ ᠶ᠋ᠢᠨ ᠲᠤᠪᠴᠢᠶ᠎ᠠ ᠪᠦᠬᠦ ᠤᠷᠤᠨ ᠤ᠋ ᠬᠤᠯᠪᠤᠭᠳᠠᠯ ᠪᠦᠬᠦᠢ ᠠᠵᠤ ᠦᠢᠯᠡᠰ ᠤ᠋ᠨ ᠬᠦᠭᠵᠢᠯᠳᠡ ᠶ᠋ᠢᠨ ᠪᠤᠳᠠᠳᠤ ᠪᠠᠢᠳᠠᠯ ᠢ᠋ ᠦᠨᠳᠦᠰᠦᠯᠡᠵᠤ᠂ ᠤᠳᠤᠬᠠᠨ ᠤ᠋ ᠬᠦᠴᠦᠨ ᠪᠦᠬᠦᠢ ᠬᠠᠤᠯᠢ ᠳᠤᠭᠳᠠᠭᠠᠯ ᠬᠢᠭᠡᠳ ᠪᠠᠷᠢᠮᠵᠢᠶ᠎ᠠ ᠶ᠋ᠢ ᠰᠢᠰᠲᠧᠮ ᠲᠠᠢ ᠨᠡᠢᠳᠭᠡᠬᠦ ᠶ᠋ᠢᠨ ᠬᠠᠮᠳᠤ ᠬᠦᠨᠵᠡᠭᠡᠢ ᠪᠠᠢᠴᠠᠭᠠᠨ ᠰᠤᠳᠤᠯᠤᠯᠳᠠ ᠬᠢᠬᠦ᠂ ᠰᠤᠷᠪᠤᠯᠵᠢ ᠪᠢᠴᠢᠭ ᠢ᠋ ᠬᠠᠢᠨ ᠦᠵᠡᠬᠦ ᠵᠢᠴᠢ ᠤᠯᠠᠨ ᠲᠦᠮᠡᠨ ᠡᠴᠡ ᠰᠠᠨᠠᠯ ᠰᠠᠨᠠᠭᠤᠯᠭ᠎ᠠ ᠠᠪᠬᠤ ᠵᠡᠷᠭᠡ ᠤᠯᠠᠨ ᠵᠦᠢᠯ ᠤ᠋ᠨ ᠠᠷᠭ᠎ᠠ ᠪᠠᠷᠢᠯ ᠶ᠋ᠢᠡᠷ ᠳᠠᠮᠵᠢᠨ 《ᠬᠠᠮᠢᠶᠠᠷᠤᠯᠳᠠ ᠵᠢᠨ ᠭᠤᠤᠯᠳᠠᠯᠭ᠎ᠠ》 ᠶ᠋ᠢ ᠲᠤᠭᠤᠷᠪᠢᠨ ᠳᠤᠭᠳᠠᠭᠠᠭᠰᠠᠨ ᠪᠠᠢᠨ᠎ᠠ᠃

《ᠬᠠᠮᠢᠶᠠᠷᠤᠯᠳᠠ ᠵᠢᠨ ᠭᠤᠤᠯᠳᠠᠯᠭ᠎ᠠ》ᠨᠢ ᠪᠠᠢᠭᠤᠯᠤᠮᠵᠢ ᠬᠢᠭᠡᠳ ᠠᠵᠢᠯᠳᠠᠨ᠂ ᠦᠢᠯᠡᠳᠪᠤᠷᠢ ᠶ᠋ᠢᠨ ᠲᠠᠰᠤᠭ ᠪᠠ ᠲᠦᠬᠦᠭᠡᠷᠦᠮᠵᠢ᠂ ᠲᠤᠨᠤᠭᠯᠠᠯ᠂ ᠪᠢᠴᠢᠭ ᠮᠠᠲᠧᠷᠢᠶᠠᠯ ᠤ᠋ᠨ ᠬᠠᠮᠢᠶᠠᠷᠤᠯᠳᠠ᠂ ᠲᠦᠰᠦᠪᠯᠡᠯ ᠨᠡᠭᠡᠭᠡᠯᠳᠡ᠂ ᠬᠤᠳᠠᠯᠳᠤᠨ ᠠᠪᠬᠤ᠂ ᠦᠢᠯᠡᠳᠪᠤᠷᠢᠯᠡᠯ ᠤ᠋ᠨ ᠬᠠᠮᠢᠶᠠᠷᠤᠯᠳᠠ᠂ ᠶᠠᠰᠤ ᠴᠢᠨᠠᠷ ᠤ᠋ᠨ ᠡᠵᠡᠮᠳᠡᠯ ᠵᠡᠷᠭᠡ 8 ᠲᠠᠯ᠎ᠠ ᠡᠴᠡ ᠲᠤᠭᠠᠴᠢᠯᠠᠭᠰᠠᠨ ᠬᠡᠪ ᠲᠤ᠌ ᠮᠠᠲᠧᠷᠢᠶᠠᠯ ᠨᠡᠮᠡᠵᠦ ᠯᠠᠢᠰᠧᠷ ᠶ᠋ᠢᠡᠷ ᠬᠠᠢᠯᠤᠭᠤᠯᠤᠨ ᠤᠶᠠᠷᠠᠭᠤᠯᠬᠤ ᠮᠡᠷᠭᠡᠵᠢᠯ ᠶ᠋ᠢᠡᠷ ᠵᠠᠬᠢᠶᠠᠯᠠᠭ᠎ᠠ ᠶ᠋ᠢᠨ ᠬᠢᠮᠠᠯ ᠰᠢᠳᠤ ᠦᠢᠯᠡᠳᠬᠦ ᠠᠵᠤ ᠠᠬᠤᠢᠯᠠᠯ ᠤ᠋ᠨ ᠬᠠᠮᠢᠶᠠᠷᠤᠯᠳᠠ ᠶ᠋ᠢᠨ ᠱᠠᠭᠠᠷᠳᠠᠯᠭ᠎ᠠ ᠶ᠋ᠢ ᠲᠤᠳᠤᠷᠬᠠᠢᠯᠠᠪᠠ᠃ ᠡᠭᠦᠨ ᠳ᠋ᠤ ᠲᠤᠰ ᠮᠡᠷᠭᠡᠵᠢᠯ ᠶ᠋ᠢᠡᠷ ᠦᠢᠯᠡᠳᠪᠤᠷᠢᠯᠡᠭᠰᠡᠨ ᠲᠡᠮᠦᠷᠯᠢᠭ ᠰᠢᠳᠦᠨ ᠪᠡᠶ᠎ᠠ᠂ ᠳᠤᠭᠳᠠᠪᠤᠷᠢᠵᠢᠭᠤᠯᠬᠤ ᠬᠤᠯᠪᠤᠭᠠᠰᠤ᠂ ᠰᠢᠬᠢᠳᠭᠡᠯ ᠪᠡᠶ᠎ᠠ᠂ ᠭᠤᠤᠷᠰᠤ᠂ ᠰᠠᠯᠭᠠᠵᠤ ᠪᠤᠯᠬᠤ ᠬᠢᠮᠠᠯ ᠰᠢᠳᠤᠨ ᠤ᠋ ᠴᠠᠬᠤ᠂ ᠪᠦᠬᠦᠳᠡ ᠬᠢᠮᠠᠯ ᠰᠢᠳᠤᠨ ᠤ᠋ ᠰᠠᠭᠤᠷᠢ ᠵᠡᠷᠭᠡ ᠵᠠᠬᠢᠶᠠᠯᠠᠭ᠎ᠠ ᠶ᠋ᠢᠨ ᠬᠢᠮᠠᠯ ᠰᠢᠳᠦᠨ ᠤ᠋ ᠦᠢᠯᠡᠳᠭᠦᠨ ᠢ᠋ ᠬᠠᠮᠤᠷᠴᠠᠢ᠃ 《ᠬᠠᠮᠢᠶᠠᠷᠤᠯᠳᠠ ᠵᠢᠨ ᠭᠤᠤᠯᠳᠠᠯᠭ᠎ᠠ》 ᠳ᠋ᠤ ᠪᠠᠰᠠ ᠬᠢᠮᠠᠯ ᠰᠢᠳᠦ ᠦᠢᠯᠡᠳᠬᠦ ᠳ᠋ᠤ ᠬᠡᠷᠡᠭᠯᠡᠬᠦ ᠮᠠᠲᠧᠷᠢᠶᠠᠯ ᠨᠢ ᠡᠷᠬᠡᠪᠰᠢ ᠬᠠᠤᠯᠢ ᠶᠤᠰᠤᠭᠠᠷ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠳᠠᠩᠰᠠᠯᠠᠭᠤᠯᠤᠭᠰᠠᠨ ᠦᠨᠡᠮᠯᠡᠯ ᠤᠯᠤᠭᠰᠠᠨ ᠺᠤᠪᠠᠯᠲ ᠾᠷᠤᠮ ᠤ᠋ᠨ ᠬᠠᠢᠯᠤᠰᠢ᠂ ᠲᠢᠲ᠋ᠠᠨ ᠪᠠ ᠲᠢᠲ᠋ᠠᠨ ᠤ᠋ ᠬᠠᠢᠯᠤᠰᠢ ᠵᠡᠷᠭᠡ ᠲᠡᠮᠦᠷᠯᠢᠭ ᠬᠢᠮᠠᠯ ᠰᠢᠳᠤ ᠦᠢᠯᠡᠳᠬᠦ ᠮᠠᠲᠧᠷᠢᠶᠠᠯ ᠪᠠᠢᠬᠤ ᠬᠡᠷᠡᠭᠳᠠᠢ ᠭᠡᠵᠦ ᠲᠤᠳᠤᠷᠬᠠᠢᠯᠠᠪᠠ᠃ ᠲᠤᠰ 《ᠬᠠᠮᠢᠶᠠᠷᠤᠯᠳᠠ ᠵᠢᠨ ᠭᠤᠤᠯᠳᠠᠯᠭ᠎ᠠ》 ᠶ᠋ᠢ ᠡᠮᠴᠢᠯᠡᠭᠡᠨ ᠤ᠋ ᠪᠠᠭᠠᠵᠢ ᠬᠡᠷᠡᠭᠰᠡᠯ ᠤ᠋ᠨ ᠦᠢᠯᠡᠳᠪᠤᠷᠢᠯᠡᠯ ᠤ᠋ᠨ ᠶᠠᠰᠤ ᠴᠢᠨᠠᠷ ᠤ᠋ᠨ ᠬᠠᠮᠢᠶᠠᠷᠤᠯᠳᠠ ᠶ᠋ᠢᠨ ᠬᠤᠯᠪᠤᠭᠳᠠᠯ ᠪᠦᠬᠦᠢ ᠬᠠᠤᠯᠢ ᠳᠤᠭᠳᠠᠭᠠᠯ ᠲᠠᠢ ᠬᠠᠮᠳᠤᠷᠠᠭᠤᠯᠤᠨ ᠬᠡᠷᠡᠭᠵᠢᠭᠦᠯᠵᠤ᠂ ᠳᠤᠬᠢᠷᠠᠬᠤ ᠴᠢᠨᠠᠷ ᠢ᠋ ᠨᠢ ᠦᠨᠳᠦᠰᠦᠯᠡᠨ ᠴᠠᠭ ᠲᠤᠬᠠᠢ ᠳ᠋ᠤᠨᠢ ᠵᠠᠰᠠᠪᠤᠷᠢ ᠤᠷᠤᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号