ᠤᠷ᠎ᠠ ᠴᠢᠳᠠᠪᠤᠷᠢ ᠵᠢ ᠭᠠᠢᠬᠠᠭᠤᠯᠤᠭᠰᠠᠨ ᠬᠦᠳᠡᠯᠮᠦᠷᠢ ᠮᠡᠷᠭᠡᠵᠢᠯ ᠎ᠤᠨ ᠤᠷᠤᠯᠳᠤᠭᠠᠨ
2025-11-10 11:08:35
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠯᠠᠱᠠ ᠠᠢᠮᠠᠭ᠎ᠤᠨ ᠠᠩᠬᠠᠳᠤᠭᠠᠷ ᠬᠤᠭᠤᠴᠠᠭᠠᠨ᠎ᠤ ᠰᠤᠷᠤᠭ᠍ᠴᠢᠳ᠎ᠤᠨ ᠬᠥᠳᠡᠯᠮᠦᠷᠢ ᠮᠡᠷᠭᠡᠵᠢᠯ᠎ᠤᠨ ᠤᠷᠤᠯᠳᠤᠭᠠᠨ ᠦᠢᠷ᠎ᠠ᠎ᠳᠤ ᠠᠯᠠᠱᠠ ᠵᠡᠭᠦᠨ ᠬᠤᠱᠢᠭᠤᠨ᠎ᠤ ᠬᠤᠶᠠᠳᠤᠭᠠᠷ ᠳᠤᠮᠳᠠᠳᠤ ᠰᠤᠷᠭᠠᠭᠤᠯᠢ᠎ᠳᠤ ᠶᠠᠪᠤᠭ᠍ᠳᠠᠪᠠ᠃ ᠤᠷᠤᠯᠳᠤᠭᠠᠨ᠎ᠳ᠋ᠤ ᠰᠤᠷᠤᠭᠴᠢᠳ᠎ᠤᠨ ᠨᠠᠰᠤᠨ᠎ᠤ ᠣᠨᠴᠠᠯᠢᠭ᠎ᠲᠤ᠎ᠳᠤᠬᠢᠷᠠᠭᠤᠯᠤᠨ᠂ ᠭᠤᠷᠪᠠᠳᠤᠭᠠᠷ ᠣᠨ᠎ᠠᠴᠠ ᠶᠢᠰᠦᠳᠦᠭᠡᠷ ᠣᠨ ᠬᠦᠷᠲᠡᠯᠡᠬᠢ ᠰᠤᠷᠤᠭ᠍ᠴᠢᠳ᠎ᠤᠨ ᠱᠠᠬᠠᠢ᠎ᠶ᠋ᠢᠨ ᠪᠣᠭᠤᠳᠠᠭ ᠤᠶᠠᠬᠤ᠂ ᠨᠤᠭᠤᠭ᠎ᠠ ᠵᠠᠭᠤᠰᠢ ᠪᠡᠯᠡᠳᠭᠡᠬᠦ᠂ ᠲᠡᠷᠭᠡᠨ᠎ᠤ ᠪᠤᠯᠤ ᠨᠥᠬᠦᠬᠦ᠌ ᠵᠡᠷᠭᠡ ᠠᠮᠢᠳᠤᠷᠠᠯ᠎ᠲᠠᠢ ᠬᠤᠯᠪᠤᠭ᠍ᠳᠠᠬᠤ ᠮᠡᠷᠭᠡᠵᠢᠯ᠎ᠤᠨ ᠵᠦᠢᠯ᠎ᠢ ᠲᠣᠬᠢᠷᠠᠭᠤᠯᠪᠠ᠃ ᠣᠢᠯᠠᠭᠠᠭ᠍ᠰᠠᠨ᠎ᠢᠶᠠᠷ᠂ ᠤᠷᠤᠯᠳᠤᠭᠠᠨ᠎ᠤ ᠲᠤᠬᠠᠢ᠎ᠶ᠋ᠢᠨ ᠲᠠᠯᠠᠪᠠᠢ᠎ᠳᠤ ᠬᠥᠳᠡᠯᠮᠦᠷᠢ᠎ᠶ᠋ᠢᠨ ᠦᠷ᠎ᠡ ᠪᠦᠲᠦᠭᠡᠯ᠎ᠤᠨ ᠦᠵᠡᠭᠦᠯᠭᠡ᠎ᠶ᠋ᠢᠨ ᠲᠣᠭᠤᠷᠢᠭ ᠲᠤᠬᠢᠷᠠᠭᠤᠯᠵᠦ᠍᠂ ᠰᠤᠷᠤᠭ᠍ᠴᠢᠳ᠎ᠤᠨ ᠤᠷᠤᠯᠳᠤᠭᠠᠨ᠎ᠳᠤ ᠤᠷᠤᠯᠴᠠᠭ᠍ᠰᠠᠨ ᠪᠦᠳᠦᠭᠡᠯ᠎ᠢ ᠳᠡᠯᠭᠡᠨ ᠦᠵᠡᠭᠦᠯᠦᠭᠰᠡᠨ ᠪᠦᠭᠡᠳ ᠱᠠᠩᠨᠠᠯ ᠣᠯᠣᠭ᠍ᠰᠠᠨ ᠰᠤᠷᠤᠭ᠍ᠴᠢᠳ ᠣᠯᠣᠯᠲᠠ ᠲᠥᠷᠥᠭ᠌ᠳᠡᠯ᠎ᠢᠶᠠᠨ ᠬᠤᠪᠢᠶᠠᠯᠴᠠᠨ᠂ ᠬᠥᠳᠡᠯᠮᠦᠷᠢ᠎ᠶ᠋ᠢᠨ ᠥᠷᠲᠡᠭ᠎ᠢ ᠤᠯᠠᠨ᠎ᠳᠤ ᠮᠡᠳᠡᠷᠡᠭᠦᠯᠵᠦ᠍᠂ ᠮᠡᠷᠭᠡᠵᠢᠯ ᠴᠢᠳᠠᠪᠤᠷᠢ᠎ᠪᠠᠨ ᠳᠡᠭᠡᠭ᠌ᠰᠢᠯᠡᠭᠦᠯᠬᠦ᠌᠂ ᠬᠦᠴᠦ᠍ ᠬᠦᠯᠦᠰᠦ ᠭᠠᠷᠭᠠᠬᠤ᠂ ᠲᠠᠪᠳᠠᠨ ᠪᠤᠯᠪᠠᠰᠤᠷᠠᠬᠤ᠂ ᠡᠷᠴᠢ ᠵᠤᠷᠢᠭ᠎ᠢᠶᠠᠨ ᠬᠠᠲᠠᠭᠤᠵᠢᠭᠤᠯᠬᠤ᠎ᠵᠢᠡ ᠴᠢᠬᠤᠯᠠ ᠴᠢᠨᠠᠷ ᠢ᠋  ᠲᠠᠨᠢᠭᠤᠯᠪᠠ᠃ 


QQ20251110-105505.png


ᠲᠡᠮᠦᠷ ᠬᠠᠢᠷᠴᠠᠭ ᠬᠢᠨ᠎ᠡ


QQ20251110-105514.png


ᠴᠠᠭᠠᠰᠤᠨ ᠬᠠᠢᠴᠢᠯᠠᠮᠠᠯ ᠬᠠᠢᠴᠢᠯᠠᠨ᠎ᠠ


ᠴᠡᠯᠡᠭᠡᠷ      ᠬᠠᠨ ᠸᠧᠢ      ᠰᠡᠭᠦᠳᠡᠷᠯᠡᠨ ᠮᠡᠳᠡᠭᠡᠯᠡᠪᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号